ᠨᠡᠷ᠎ᠡ:
ᠪᠦᠷᠢᠨᠪᠡᠶᠡᠷ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠪᠦᠷᠢᠨᠪᠡᠶᠡᠷ ( 1953—— ) ᠬᠢᠨᠠᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠵᠢᠷᠢᠮ ᠠᠢᠮᠠᠭ ᠤᠨ ᠬᠣᠷᠴᠢᠨ ᠵᠡᠭᠦᠨ ᠭᠠᠷ ᠤᠨ ᠬᠣᠢᠲᠤ ᠬᠣᠰᠢᠭᠤᠨ ᠳᠤ ᠲᠥᠷᠦᠵᠡᠢ᠃ 1960 ᠣᠨ ᠳᠤ ᠪᠠᠭ᠎ᠠ ᠰᠤᠷᠭᠠᠭᠤᠯᠢ ᠵᠢᠨ ᠪᠢᠴᠢᠭ ᠦᠵᠡᠵᠦ᠂ 1965 ᠣᠨ ᠳᠤ ᠰᠢᠯᠢ ᠵᠢᠨ ᠭᠣᠣᠯ ᠠᠢᠮᠠᠭ ᠤᠨ ᠵᠡᠭᠦᠨ ᠦᠵᠦᠮᠦᠴᠢᠨ ᠬᠣᠰᠢᠭᠤᠨ ᠤ ᠳᠤᠮᠳᠠᠳᠤ ᠰᠤᠷᠭᠠᠭᠤᠯᠢ ᠳᠤ ᠣᠷᠤᠵᠤ᠂ 1968 ᠣᠨ ᠳᠤ ᠰᠤᠷᠤᠯᠭ᠎ᠠ ᠪᠠᠨ ᠲᠡᠭᠦᠰᠭᠡᠭᠡᠳ᠂ ᠮᠥᠨ ᠬᠣᠰᠢᠭᠤᠨ ᠳᠠᠭᠠᠨ ᠬᠥᠳᠡᠭᠡ ᠪᠠᠭᠤᠵᠤ ᠶᠠᠳᠠᠭᠤ ᠮᠠᠯᠴᠢᠨ ᠶᠠᠳᠠᠭᠤᠯᠢᠭ ᠳᠤᠮᠳᠠ ᠮᠠᠯᠴᠢᠨ ᠤ ᠳᠠᠬᠵᠢᠨ ᠰᠤᠷᠭᠠᠨ ᠬᠥᠮᠦᠵᠢᠯ ᠬᠦᠷᠲᠡᠵᠡᠶ᠃ ᠡᠨᠡ ᠬᠤᠭᠤᠴᠠᠭᠠᠨ ᠳᠤ ᠮᠠᠯ ᠮᠠᠯᠵᠢᠬᠤ᠂ ᠲᠠᠷᠢᠶ᠎ᠠ ᠲᠠᠷᠢᠬᠤ᠂ ᠦᠨᠳᠦᠰᠦᠨ ᠪᠦᠲᠦᠭᠡᠨ ᠪᠠᠢᠭᠤᠯᠤᠯᠲᠠ ᠬᠢᠬᠦ ᠵᠡᠷᠭᠡ ᠠᠵᠢᠯ ᠬᠥᠳᠡᠯᠮᠦᠷᠢ ᠳ᠋ᠦ᠍ ᠣᠷᠤᠯᠴᠠᠭᠰᠠᠨ ᠪᠥᠭᠡᠳ ᠪᠠᠭ᠎ᠠ ᠰᠤᠷᠭᠠᠭᠤᠯᠢ ᠵᠢᠨ ᠪᠠᠭᠰᠢ᠂ ᠮᠡᠳᠡᠭᠡ ᠵᠠᠩᠭᠢ ᠬᠦᠷᠭᠡᠭᠴᠢ᠂ ᠪᠡᠯᠡᠨ ᠮᠥᠩᠭᠦ ᠬᠠᠮᠢᠶᠠᠷᠤᠭᠴᠢ ᠴᠤ᠌ ᠪᠣᠯᠵᠤ ᠥᠩᠭᠡᠷᠡᠵᠡᠢ᠃ 1975 ᠣᠨ ᠳᠤ ᠲᠥᠪ ᠦ᠋ᠨ ᠦᠨᠳᠦᠰᠦᠲᠡᠨ ᠦ ᠳᠡᠭᠡᠳᠦ ᠰᠤᠷᠭᠠᠭᠤᠯᠢ ᠲᠡᠭᠦᠰᠦᠭᠡᠳ᠂ ᠰᠢᠯᠢ ᠵᠢᠨ ᠭᠣᠣᠯ ᠠᠢᠮᠠᠭ ᠤᠨ ᠨᠠᠮ ᠤᠨ ᠬᠣᠷᠢᠶᠠᠨ ᠤ᠋ ᠠᠯᠪᠠᠨ ᠬᠡᠷ ᠲᠦ ᠣᠷᠴᠢᠭᠤᠯᠤᠭᠴᠢ ᠪᠣᠯᠵᠠᠢ᠃ 1980 ᠣᠨ ᠤ 8 ᠰᠠᠷ᠎ᠠ ᠳᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ᠋ ᠤᠬᠠᠭᠤᠯᠬᠤ ᠬᠡᠯᠲᠡᠰ ᠲᠦ ᠠᠵᠢᠯ ᠰᠢᠯᠵᠢᠨ᠂ ᠤᠷᠢᠳ ᠬᠣᠵᠢᠳ ᠺᠠᠲᠠᠷ ᠬᠠᠮᠢᠶᠠᠷᠬᠤ ᠭᠠᠵᠠᠷ᠂ ᠬᠡᠯᠲᠡᠰ ᠦᠨ ᠠᠯᠪᠠᠨ ᠬᠡᠷ ᠦᠨ ᠳᠡᠳ᠋ ᠭᠠᠵᠠᠷ ᠤᠨ ᠳᠠᠷᠤᠭ᠎ᠠ᠂ ᠳᠡᠳ᠋ ᠡᠷᠬᠢᠯᠡᠭᠴᠢ᠂ ᠭᠠᠵᠠᠷ ᠤᠨ ᠳᠠᠷᠤᠭ᠎ᠠ ᠵᠢᠨ ᠲᠤᠰᠢᠶᠠᠯ ᠡᠭᠦᠷᠭᠡᠯᠡᠵᠦ ᠥᠩᠭᠡᠷᠡᠪᠡ᠃ ᠲᠤᠰ ᠬᠤᠭᠤᠴᠠᠭᠠᠨ ᠳᠠᠭᠠᠨ ᠪᠠᠰᠠ 《ᠥᠪᠦᠷ ᠮᠣᠩᠭᠤᠯ ᠤ᠋ᠨ ᠤᠬᠠᠭᠤᠯᠭ᠎ᠠ》᠂ 《ᠣᠨᠤᠯ ᠤ᠋ᠨ ᠰᠤᠷᠤᠯᠴᠠᠯᠭ᠎ᠠ》 ᠵᠡᠷᠭᠡ ᠤᠬᠠᠭᠤᠯᠭ᠎ᠠ ᠵᠢᠨ ᠰᠡᠳᠭᠦᠯ ᠦ᠋ᠨ ᠣᠷᠴᠢᠭᠤᠯᠭ᠎ᠠ ᠵᠢᠨ ᠠᠵᠢᠯ ᠳᠤ ᠣᠷᠤᠯᠴᠠᠭᠰᠠᠨ ᠪᠤᠶᠤ ᠣᠷᠴᠢᠭᠤᠯᠭ᠎ᠠ ᠵᠢᠨ ᠡᠬᠡ ᠪᠢᠴᠢᠭ ᠬᠢᠨᠠᠨ ᠲᠣᠭᠲᠠᠭᠠᠬᠤ ᠠᠵᠢᠯ ᠡᠭᠦᠷᠭᠡᠯᠡᠵᠦ᠂ ᠲᠥᠪ ᠦ᠋ᠨ ᠭᠠᠳᠠᠭᠠᠳᠤ ᠤᠬᠠᠭᠤᠯᠭ᠎ᠠ ᠵᠢᠨ ᠠᠯᠪᠠᠨ ᠬᠡᠷ ᠡᠴᠡ ᠥᠪᠦᠷ ᠮᠣᠩᠭᠤᠯ ᠤ᠋ᠨ ᠨᠠᠮ ᠤᠨ ᠬᠣᠷᠢᠶ᠎ᠠ ᠳᠤ ᠨᠠᠢᠳᠠᠨ ᠡᠷᠬᠢᠯᠡᠭᠦᠯᠦᠭᠰᠡᠨ ᠣᠷᠤᠰ ᠮᠣᠩᠭᠤᠯ ᠤ᠋ᠨ ᠤᠩᠰᠢᠭᠴᠢᠳ ᠲᠦ᠍ ᠵᠣᠷᠢᠭᠤᠯᠤᠭᠰᠠᠨ ᠭᠠᠳᠠᠭᠠᠳᠤ ᠤᠬᠠᠭᠤᠯᠭ᠎ᠠ ᠵᠢᠨ ᠰᠡᠳᠭᠦᠯ 《ᠰᠣᠯᠤᠩᠭ᠎ᠠ》 ᠰᠡᠳᠭᠦᠯ 《ᠰᠠᠷ᠎ᠠ ᠵᠢᠨ ᠰᠡᠳᠭᠦᠯ ) ᠦᠨ ᠨᠠᠢᠷᠠᠭᠤᠯᠬᠤ ᠺᠣᠮᠢᠰ ᠤᠨ ᠭᠡᠰᠢᠭᠦᠨ ᠢᠶᠡᠷ ᠤᠷᠢᠭᠳᠠᠵᠤ᠂ ᠡᠬᠡ ᠪᠢᠴᠢᠭ ᠦᠨ ᠡ ᠴᠤ᠌ᠰ ᠦᠨ ᠬᠢᠨᠠᠯᠲᠠ ᠶᠢ ᠬᠠᠷᠢᠭᠤᠴᠠᠵᠤ ᠪᠠᠢᠵᠠᠢ᠃ 1994 ᠣᠨ ᠤ 2 ᠰᠠᠷ᠎ᠠ ᠠᠴᠠ᠂ ᠥᠪᠦᠷ ᠮᠣᠩᠭᠤᠯ ᠤ᠋ᠨ ᠨᠠᠮ ᠤᠨ ᠬᠣᠷᠢᠶ᠎ᠠ ᠠᠴᠠ ᠡᠷᠬᠢᠯᠡᠵᠦ ᠪᠠᠢᠭ᠎ᠠ 《ᠦᠢᠯᠡᠳᠦᠯᠭᠡ》 ᠰᠡᠳᠭᠦᠯ ᠦ᠋ᠨ ᠳᠡᠳ᠋ ᠶᠡᠷᠦᠩᠬᠡᠶ ᠨᠠᠢᠷᠠᠭᠤᠯᠤᠭᠴᠢ ᠪᠠᠷ ᠲᠣᠮᠢᠯᠠᠭᠳᠠᠨ᠂ ᠮᠣᠩᠭᠤᠯ ᠬᠡᠪᠯᠡᠯ ᠦᠨ ᠠᠵᠢᠯ ᠢ ᠤᠳᠤᠷᠢᠳ ᠤᠨ ᠬᠠᠷᠢᠭᠤᠴᠠᠵᠤ ᠥᠩᠭᠡᠷᠡᠪᠡ᠃ 1995 ᠣᠨ ᠤ 1.1 ᠰᠠᠷ᠎ᠠ ᠳᠤ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶᠠᠨ ᠤ᠋ ᠶᠡᠷᠦᠩᠬᠡᠶ ᠨᠠᠢᠷᠠᠭᠤᠯᠤᠭᠴᠢ ᠵᠢᠨ ᠲᠤᠰᠢᠶᠠᠯ ᠢ ᠡᠭᠦᠷᠭᠡᠯᠡᠪᠡ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠡᠪᠯᠡᠯ ᠦᠨ ᠠᠵᠢᠯᠲᠠᠳ ᠤᠨ ᠨᠡᠢᠭᠡᠮᠯᠢᠭ ᠦᠨ ᠳᠡᠳ᠋ ᠲᠡᠷᠢᠭᠦᠯᠡᠭᠴᠢ᠃ ᠳᠤᠮᠳᠠᠳᠤ ᠤᠯᠤᠰ ᠤᠨ ᠨᠠᠢᠷᠠᠭᠤᠯᠤᠭᠴᠢᠳ ᠤᠨ ᠨᠡᠢᠭᠡᠮᠯᠢᠭ ᠦᠨ ᠪᠠᠢᠩᠭᠤ ᠵᠢᠨ ᠬᠡᠷᠡᠭ ᠡᠷᠬᠢᠯᠡᠭᠴᠢ᠃ ᠰᠡᠳᠭᠦᠯ ᠦ᠋ᠨ ᠶᠡᠷᠦᠩᠬᠡᠶ ᠨᠠᠢᠷᠠᠭᠤᠯᠤᠭᠴᠢ ᠵᠢᠨ ᠲᠤᠰᠢᠶᠠᠯ ᠢ ᠡᠭᠦᠷᠭᠡᠯᠡᠵᠡᠢ᠃ ᠲᠤᠰ ᠬᠤᠭᠤᠴᠠᠭᠠᠨ ᠳᠤ᠂ ᠬᠢᠲᠠᠳ ᠮᠣᠩᠭᠤᠯ ᠨᠣᠮ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠷᠭᠡᠨ ᠣᠯᠠᠨ ᠤᠩᠰᠢᠭᠴᠢᠳ ᠤᠨ ᠱᠠᠭᠠᠷᠳᠠᠯᠭ᠎ᠠ ᠶᠢ ᠰᠠᠵᠢᠨ ᠬᠠᠩᠭᠠᠬᠤ ᠲᠠᠯ᠎ᠠ ᠳᠤ ᠠᠩᠬᠠᠷᠤᠯ ᠲᠠᠯᠪᠢᠵᠤ᠂ ᠨᠡᠯᠢᠶᠡᠳ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪ ᠴᠤ᠌ ᠬᠡᠳᠦᠨ ᠵᠢᠯ ᠴᠢᠷᠮᠠᠢᠭᠰᠠᠨ ᠢᠶᠠᠷ᠂ ᠬᠡᠪᠯᠡᠯ ᠦᠨ ᠬᠣᠷᠢᠶᠠᠨ ᠤ᠋ ᠨᠣᠮ ᠪᠢᠴᠢᠭ ᠦᠨ ᠲᠥᠷᠦᠯ ᠵᠦᠢᠯ ᠲᠣᠭ᠎ᠠ ᠬᠡᠮᠵᠢᠶ᠎ᠡ ᠢᠳᠡᠭ ᠢᠳᠡᠭ ᠢᠶᠡᠷ ᠨᠡᠮᠡᠭᠳᠡᠭᠰᠡᠨ ᠢᠶᠡᠷ ᠦᠯᠥ ᠪᠠᠷᠠᠮ᠂ ᠨᠣᠮ ᠪᠢᠴᠢᠭ ᠦᠨ ᠪᠦᠲᠦᠴᠡ ᠪᠠ ᠶᠠᠰᠤ ᠴᠢᠨᠠᠷ ᠴᠤ᠌ ᠶᠡᠬᠡᠬᠡᠨ ᠰᠠᠢᠵᠢᠷᠠᠵᠤ᠂ ᠤᠩᠰᠢᠭᠴᠢᠳ ᠪᠠ ᠨᠡᠢᠭᠡᠮ ᠦ᠋ᠨ ᠬᠵᠢᠨ ᠳ᠋ᠦ᠍ ᠲᠠᠭᠠᠯᠠᠭᠳᠠᠭᠰᠠᠨ ᠨᠣᠮ ᠣᠯᠠᠰᠢᠷᠠᠵᠠᠢ᠃ ᠥᠪᠡᠷᠲᠡᠭᠡᠨ ᠵᠠᠰᠠᠬᠤ ᠣᠷᠤᠨ ᠤ᠋ ᠰᠣᠶᠤᠯ ᠤ᠋ᠨ ᠪᠦᠲᠦᠭᠡᠨ ᠪᠠᠢᠭᠤᠯᠤᠯᠲᠠ ᠳᠤ ᠶᠡᠬᠡᠬᠡᠨ ᠬᠤᠪᠢ ᠨᠡᠮᠡᠷᠢ ᠪᠣᠯᠤᠭᠰᠠᠨ ᠪᠠ ᠠᠯᠤᠰ ᠬᠡᠲᠦ ᠵᠢᠨ ᠠᠴᠢ ᠬᠣᠯᠪᠤᠭᠳᠠᠯ ᠦᠵᠡᠭᠦᠯᠦᠭᠰᠡᠨ ᠰᠣᠶᠤᠯ ᠤ᠋ᠨ ᠲᠣᠮᠣ ᠪᠠᠷᠢᠯᠭ᠎ᠠ ᠬᠡᠮᠡᠭᠳᠡᠮᠡᠷ ᠴᠤ᠌ᠪᠤᠷᠠᠯ ᠪᠢᠴᠢᠭ ᠪᠤᠶᠤ ᠲᠣᠮᠣ ᠲᠣᠮᠣ ᠨᠣᠮ ᠪᠢᠴᠢᠭ ᠦᠳ ᠢ ᠤᠬᠠᠭᠠᠯᠠᠨ ᠰᠡᠳᠦᠭᠰᠡᠨ ᠪᠤᠶᠤ ᠵᠣᠬᠢᠶᠠᠨ ᠪᠠᠢᠭᠤᠯ ᠤᠨ ᠤᠳᠤᠷᠢᠳ ᠤᠨ ᠬᠡᠪᠯᠡᠭᠦᠯᠦᠭᠰᠡᠨ ᠪᠠᠢᠨ᠎ᠠ᠃ ᠡᠲᠡᠭᠡᠷ ᠨᠣᠮ ᠪᠢᠴᠢᠭ ᠦᠨ ᠵᠠᠷᠢᠮ ᠨᠢ ᠦᠨᠳᠦᠰᠦᠲᠡᠨ ᠦ ᠥᠪᠡᠷᠮᠢᠴᠡ ᠣᠨᠴᠠᠯᠢᠭ ᠪᠠ ᠣᠷᠤᠨ ᠨᠤᠲᠤᠭ ᠤᠨ ᠣᠨᠴᠠᠯᠢᠭ ᠲᠠᠢ᠂ ᠵᠠᠷᠢᠮ ᠲᠠᠯ᠎ᠠ ᠪᠠᠷ ᠥᠪᠦᠷ ᠮᠣᠩᠭᠤᠯ᠂ ᠴᠢᠨᠠᠭᠰᠢᠯᠠᠪᠠᠯ ᠤᠯᠤᠰ ᠤᠨ ᠡᠷᠳᠡᠮ ᠰᠢᠨᠵᠢᠯᠡᠭᠡᠨ ᠦ ᠬᠠᠮᠤᠭ ᠳᠡᠭᠡᠷ᠎ᠡ ᠲᠦᠪᠰᠢᠨ ᠳᠦ ᠬᠦᠷ ᠴᠤ᠌᠂ ᠤᠯᠤᠰ ᠣᠷᠤᠨ ᠤ᠋ ᠲᠠᠰ ᠤᠨ ᠱᠠᠩᠨᠠᠯ ᠬᠦᠷᠲᠡᠵᠡᠶ᠃ ᠡᠭᠦᠨ ᠳᠦ᠂ ᠮᠣᠩᠭᠤᠯ ᠦᠨᠳᠦᠰᠦᠲᠡᠨ ᠦ ᠬᠡᠪᠯᠡᠯ ᠦᠨ ᠲᠡᠦᠬᠡᠨ ᠳᠡᠬᠢ ᠤᠤᠭᠠᠨ ᠪᠦᠷᠢᠨ ᠵᠣᠬᠢᠶᠠᠯ ᠪ ᠣᠯᠠᠨᠤ 《 ᠨ᠊ ᠰᠠᠢᠨᠴᠣᠭᠲᠤ ᠵᠢᠨ ᠪᠦᠷᠢᠨ ᠵᠣᠬᠢᠶᠠᠯ》 ᠨᠢ 《ᠳᠤᠮᠳᠠᠳᠤ ᠤᠯᠤᠰ ᠤᠨ ᠨᠣᠮ ᠤᠨ ᠱᠠᠩᠨᠠᠯ》 ᠬᠦᠷᠲᠡᠵᠡᠶ᠃ 《ᠪᠢ ᠪᠣᠯ ᠬᠠᠨᠰᠢᠩ》 ᠭᠡᠳᠡᠭ ᠬᠢᠲᠠᠳ ᠨᠣᠮ ᠨᠢ ᠪᠦᠬᠥ ᠤᠯᠤᠰ ᠤᠨ 《ᠲᠠᠪ ᠤᠨ ᠨᠢᠭᠡ ᠵᠢᠨ ᠢᠨᠵᠢᠨᠧᠷᠢᠩ》 ᠦᠨ ᠱᠠᠩᠨᠠᠯ ᠢ ᠬᠦᠷᠲᠡᠪᠡ᠃ 《ᠦᠨᠥᠳᠦᠷ ᠦᠨ ᠥᠪᠦᠷ ᠮᠣᠩᠭᠤᠯ》 ᠴᠤ᠌ᠪᠤᠷᠠᠯ ᠪᠢᠴᠢᠭ᠂ 《ᠳ᠋ᠧᠩ ᠰᠢᠶᠣᠣ ᠫᠢᠩ ᠦᠨ ᠦᠨᠳᠦᠰᠦᠲᠡᠨ ᠦ ᠲᠤᠰᠭᠠᠢ ᠦᠵᠡᠯ ᠰᠠᠨᠠᠭᠠᠨ ᠤ ᠰᠤᠳᠤᠯᠤᠯ》᠂ 《ᠮᠣᠩᠭᠤᠯ ᠦᠨᠳᠦᠰᠦᠲᠡᠨ ᠦ ᠤᠷᠠᠨ ᠵᠣᠬᠢᠶᠠᠯ ᠤᠨ ᠲᠡᠦᠬᠡ》᠂ 《ᠮᠣᠩᠭᠤᠯ ᠬᠡᠯᠡᠨ ᠦ ᠲᠣᠯᠢ》᠂ 《ᠵᠥᠪ ᠪᠢᠴᠢᠯᠭᠡ ᠵᠢᠨ ᠲᠣᠯᠢ》᠂ 《ᠮᠥᠩᠬᠡ ᠨᠠᠷᠠ ᠲᠠᠢ ᠨᠤᠲᠤᠭ》 ᠴᠤ᠌ᠪᠤᠷᠠᠯ ᠪᠢᠴᠢᠭ ᠵᠡᠷᠭᠡ ᠨᠢ ᠴᠤ᠌ ᠲᠤᠰ ᠲᠤᠰ ᠥᠪᠦᠷ ᠮᠣᠩᠭᠤᠯ ᠤ᠋ᠨ ᠶᠡᠬᠡ ᠱᠠᠩᠨᠠᠯ ᠢ ᠬᠦᠷᠲᠡᠵᠡᠶ᠃ ᠤᠳᠠᠭᠠᠨ ᠵᠢᠯ ᠦᠨ ᠠᠵᠢᠯ ᠤᠨ ᠴᠢᠯᠥᠭᠡ ᠵᠠᠪ ᠢᠶᠠᠷ ᠢᠶᠠᠨ ᠪᠠᠰᠠ ᠡᠳᠦᠶ ᠲᠡᠳᠦᠶ ᠬᠢᠲᠠᠳ ᠮᠣᠩᠭᠤᠯ ᠨᠣᠮ ᠪᠢᠴᠢᠭ ᠢ ᠨᠠᠢᠷᠠᠭᠤᠯᠤᠨ ᠲᠤᠭᠤᠷᠪᠢᠬᠤ᠂ ᠬᠢᠲᠠᠳ ᠪᠢᠴᠢᠭ ᠢ ᠮᠣᠩᠭᠤᠯᠴᠢᠯᠠᠬᠤ ᠳ᠋ᠤ᠌ ᠰᠢᠭᠤᠳ ᠣᠷᠤᠯᠴᠠᠵᠤ᠂ ᠡᠲᠡᠭᠡᠷ ᠨᠣᠮ ᠪᠢᠴᠢᠭ ᠨᠢ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶ᠎ᠠ᠂ ᠥᠪᠦᠷ ᠮᠣᠩᠭᠤᠯ ᠤ᠋ᠨ ᠲᠧᠭᠨᠢᠭ ᠮᠡᠷᠭᠡᠵᠢᠯ ᠦᠨ ᠬᠡᠪᠯᠡᠯ ᠦᠨ ᠬᠣᠷᠢᠶ᠎ᠠ ᠳᠤ ᠤᠷᠢᠳ ᠬᠣᠵᠢᠳ ᠬᠡᠪᠯᠡᠭᠦᠯᠦᠭᠲᠡᠨ ᠲᠠᠷᠬᠠᠭᠠᠭᠳᠠᠵᠠᠢ᠃
Copyight 2016 by nmgmzw.gov.cn All Rights Reserved