ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠫᠠᠷᠠᠩᠯᠠᠶ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠫᠠᠷᠠᠩᠯᠠᠶ ( 1924~ 1993 ) ᠬᠢᠨᠠᠨ ᠨᠠᠢᠷᠠᠭᠤᠯᠤᠭᠴᠢ᠂ ᠤᠷᠠᠨ ᠵᠣᠬᠢᠶᠠᠯ  ᠤᠨ ᠣᠷᠴᠢᠭᠤᠯᠤᠭᠴᠢ᠃ ᠤᠤᠯ ᠨᠡᠷ᠎ᠡ ᠨᠢ ᠫᠠᠷᠠᠩᠯᠠᠢᠵᠠᠮᠰᠤ᠃ ᠥᠪᠦᠷ ᠮᠣᠩᠭᠤᠯ ᠤ᠋ᠨ ᠰᠢᠯᠢ  ᠵᠢᠨ ᠭᠣᠣᠯ ᠠᠢᠮᠠᠭ  ᠤᠨ ᠭᠦᠯᠦ ᠴᠠᠭᠠᠨ ᠬᠣᠰᠢᠭᠤᠨ ᠳᠤ ᠲᠥᠷᠦᠵᠡᠢ᠃ 1933 ᠣᠨ ᠠᠴᠠ ᠭᠦᠯᠦ ᠴᠠᠭᠠᠨ ᠬᠣᠰᠢᠭᠤᠨ ᠤ ᠪᠠᠭ᠎ᠠ ᠰᠤᠷᠭᠠᠭᠤᠯᠢ᠂ ᠴᠠᠬᠠᠷ ᠴᠢᠭᠤᠯᠭᠠᠨ ᠤ ᠵᠠᠩᠪᠧᠶ ᠰᠢᠶᠠᠨ ᠤ ᠮᠣᠩᠭᠤᠯ ᠳᠤᠮᠳᠠᠳᠤ ᠰᠤᠷᠭᠠᠭᠤᠯᠢ ᠳᠤ ᠰᠤᠷᠤᠯᠴᠠᠵᠠᠶ᠃ 1941 ᠣᠨ ᠳᠤ ᠶᠠᠫᠣᠨ ᠤ ᠲᠤᠤᠺᠢᠤ᠊  ᠵᠢᠨ ᠨᠥᠬᠦᠷᠰᠡᠭ ᠬᠥᠷᠰᠢ ᠨᠡᠢᠭᠡᠮᠯᠢᠭ ᠦᠨ ᠳᠡᠷᠭᠡᠳᠡᠬᠢ ᠠᠷᠠᠯᠵᠢᠶ᠎ᠠ ᠬᠤᠳᠠᠯᠳᠤᠭᠠᠨ ᠤ ᠰᠤᠷᠭᠠᠭᠤᠯᠢ ᠳᠤ ᠣᠷᠤᠵᠤ᠂ ᠳᠠᠷᠠᠭ᠎ᠠ ᠨᠢ ᠲᠤᠤᠺᠢᠤ᠊  ᠵᠢᠨ ᠥᠨᠳᠦᠷ ᠵᠡᠷᠭᠡ  ᠵᠢᠨ ᠪᠠᠭᠰᠢ  ᠵᠢᠨ ᠰᠤᠷᠭᠠᠭᠤᠯᠢ ᠳᠤ ᠰᠢᠯᠵᠢᠨ ᠰᠤᠷᠤᠯᠴᠠᠵᠠᠶ᠃ 1944 ᠣᠨ ᠳᠤ ᠤᠯᠤᠰ ᠲᠠᠭᠠᠨ ᠪᠤᠴᠠᠨ ᠢᠷᠠᠵᠤ᠂ 1946 ᠣᠨ ᠳᠤ ᠬᠤᠪᠢᠰᠭᠠᠯ ᠤ᠋ᠨ ᠠᠵᠢᠯ ᠳᠤ ᠣᠷᠤᠯᠴᠠᠪᠠ᠃ 1948 ᠣᠨ ᠳᠤ ᠥᠪᠦᠷ ᠮᠣᠩᠭᠤᠯ ᠤ᠋ᠨ ᠠᠷᠠᠳ  ᠤᠨ ᠬᠤᠪᠢᠰᠭᠠᠯ   ᠲᠦ᠍ ᠵᠠᠯᠠᠭᠤ ᠴᠤ᠌ᠳ  ᠤᠨ ᠡᠪᠯᠡᠯ ᠳᠦ ᠣᠷᠤᠵᠤ᠂ 1956 ᠣᠨ ᠳᠤ ᠳᠤᠮᠳᠠᠳᠤ ᠤᠯᠤᠰ  ᠤᠨ ᠡᠪ ᠬᠠᠮᠲᠤ ᠨᠠᠮ ᠳᠤ ᠡᠯᠰᠡᠭᠳᠡᠪᠡ᠃ ᠴᠠᠬᠠᠷ ᠠᠢᠮᠠᠭ 《ᠤᠤᠯ  ᠤᠨ ᠴᠠᠬᠠᠷ ᠴᠢᠭᠤᠯᠭᠠᠨ )  ᠤᠨ ᠠᠷᠠᠳ  ᠤᠨ ᠵᠠᠰᠠᠭ  ᠤᠨ ᠣᠷᠳᠤᠨ ᠤ᠋ ᠢᠷᠭᠡᠨ ᠦ ᠰᠤᠷᠭᠠᠨ ᠬᠥᠮᠦᠵᠢᠯ ᠦ᠋ᠨ ᠭᠠᠵᠠᠷ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠰᠣᠶᠤᠯ ᠤ᠋ᠨ ᠲᠢᠩᠬᠢᠮ ᠪᠣᠯ ᠤᠨ ᠥᠪᠦᠷ ᠮᠣᠩᠭᠤᠯ ᠤ᠋ᠨ ᠠᠷᠠᠳ  ᠤᠨ ᠬᠡᠪᠯᠡᠯ ᠦᠨ ᠬᠣᠷᠢᠶᠠᠨ ᠳ᠋ᠤ᠌ ᠠᠵᠢᠯᠯᠠᠵᠤ ᠪᠠᠢᠪᠠ᠃ ᠤᠷᠢᠳ ᠬᠣᠵᠢᠳ ᠰᠤᠷᠲᠠᠯ ᠤᠬᠠᠭᠤᠯᠭ᠎ᠠ  ᠵᠢᠨ ᠰᠠᠯᠠᠭᠠᠨ ᠳᠠᠷᠤᠭ᠎ᠠ᠂ ᠨᠠᠢᠷᠠᠭᠤᠯᠬᠤ ᠰᠠᠯᠠᠭᠠᠨ ᠳᠠᠷᠤᠭ᠎ᠠ᠂ ᠨᠠᠢᠷᠠᠭᠤᠯᠬᠤ ᠲᠠᠰᠤᠭ  ᠤᠨ ᠡᠷᠬᠢᠯᠡᠭᠴᠢ᠂ ᠶᠡᠷᠦᠩᠬᠡᠶ ᠨᠠᠢᠷᠠᠭᠤᠯᠬᠤ ᠲᠠᠰᠤᠭ  ᠤᠨ ᠬᠢᠨᠠᠨ ᠨᠠᠢᠷᠠᠭᠤᠯᠤᠭᠴᠢ᠂ ᠳᠡᠳ᠋ ᠶᠡᠷᠦᠩᠬᠡᠶ ᠨᠠᠢᠷᠠᠭᠤᠯᠤᠭᠴᠢ᠂ ᠪᠠᠢᠴᠠᠭᠠᠨ ᠰᠤᠳᠤᠯᠤᠭᠴᠢ ᠮᠡᠲᠦ ᠲᠤᠰᠢᠶᠠᠯ ᠡᠭᠦᠷᠭᠡᠯᠡᠵᠦ᠂ 1984 ᠣᠨ ᠳᠤ ᠥᠪᠦᠷ ᠮᠣᠩᠭᠤᠯ ᠤ᠋ᠨ ᠨᠠᠮ  ᠤᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠦᠨ ᠵᠥᠪᠰᠢᠶᠡᠷᠡᠯ ᠢ᠋ᠶ᠋ᠡᠷ ᠲᠢᠩᠬᠢᠮ ᠲᠣᠪᠴᠢᠶᠠᠨ ᠤ ᠲᠠᠰ  ᠤᠨ ᠬᠢᠷᠢ ᠬᠡᠮ ᠲᠡᠢ ᠺᠠᠲᠠᠷ ᠢᠶᠠᠷ ᠠᠵᠢᠯ ᠠᠴᠠ ᠪᠠᠨ ᠰᠤᠯᠠᠯᠠᠭᠳᠠᠵᠤ ᠨᠠᠰᠤᠨ ᠤ ᠠᠮᠠᠷᠠᠯᠲᠠ ᠪᠠᠨ ᠠᠪᠤᠪᠠ᠃ ᠲᠡᠷᠡ ᠪᠡᠷ ᠳᠤᠮᠳᠠᠳᠤ ᠪᠠᠭ᠎ᠠ ᠰᠤᠷᠭᠠᠭᠤᠯᠢ  ᠵᠢᠨ ᠮᠣᠩᠭᠤᠯ ᠰᠤᠷᠬᠤ ᠪᠢᠴᠢᠭ ᠢ ᠨᠠᠢᠷᠠᠭᠤᠯᠵᠤ᠂ 《ᠮᠠᠤ ᠽᠸ ᠳ᠋ᠦᠩ ᠦᠨ ᠰᠣᠩᠭᠤᠮᠠᠯ ᠵᠣᠬᠢᠶᠠᠯ》  ᠤᠨ ᠳᠥᠷᠪᠡᠳᠦᠭᠡᠷ ᠪᠣᠲᠢ  ᠵᠢᠨ ᠮᠣᠩᠭᠤᠯ ᠣᠷᠴᠢᠭᠤᠯᠭ᠎ᠠ ᠶᠢ ᠬᠢᠨᠠᠪᠠ᠃ 1965 ᠣᠨ ᠠᠴᠠ 1984 ᠣᠨ ᠤ ᠬᠣᠭᠤᠷᠤᠨᠳᠤ 《ᠤᠯᠠᠭᠠᠨ ᠬᠠᠲᠠ》᠂ 《ᠰᠥᠨᠢ ᠳᠦᠯᠢ》᠂ 《ᠤᠯᠠᠭᠠᠨ ᠠᠰᠠᠷ  ᠤᠨ ᠵᠡᠭᠦᠳᠦᠨ》᠂ 《ᠬᠠᠰᠭᠢᠷᠤᠯ》᠂ 《ᠡᠷᠡᠭᠡᠯᠵᠡᠯ》᠂ 《ᠠᠳᠠᠯ ᠪᠣᠰᠭᠠᠭᠰᠠᠨ ᠲᠡᠦᠬᠡ》᠂ 《ᠰ᠌ᠣᠭᠣᠪᠲᠣᠷ ᠬᠥᠮᠦᠰ》 ᠵᠡᠷᠭᠡ ᠠᠯᠳᠠᠷᠲᠦ᠍ ᠪᠦᠲᠦᠭᠡᠯ ᠦᠳ ᠦᠨ ᠣᠷᠴᠢᠭᠤᠯᠭ᠎ᠠ ᠶᠢ ᠬᠢᠨᠠᠵᠤ ᠬᠡᠪᠯᠡᠪᠡ᠃ ᠳ᠋ᠦ᠋ ᠫᠧᠩ ᠴᠧᠩ ᠦᠨ ᠷᠣᠮᠠᠨ 《ᠶᠠᠨ ᠠᠨ ᠤ ᠬᠠᠮᠠᠭᠠᠯᠠᠯᠲᠠ》 ᠶᠢ ᠮᠣᠩᠭᠣᠴᠢᠯᠠᠭᠰᠠᠨ ᠪᠥᠭᠡᠳ 1984 ᠣᠨ ᠳᠤ ᠪᠤᠰᠤᠳ ᠲᠠᠢ ᠬᠠᠮᠲᠤᠷᠠᠵᠤ ᠶᠠᠫᠣᠨ ᠬᠡᠯᠡᠨ ᠡᠴᠡ 《ᠲᠣᠷᠭᠤᠳ ᠴᠤ᠌ᠳ》 ᠭᠡᠬᠦ ᠭᠠᠳᠠᠭᠠᠳᠤ ᠤᠯᠤᠰ  ᠤᠨ ᠲᠣᠮᠣ ᠨᠣᠮ ᠢ ᠮᠣᠩᠭᠤᠯᠴᠢᠯᠠᠨ ᠬᠡᠪᠯᠡᠭᠦᠯᠪᠡ᠃ ᠠ . ᠣᠳᠽᠠᠷ ᠤ᠋ᠨ ᠬᠢᠲᠠᠳ ᠢᠶᠠᠷ ᠪᠢᠴᠢᠭᠰᠡᠨ 《ᠰᠤᠪᠤᠳ ᠰᠠ ᠴᠤ᠌ᠭᠰᠠᠨ ᠲᠠᠯ᠎ᠠ》᠂ 《ᠡᠵᠢ ᠨᠠᠭᠤᠷ》 ᠵᠡᠷᠭᠡ ᠤᠷᠠᠨ ᠪᠦᠲᠦᠭᠡᠯ ᠢ ᠡᠬᠡ ᠬᠡᠯᠡ ᠳᠡᠭᠡᠷ᠎ᠡ ᠪᠡᠨ ᠣᠷᠴᠢᠭᠤᠯ ᠤᠨ ᠬᠡᠪᠯᠡᠭᠦᠯᠵᠡᠢ᠃ 1952 ᠣᠨ ᠳᠤ ᠤᠯᠠᠭᠠᠨᠪᠠᠭᠠᠲᠤᠷ    ᠲᠦ᠍ ᠣᠴᠢᠵᠤ ᠬᠢᠲᠠᠳ ᠮᠣᠩᠭᠤᠯ ᠤ᠋ᠨ ᠨᠥᠬᠦᠷᠰᠡᠭ ᠰᠠᠷ᠎ᠠ  ᠵᠢᠨ ᠬᠥᠳᠡᠯᠭᠡᠭᠡᠨ ᠳ᠋ᠦ᠍ ᠣᠷᠴᠢᠭᠤᠯᠭ᠎ᠠ  ᠵᠢᠨ ᠠᠵᠢᠯ ᠬᠢᠵᠠᠶ᠃ ᠣᠯᠠᠨ ᠵᠢᠯ ᠦᠨ   ᠲᠦ᠍ᠷᠰᠢ ᠬᠡᠳᠦᠨ ᠵᠠᠭᠤᠭᠠᠳ ᠨᠣᠮ ᠪᠢᠴᠢᠭ ᠢ ᠭᠠᠷᠳᠠᠨ ᠬᠢᠨᠠᠵᠤ ᠵᠠᠰᠠᠵᠤ ᠨᠠᠢᠷᠠᠭᠤᠯᠤᠭᠰᠠᠨ ᠦᠯᠡᠮᠵᠢ ᠵᠢᠳᠭᠦᠯ ᠨᠢ ᠣᠯᠠᠨ ᠳᠤ ᠬᠡᠪ ᠳᠠᠭᠤᠷᠢᠶᠠᠯ ᠳᠤᠷᠠᠳᠭᠠᠯ ᠪᠣᠯ ᠤᠨ ᠤᠯᠠᠮᠵᠢᠯᠠᠭᠳᠠᠭᠰᠠᠭᠠᠷ᠃ ᠣᠷᠴᠢᠭᠤᠯᠵᠤ ᠨᠠᠢᠷᠠᠭᠤᠯᠬᠤ ᠦᠢᠯᠡᠳᠦᠯᠭᠡ  ᠵᠢᠨ ᠳᠤᠮᠳᠠ ᠣᠨᠤᠯ ᠰᠤᠳᠤᠯᠭᠠᠨ ᠤ ᠠᠵᠢᠯ ᠢ  ᠴᠤ᠌ ᠣᠰᠤᠯᠳᠠᠯ ᠦᠬᠡᠶ ᠬᠢᠵᠦ ᠢᠷᠡᠪᠡ᠃   ᠲᠦ᠍ᠬᠠᠢᠯᠠᠪᠠᠯ᠂ 1989 ᠣᠨ ᠳᠤ 《ᠤᠯᠠᠭᠠᠨ ᠠᠰᠠᠷ  ᠤᠨ ᠵᠡᠭᠦᠳᠦᠨ ᠦ ᠣᠷᠴᠢᠭᠤᠯᠭ᠎ᠠ ᠠᠴᠠ ᠣᠷᠴᠢᠭᠤᠯᠭ᠎ᠠ  ᠵᠢᠨ ᠠᠷᠭ᠎ᠠ ᠳᠠᠮ  ᠤᠨ  ᠲᠤᠰᠭᠠᠢ ᠵᠥᠪᠯᠡᠯᠭᠡ》 ᠥᠭᠦᠯᠡᠯ ᠢ᠋ᠶ᠋ᠡᠨ ᠨᠠᠢᠳᠠᠯᠠᠵᠠᠢ᠃ ᠡᠨᠡ ᠥᠭᠦᠯᠡᠯ ᠨᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠩᠬᠠᠳᠤᠭᠠᠷ ᠬᠤᠭᠤᠴᠠᠭᠠᠨ ᠤ ᠮᠣᠩᠭᠤᠯ ᠣᠷᠴᠢᠭᠤᠯᠭ᠎ᠠ  ᠵᠢᠨ ᠰᠢᠯᠢᠳᠡᠭ ᠥᠭᠦᠯᠡᠯ ᠢ᠋ᠶ᠋ᠡᠷ ᠦᠨᠡᠯᠡᠭᠳᠡᠵᠡᠢ᠃ ᠡᠩ ᠦᠨ ᠴᠠᠭ    ᠲᠦ᠍ ᠲᠤᠰ ᠬᠣᠷᠢᠶᠠᠨ ᠤ᠋ ᠨᠠᠢᠷᠠᠭᠤᠯᠤᠭᠴᠢᠳ᠂ ᠨᠡᠢᠭᠡᠮ ᠳᠡᠭᠡᠷᠡᠬᠢ ᠠᠵᠢᠯ ᠨᠢᠭᠡᠲᠡᠶ ᠣᠷᠴᠢᠭᠤᠯᠤᠭᠴᠢ᠂ ᠨᠠᠢᠷᠠᠭᠤᠯᠤᠭᠴᠢᠳ᠂ ᠤᠷᠠᠨ ᠵᠣᠬᠢᠶᠠᠯ ᠳᠤ ᠪᠠᠬ᠎ᠠ ᠲᠠᠢ ᠵᠠᠯᠠᠭᠤ ᠴᠤ᠌ᠤᠯ ᠳᠤ ᠬᠡᠯᠡ ᠨᠠᠢᠷᠠᠯᠭ᠎ᠠ᠂ ᠣᠷᠴᠢᠭᠤᠯᠬᠤ ᠤᠷ᠎ᠠ ᠳᠠᠮ᠂ ᠣᠨᠤᠯ ᠶᠣᠰᠤᠨ᠂ ᠪᠣᠳᠠᠲᠤ ᠵᠢᠱ᠌ᠢᠶ᠎ᠡ ᠪᠡᠷ    ᠲᠤᠰᠭᠠᠢ ᠮᠡᠷᠭᠡᠵᠢᠯ ᠦᠨ ᠬᠢᠴᠢᠶᠡᠯ ᠬᠢᠵᠦ᠂ ᠵᠠᠯᠠᠭᠤ ᠴᠤ᠌ᠤᠯ ᠢ ᠬᠥᠮᠦᠵᠢᠭᠦᠯᠵᠦ᠂ ᠡᠷᠳᠡᠮ ᠰᠢᠨᠵᠢᠯᠡᠭᠡᠨ ᠦ ᠡᠭᠦᠳᠡᠨ ᠳᠦ ᠬᠥᠲᠦᠯᠳᠡᠭ ᠪᠠᠢᠯ᠎ᠠ᠃ ᠡᠢᠨ ᠬᠦ ᠣᠷᠴᠢᠭᠤᠯᠭ᠎ᠠ  ᠵᠢᠨ  ᠲᠤᠰᠭᠠᠢ ᠥᠭᠦᠯᠡᠯ ᠦ᠋ᠳ ᠢ᠋ᠶ᠋ᠡᠨ ᠡᠮᠬᠢᠳᠭᠡᠨ 《ᠮᠣᠩᠭᠤᠯ ᠣᠷᠴᠢᠭᠤᠯᠭ᠎ᠠ  ᠵᠢᠨ ᠨᠠᠢᠷᠠᠯᠭ᠎ᠠ》 ᠭᠡᠬᠦ ᠨᠣᠮ ᠢᠶᠠᠨ 1992 ᠣᠨ ᠳᠤ ᠬᠡᠪᠯᠡᠭᠦᠯᠵᠦ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠳᠥᠷᠪᠡᠳᠦᠭᠡᠷ ᠬᠤᠭᠤᠴᠠᠭᠠᠨ ᠤ ᠭᠦᠨ ᠤᠬᠠᠭᠠᠨ ᠨᠡᠢᠭᠡᠮ ᠦᠨ ᠰᠢᠨᠵᠢᠯᠡᠬᠦ ᠤᠬᠠᠭᠠᠨ ᠤ ᠰᠢᠯᠢᠳᠡᠭ ᠪᠦᠲᠦᠭᠡᠯ ᠦᠨ ᠱᠠᠩᠨᠠᠯ ᠬᠦᠷᠲᠡᠪᠡ᠃ 《 ᠱᠣᠭ ᠦᠯᠢᠭᠡᠷ》 ᠵᠢᠵᠢᠭ ᠲᠣᠪᠬᠢᠮᠠᠯ ᠢ ᠨᠢ  ᠴᠤ᠌ ᠥᠪᠦᠷ ᠮᠣᠩᠭᠤᠯ ᠤ᠋ᠨ ᠠᠷᠠᠳ  ᠤᠨ ᠬᠡᠪᠯᠡᠯ ᠦᠨ ᠬᠣᠷᠢᠶ᠎ᠠ ᠬᠡᠪᠯᠡᠭᠦᠯᠦᠨ ᠲᠠᠷᠬᠠᠭᠠᠵᠠᠢ᠃ ᠲᠡᠭᠦᠨ ᠦ ᠣᠷᠴᠢᠭᠤᠯᠤᠭᠰᠠᠨ ᠷᠣᠮᠠᠨ 《ᠶᠠᠨ ᠠᠨ ᠤ ᠬᠠᠮᠠᠭᠠᠯᠠᠯᠲᠠ》 ᠨᠢ 1957 ᠣᠨ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 10 ᠵᠢᠯ ᠦᠨ ᠣᠶ ᠳᠡᠭᠡᠷ᠎ᠡ ᠣᠷᠴᠢᠭᠤᠯᠭ᠎ᠠ  ᠵᠢᠨ l ᠳ᠋ᠦ᠍ᠭᠡᠷ ᠲᠠᠰ  ᠤᠨ ᠱᠠᠩᠨᠠᠯ ᠣᠯᠪᠠ᠃ ᠣᠷᠴᠢᠭᠤᠯᠭ᠎ᠠ  ᠵᠢᠨ ᠤᠷᠠᠨ ᠵᠣᠬᠢᠶᠠᠯ  ᠤᠨ ᠬᠥᠭᠵᠢᠯ ᠳ᠋ᠦ᠍ ᠭᠠᠪᠢᠶ᠎ᠠ ᠲᠠᠢ ᠪ ᠣᠯᠠᠨᠣᠷ ᠥᠪᠦᠷ ᠮᠣᠩᠭᠤᠯ ᠤ᠋ᠨ ᠵᠣᠬᠢᠶᠠᠯᠴᠢᠳ  ᠤᠨ ᠬᠣᠷᠢᠶ᠎ᠠ 1986 ᠣᠨ ᠳᠤ 《ᠥᠪᠦᠷ ᠮᠣᠩᠭᠤᠯ ᠤ᠋ᠨ ᠤᠳᠭ᠎ᠠ ᠵᠣᠬᠢᠶᠠᠯ  ᠤᠨ ᠴᠡᠴᠡᠭᠯᠡᠯ ᠬᠥᠭᠵᠢᠯ ᠳ᠋ᠦ᠍ ᠵᠢᠳᠭᠦᠭᠰᠡᠨ 30 ᠵᠢᠯ》᠂ 1987 ᠣᠨ ᠳᠤ ᠥᠪᠦᠷ ᠮᠣᠩᠭᠤᠯ ᠤ᠋ᠨ ᠤᠳᠭ᠎ᠠ ᠤᠷᠠᠯᠢᠭ  ᠤᠨ ᠢᠷᠠᠭᠤ ᠠᠯᠳᠠᠷ  ᠤᠨ ᠬ ᠤᠨᠳᠠᠭᠠᠳᠤ 《ᠠᠯᠲᠠᠨ ᠲᠡᠮᠡᠭᠡ》 ᠦᠨᠡᠮᠯᠡᠯ ᠣᠯᠭᠤᠵᠠᠢ᠃ ᠣᠷᠳᠣ ᠤᠳᠠᠭᠠᠨ ᠬᠤᠭᠤᠴᠠᠭ᠎ᠠ ᠪᠠᠷ ᠬᠡᠪᠯᠡᠯ ᠦᠨ ᠦᠢᠯᠡᠰ ᠲᠦ ᠨᠡᠮᠡᠷᠢ ᠬᠠᠨᠳᠢᠪ ᠣᠷᠤᠭᠤᠯᠤᠭᠰᠠᠨ ᠪ ᠣᠯᠠᠨᠣᠷ ᠮᠣᠩᠭᠤᠯ ᠬᠡᠯᠡ ᠪᠢᠴᠢᠭ ᠢᠶᠡᠨ ᠰᠤᠷ ᠴᠤ᠌ ᠬᠡᠷᠡᠭᠯᠡᠭᠰᠡᠨ ᠨᠢᠭᠡᠳᠦᠭᠡᠷ ᠲᠠᠰ  ᠤᠨ ᠱᠠᠩᠨᠠᠯ ᠢ ᠬᠣᠶᠠᠷ ᠤᠳᠠᠭ᠎ᠠ   ᠲᠦ᠍ᠰᠪᠠ᠃ ᠲᠡᠷᠡ ᠪᠡᠷ ᠥᠪᠡᠷᠲᠡᠭᠡᠨ ᠵᠠᠰᠠᠬᠤ ᠣᠷᠤᠨ ᠳ᠋ᠤ᠌ ᠲᠣᠭᠠᠨᠲᠠᠶ ᠬᠡᠳᠦᠬᠡᠨ ᠪᠠᠢᠳᠠᠭ 3 ᠳ᠋ᠤᠭᠠᠷ ᠲᠠᠰ  ᠤᠨ ᠣᠷᠴᠢᠭᠤᠯᠤᠭᠴᠢ  ᠵᠢᠨ ᠨᠢᠭᠡ ᠨᠢ ᠮᠥᠨ᠃ ᠫᠠᠷᠠᠩᠯᠠᠶ ᠳᠤᠮᠳᠠᠳᠤ ᠤᠯᠤᠰ  ᠤᠨ ᠵᠣᠬᠢᠶᠠᠯᠴᠢᠳ  ᠤᠨ ᠬᠣᠷᠢᠶᠠᠨ ᠤ᠋ ᠭᠡᠰᠢᠭᠦᠨ ᠪᠥᠭᠡᠳ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠤᠯᠤᠰ ᠲᠦᠷᠥ  ᠵᠢᠨ ᠵᠥᠪᠯᠡᠯᠭᠡᠨ ᠦ᠌ 4 ᠳ᠋ᠦ᠍ᠭᠡᠷ 5 ᠳ᠋ᠤᠭᠠᠷ ᠬᠤᠭᠤᠴᠠᠭᠠᠨ ᠤ ᠭᠡᠰᠢᠭᠦᠳ ᠦᠨ ᠬᠤᠷᠠᠯ  ᠤᠨ ᠭᠡᠰᠢᠭᠦᠨ ᠪᠠᠢᠵᠠᠢ᠃ ( ᠣᠶᠤᠨ )