ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠪᠤᠶᠠᠨᠳᠦ᠋ᠭᠦᠷᠡᠩ᠂

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠪᠤᠶᠠᠨᠳᠦ᠋ᠭᠦᠷᠡᠩ᠂ ( 1934~ ) ᠬᠢᠨᠠᠨ ᠣᠷᠴᠢᠭᠤᠯᠤᠭᠴᠢ᠃ ᠥᠪᠦᠷ ᠮᠣᠩᠭᠤᠯ ᠤ᠋ᠨ ᠠᠷᠤ ᠬᠣᠷᠴᠢᠨ ᠬᠣᠰᠢᠭᠤᠨ ᠳᠤ ᠲᠥᠷᠦᠵᠡᠢ᠃ 1954 ᠣᠨ ᠳᠤ ᠥᠪᠦᠷ ᠮᠣᠩᠭᠤᠯ ᠤ᠋ᠨ ᠮᠣᠩᠭᠤᠯ ᠬᠡᠯᠡ ᠪᠢᠴᠢᠭ ᠦᠨ    ᠲᠤᠰᠭᠠᠢ ᠮᠡᠷᠭᠡᠵᠢᠯ ᠦᠨ ᠰᠤᠷᠭᠠᠭᠤᠯᠢ ᠶᠢ ᠲᠡᠭᠦᠰᠭᠡᠭᠡᠳ ᠥᠪᠦᠷ ᠮᠣᠩᠭᠤᠯ ᠤ᠋ᠨ ᠠᠷᠠᠳ  ᠤᠨ ᠬᠡᠪᠯᠡᠯ ᠦᠨ ᠬᠣᠷᠢᠶ᠎ᠠ ᠳᠤ ᠠᠵᠢᠯ ᠬᠤᠪᠢᠶᠠᠭᠳᠠᠨ ᠤᠳᠭ᠎ᠠ ᠵᠣᠬᠢᠶᠠᠯ  ᠤᠨ ᠨᠠᠢᠷᠠᠭᠤᠯᠤᠭᠴᠢ ᠪᠣᠯᠪᠠ᠃ 1962 ᠣᠨ ᠳᠤ ᠥᠪᠦᠷ ᠮᠣᠩᠭᠤᠯ ᠤ᠋ᠨ ᠶᠡᠬᠡ ᠰᠤᠷᠭᠠᠭᠤᠯᠢ  ᠵᠢᠨ ᠤᠳᠭ᠎ᠠ ᠵᠣᠬᠢᠶᠠᠯ ᠤᠷᠠᠯᠢᠭ ᠰᠤᠳᠤᠯᠬᠤ ᠠᠩᠭᠢ ᠳᠤ ᠣᠷᠤᠵᠤ᠂ ᠳᠥᠷᠪᠡᠨ ᠵᠢᠯ ᠰᠤᠷᠤᠯᠴᠠᠭᠠᠳ 《ᠥᠨᠢᠷ ᠴᠡᠴᠡᠭ》 ᠰᠡᠳᠭᠦᠯ ᠳ᠋ᠦ᠍ ᠳᠡᠳ᠋ ᠭᠣᠣᠯ ᠨᠠᠢᠷᠠᠭᠤᠯᠤᠭᠴᠢ  ᠵᠢᠨ ᠲᠤᠰᠢᠶᠠᠯ ᠬᠦᠯᠢᠶᠡᠪᠡ᠃ 1970 ᠣᠨ ᠳᠤ ᠠᠵᠢᠯ ᠰᠢᠯᠵᠢᠨ ᠲᠥᠪ ᠦ᠋ᠨ ᠠᠷᠠᠳ  ᠤᠨ ᠷᠠᠳᠢᠣ᠋ ᠨᠡᠪᠲᠡᠷᠡᠭᠦᠯᠭᠡ  ᠵᠢᠨ ᠬᠣᠷᠢᠶ᠎ᠠ ᠳᠤ ᠬᠦᠷ ᠴᠤ᠌ ᠮᠣᠩᠭᠤᠯ ᠬᠡᠯᠡᠨ ᠦ ᠨᠡᠪᠲᠡᠷᠡᠭᠦᠯᠭᠡ  ᠵᠢᠨ ᠠᠵᠢᠯ ᠢ ᠬᠠᠷᠢᠭᠤᠴᠠᠪᠠ᠃ 1982 ᠣᠨ ᠳᠤ ᠥᠪᠦᠷ ᠮᠣᠩᠭᠤᠯ ᠤ᠋ᠨ ᠠᠷᠠᠳ  ᠤᠨ ᠷᠠᠳᠢᠣ᠋ ᠬᠣᠷᠢᠶ᠎ᠠ ᠳᠤ ᠢᠷᠠᠵᠤ ᠮᠣᠩᠭᠤᠯ ᠰᠣᠨᠢᠨ ᠮᠡᠳᠡᠭᠡ  ᠵᠢᠨ ᠬᠡᠯᠲᠡᠰ ᠲᠦ ᠬᠠᠷᠢᠭᠤᠴᠠᠯᠭᠠᠲᠠᠨ ᠢᠶᠠᠷ ᠪᠠᠢᠵᠤ᠂ 1984 ᠣᠨ ᠳᠤ ᠮᠣᠩᠭᠤᠯ ᠤᠳᠭ᠎ᠠ ᠤᠷᠠᠯᠢᠭ  ᠤᠨ ᠬᠡᠯᠲᠡᠰ ᠦᠨ ᠡᠷᠬᠢᠯᠡᠭᠴᠢ ᠪᠣᠯᠪᠠ᠃ 1988 ᠣᠨ ᠳᠤ ᠥᠪᠦᠷ ᠮᠣᠩᠭᠤᠯ ᠤ᠋ᠨ ᠷᠠᠳᠢᠣ᠋ ᠲᠧᠯᠸᠢᠰ ᠰᠤᠳᠤᠯᠬᠤ ᠭᠠᠵᠠᠷ  ᠤᠨ ᠤᠳᠤᠷᠢᠳᠤᠯᠭ᠎ᠠ ᠪᠣᠯᠵᠤ᠂ 《ᠥᠪᠦᠷ ᠮᠣᠩᠭᠤᠯ ᠤ᠋ᠨ ᠷᠠᠳᠢᠣ᠋ ᠲᠧᠯᠸᠢᠰ》 ᠰᠡᠳᠭᠦᠯ ᠦ᠋ᠨ ᠳᠡᠳ᠋ ᠭᠣᠣᠯ ᠨᠠᠢᠷᠠᠭᠤᠯᠤᠭᠴᠢ  ᠵᠢᠨ ᠠᠵᠢᠯ ᠢ ᠬᠠᠪᠰᠤᠷᠭᠠᠨ ᠡᠷᠬᠢᠯᠡᠪᠡ᠃ ᠳᠥᠴᠢ ᠭᠠᠷᠤᠶ ᠵᠢᠯ ᠷᠠᠳᠢᠣ᠋ ᠰᠣᠨᠢᠨ ᠮᠡᠳᠡᠭᠡ ᠪᠠ ᠨᠣᠮ ᠬᠡᠪᠯᠡᠯ᠂ ᠰᠡᠳᠭᠦᠯ ᠨᠠᠢᠷᠠᠭᠤᠯᠵᠤ ᠣᠷᠴᠢᠭᠤᠯᠬᠤ ᠠᠵᠢᠯ ᠬᠢᠵᠦ ᠨᠠᠮ  ᠤᠨ ᠰᠤᠷᠲᠠᠯ ᠤᠬᠠᠭᠤᠯᠭ᠎ᠠ  ᠵᠢᠨ ᠠᠵᠢᠯ ᠪᠠ ᠦᠨᠳᠦᠰᠦᠲᠡᠨ ᠦ ᠦᠭᠡ ᠬᠡᠯᠡ ᠦᠰᠥᠭ ᠪᠢᠴᠢᠭ ᠢ ᠬᠡᠷᠡᠭᠯᠡᠵᠦ ᠬᠥᠭᠵᠢᠭᠦᠯᠬᠦ ᠲᠠᠯ᠎ᠠ ᠪᠠᠷ ᠴᠥᠬᠦᠷᠡᠰᠢ ᠦᠬᠡᠶ ᠴᠢᠷᠮᠠᠢᠵᠠᠢ᠃ ᠲᠠᠪᠢᠭᠠᠳ ᠣᠨ ᠤ ᠦᠶ᠎ᠡ ᠳᠦ 《ᠮᠠᠤ ᠽᠸ ᠳ᠋ᠦᠩ ᠦᠨ ᠰᠣᠩᠭᠤᠮᠠᠯ ᠵᠣᠬᠢᠶᠠᠯ》᠂ 《ᠮᠠᠤ ᠽᠸ ᠳ᠋ᠦᠩ ᠦᠨ ᠰᠢᠯᠦᠭ ᠳᠠᠭᠤᠯᠠᠯ ᠬᠣᠷᠵᠢᠨ ᠨᠢᠭᠡᠨ ᠪᠠᠳᠠᠭ》  ᠤᠨ ᠣᠷᠴᠢᠭᠤᠯᠭ᠎ᠠ ᠳᠤ ᠣᠷᠤᠯᠴᠠᠭᠰᠠᠨ ᠪᠥᠭᠡᠳ ᠤᠷᠢᠳ ᠬᠣᠵᠢᠳ 《ᠸᠠᠩ ᠿᠦᠸᠸ ᠹᠧᠶ ᠰ᠌ᠣᠷᠣᠩ ᠳᠤ》᠂ 《ᠪᠣᠯᠤᠷ ᠣᠷᠳᠤᠨ》᠂ 《ᠴᠠᠰᠤ   ᠲᠦ᠍ ᠣᠶ ᠳᠤ》᠂ 《ᠰᠠᠷᠠᠭᠤᠯ ᠵᠠᠮ》᠂ 《ᠯᠢ ᠰ᠌ᠤᠸᠠᠩ ᠰ᠌ᠤᠸᠠᠩ  ᠤᠨ ᠨᠠᠮᠲᠠᠷ》᠂ 《ᠮᠠᠨ ᠤ ᠨᠡᠢᠭᠡᠮ ᠵᠢᠷᠤᠮ   ᠲᠦ᠍ ᠤᠳᠭ᠎ᠠ ᠵᠣᠬᠢᠶᠠᠯ  ᠤᠨ ᠤᠷᠠᠯᠢᠭ  ᠤᠨ ᠵᠠᠮ》᠂ 《ᠤᠷᠤᠭᠰᠢᠯᠠᠵᠤ ᠪᠠᠢᠭ᠎ᠠ ᠥᠪᠦᠷ ᠮᠣᠩᠭᠤᠯ ᠤ᠋ᠨ ᠰᠢᠨ᠎ᠡ ᠰᠣᠶᠤᠯ》᠂ 《ᠬᠥᠭᠵᠢᠮ ᠦ᠋ᠨ ᠵᠣᠷ》᠂ 《ᠨᠠᠮᠢᠷᠠᠵᠤ ᠪᠠᠢᠭ᠎ᠠ ᠤᠯᠠᠭᠠᠨ    ᠲᠤᠭ》᠂ 《ᠠᠳᠠᠯ ᠪᠣᠰᠭᠠᠭᠰᠠᠨ ᠲᠡᠦᠬᠡ》᠂ 《ᠦᠳᠥᠨ ᠳᠡᠪᠡᠯ》᠂ 《ᠶᠡᠷᠦ ᠪᠤᠰᠤ  ᠵᠢᠨ ᠠᠭᠤᠯᠵᠠᠯᠲᠠ》 ᠵᠡᠷᠭᠡ ᠬᠣᠷᠢ ᠭᠠᠷᠤᠶ ᠨᠣᠮ ᠵᠣᠬᠢᠶᠠᠯ ᠢ ᠣᠷᠴᠢᠭᠤᠯᠤᠭᠰᠠᠨ ᠪᠤᠶᠤ ᠬᠢᠨᠠᠵᠤ ᠬᠡᠪᠯᠡᠭᠦᠯᠵᠡᠢ᠃