ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠬᠠᠢᠴᠢᠩ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠬᠠᠢᠴᠢᠩ ( 1945~ ) ᠳᠡᠭᠡᠳᠦ ᠵᠡᠷᠭᠡ  ᠵᠢᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠬᠢᠩᠭᠠᠨ ᠠᠢᠮᠠᠭ   ᠤᠨ ᠵᠠᠯᠠᠢᠳ ᠬᠣᠰᠢᠭᠤᠨ ᠳᠤ ᠲᠥᠷᠦᠵᠡᠢ᠃ 1969 ᠣᠨ ᠳᠤ ᠥᠪᠦᠷ ᠮᠣᠩᠭᠤᠯ ᠤ᠋ᠨ ᠠᠵᠤ ᠦᠢᠯᠡᠳᠪᠦᠷᠢ  ᠵᠢᠨ ᠳᠡᠭᠡᠳᠦ ᠰᠤᠷᠭᠠᠭᠤᠯᠢ ᠲᠡᠭᠦᠰᠭᠡᠵᠦ᠂ ᠬᠥᠯᠦᠨ ᠪᠤᠢᠷ ᠠᠢᠮᠠᠭ  ᠤᠨ ᠡᠷᠭᠦᠨ᠎ᠡ ᠵᠡᠭᠦᠨ ᠬᠣᠰᠢᠭᠤᠨ ᠳᠤ ᠠᠵᠢᠯᠯᠠᠪᠠ᠃ 1981 ᠣᠨ ᠳᠤ ᠡᠪ ᠬᠠᠮᠲᠤ ᠵᠠᠯᠠᠭᠤ ᠴᠤ᠌ᠳ  ᠤᠨ ᠡᠪᠯᠡᠯ ᠦᠨ ᠥᠪᠦᠷ ᠮᠣᠩᠭᠤᠯ ᠤ᠋ᠨ ᠬᠣᠷᠢᠶᠠᠨ ᠳ᠋ᠤ᠌ ᠠᠵᠢᠯ ᠰᠢᠯᠵᠢᠨ ᠢᠷᠠᠵᠤ ᠪᠠᠢᠩᠭᠤ  ᠵᠢᠨ ᠭᠡᠰᠢᠭᠦᠨ᠂ ᠨᠢᠭᠡᠳᠦᠮᠡᠯ ᠹᠷᠣᠨᠲ  ᠤᠨ ᠬᠡᠯᠲᠡᠰ ᠦᠨ ᠳᠠᠷᠤᠭ᠎ᠠ  ᠵᠢᠨ ᠲᠤᠰᠢᠶᠠᠯ  ᠳᠤ ᠪᠠᠢᠪᠠ᠃ 1983 ᠣᠨ ᠠᠴᠠ ᠥᠪᠦᠷ ᠮᠣᠩᠭᠤᠯ ᠤ᠋ᠨ ᠵᠠᠯᠠᠭᠤ ᠴᠤ᠌ᠳ ᠪᠠᠭᠠ ᠴᠤ᠌ᠳ  ᠤᠨ ᠰᠡᠳᠭᠦᠯ ᠦ᠋ᠨ ᠬᠣᠷᠢᠶ᠎ᠠ  ᠵᠢᠨ ᠳᠠᠷᠤᠭ᠎ᠠ ᠪᠥᠭᠡᠳ 《ᠥᠪᠦᠷ ᠮᠣᠩᠭᠤᠯ ᠤ᠋ᠨ ᠵᠠᠯᠠᠭᠤ ᠴᠤ᠌ᠳ》 ᠰᠡᠳᠭᠦᠯ ᠦ᠋ᠨ ᠭᠣᠣᠯ ᠨᠠᠢᠷᠠᠭᠤᠯᠤᠭᠴᠢ ᠪᠣᠯᠪᠠ᠃ 1993 ᠣᠨ ᠳᠤ ᠥᠪᠦᠷ ᠮᠣᠩᠭᠤᠯ ᠤ᠋ᠨ ᠠᠷᠠᠳ  ᠤᠨ ᠷᠠᠳᠢᠣ᠋ ᠨᠡᠪᠲᠡᠷᠡᠭᠦᠯᠭᠡ  ᠵᠢᠨ ᠬᠣᠷᠢᠶᠠᠨ ᠤ᠋ ᠳᠡᠳ᠋ ᠳᠠᠷᠤᠭ᠎ᠠ ᠪᠣᠯᠵᠤ᠂ 1997 ᠣᠨ ᠠᠴᠠ ᠥᠪᠦᠷ ᠮᠣᠩᠭᠤᠯ ᠤ᠋ᠨ ᠷᠠᠳᠢᠣ᠋ ᠲᠧᠯᠸᠢᠰ ᠲᠢᠩᠬᠢᠮ ᠦᠨ ᠳᠡᠳ᠋ ᠳᠠᠷᠤᠭ᠎ᠠ᠂ ᠥᠪᠦᠷ ᠮᠣᠩᠭᠤᠯ ᠤ᠋ᠨ ᠷᠠᠳᠢᠣ᠋ ᠬᠣᠷᠢᠶᠠᠨ ᠤ᠋ ᠳᠠᠷᠤᠭ᠎ᠠ  ᠵᠢᠨ ᠲᠤᠰᠢᠶᠠᠯ ᠡᠭᠦᠷᠭᠡᠯᠡᠪᠡ᠃ ᠪᠦᠬᠥ ᠤᠯᠤᠰ  ᠤᠨ ᠰᠣᠨᠢᠨ ᠮᠡᠳᠡᠭᠡᠨ ᠦ ᠠᠵᠢᠯᠴᠢᠳ  ᠤᠨ ᠨᠡᠢᠭᠡᠮᠯᠢᠭ ᠦᠨ ᠬᠡᠷᠡᠭ ᠡᠷᠬᠢᠯᠡᠭᠴᠢ᠂ ᠥᠪᠦᠷ ᠮᠣᠩᠭᠤᠯ ᠤ᠋ᠨ ᠰᠤᠷᠪᠤᠯᠵᠢᠯᠠᠭᠴᠢ  ᠵᠢᠨ ᠨᠡᠢᠭᠡᠮᠯᠢᠭ ᠦᠨ ᠳᠡᠳ᠋ ᠲᠡᠷᠢᠭᠦᠯᠡᠭᠴᠢ᠂ ᠥᠪᠦᠷ ᠮᠣᠩᠭᠤᠯ ᠤ᠋ᠨ ᠷᠠᠳᠢᠣ᠋ ᠲᠧᠯᠸᠢᠰ ᠨᠡᠢᠭᠡᠮᠯᠢᠭ ᠦᠨ ᠳᠡᠳ᠋ ᠳᠠᠷᠤᠭ᠎ᠠ  ᠵᠢᠨ ᠲᠤᠰᠢᠶᠠᠯ ᠢ  ᠴᠤ᠌ ᠬᠠᠪᠰᠤᠷᠭᠠᠵᠤ ᠬᠢᠪᠡ᠃ ᠲᠡᠷᠡ ᠵᠠᠯᠠᠭᠤ ᠴᠤ᠌ᠳ ᠪᠠᠭᠠ ᠴᠤ᠌ᠳ  ᠤᠨ ᠰᠡᠳᠭᠦᠯ ᠢ᠋ ᠡᠷᠬᠢᠯᠡᠵᠦ ᠪᠠᠢᠬᠤ ᠬᠤᠭᠤᠴᠠᠭᠠᠨ ᠳᠠᠭᠠᠨ ᠨᠡᠢᠭᠡᠮ ᠵᠢᠷᠤᠮ  ᠤᠨ ᠦᠵᠡᠯ ᠰᠠᠨᠠᠭ᠎ᠠ ᠪᠠᠷ ᠰᠢᠨ᠎ᠡ ᠨᠢᠭᠡᠨ ᠦᠶ᠎ᠡ ᠶᠢ ᠬᠥᠮᠦᠵᠢᠭᠦᠯᠬᠦ ᠴᠢᠭᠯᠡᠯ ᠢ ᠠᠯᠳᠠᠯ ᠦᠬᠡᠶ ᠪᠠᠷᠢᠮᠲᠠᠯᠠᠵᠤ᠂ ᠰᠢᠨ᠎ᠡ ᠬᠥᠮᠦᠨ ᠰᠢᠨ᠎ᠡ ᠦᠢᠯᠡ ᠶᠠᠪᠤᠳᠠᠯ  ᠤᠨ ᠮᠡᠳᠡᠭᠡᠯᠡᠯ ᠢ ᠬᠦᠴᠤ᠌ᠲᠡᠶ ᠠᠳᠭᠤᠵᠤ 《ᠥᠪᠦᠷ ᠮᠣᠩᠭᠤᠯ ᠤ᠋ᠨ ᠵᠠᠯᠠᠭᠤ ᠴᠤ᠌ᠳ》 ᠰᠡᠳᠭᠦᠯ ᠳ᠋ᠦ᠍ ᠲᠡᠷᠢᠭᠦᠨ ᠦ ᠵᠠᠯᠠᠭᠤ ᠴᠤ᠌ᠳ  ᠤᠨ  ᠲᠤᠰᠭᠠᠢ ᠰᠤᠷᠪᠤᠯᠵᠢᠯᠠᠭ᠎ᠠ᠂ ᠮᠡᠳᠡᠭᠡᠯᠡᠯ ᠦᠨ ᠤᠷᠠᠨ ᠵᠣᠬᠢᠶᠠᠯ᠂ ᠨᠠᠢᠷᠠᠭᠤᠯᠤᠯ ᠢ ᠣᠯᠠᠨ ᠲᠣᠭ᠎ᠠ ᠪᠠᠷ ᠵᠣᠬᠢᠶᠠᠨ ᠪᠠᠢᠭᠤᠯᠵᠤ ᠨᠠᠢᠳᠠᠯᠠᠵᠠᠢ᠃ ᠷᠠᠳᠢᠣ᠋ ᠨᠡᠪᠲᠡᠷᠡᠭᠦᠯᠭᠡ  ᠵᠢᠨ ᠹᠷᠣᠨᠲ    ᠲᠦ᠍ ᠭᠠᠷᠤᠮᠠᠭᠴᠠ ᠷᠠᠳᠢᠣ᠋ ᠨᠡᠪᠲᠡᠷᠡᠭᠦᠯᠭᠡ  ᠵᠢᠨ ᠶᠠᠷᠢᠶ᠎ᠠ ᠬᠡᠯᠡᠯᠴᠡᠭᠡᠨ ᠦ ᠵᠥᠪ ᠵᠢᠯᠤᠭᠤᠳᠤᠯᠭ᠎ᠠ ᠶ᠋ᠢ ᠡᠷᠬᠢᠮᠯᠡᠵᠦ᠂ ᠷᠠᠳᠢᠣ᠋ ᠫᠷᠣᠭ᠌ᠷᠠᠮ ᠦᠨ ᠥᠭᠡᠷᠡᠴᠢᠯᠡᠯᠲᠡ ᠶ᠋ᠢ ᠲᠠᠰᠤᠷᠠᠯᠲᠠ ᠦᠬᠡᠶ ᠬᠢᠵᠦ᠂ ᠨᠡᠪᠲᠡᠷᠡᠭᠦᠯᠭᠡ  ᠵᠢᠨ ᠶᠡᠷᠦᠩᠬᠡᠶ ᠴᠠᠭ ᠢ [8 ᠴᠠᠭ ᠶᠠᠪᠤᠭᠤᠯᠵᠤ᠂ 20% ᠪᠠᠷ ᠨᠡᠮᠡᠭᠳᠡᠭᠦᠯᠵᠡᠢ᠃ ᠳᠠᠭᠠᠭᠠᠮᠠᠯ ᠨᠡᠪᠲᠡᠷᠡᠭᠦᠯᠭᠡ ᠶᠢ ᠶᠡᠬᠡ ᠪᠡᠷ ᠬᠦᠭᠵᠢᠭᠦᠯᠵᠦ᠂ 《ᠬᠦᠨᠳᠡᠯᠡᠨ ᠭᠤᠯᠳᠤ l 18》᠂ 《 ᠰᠣᠨᠢᠨ ᠮᠡᠳᠡᠭᠡ  ᠵᠢᠨ ᠠᠵᠢᠭᠯᠠᠯᠲᠠ》᠂ 《ᠨᠡᠢᠭᠡᠮ ᠦᠨ ᠥᠷᠯᠦᠭᠡ   ᠵᠢᠨ ᠮᠡᠳᠡᠭᠡ》᠂ 《ᠠᠵᠤ ᠠᠬᠤᠶ  ᠵᠢᠨ ᠣᠬᠤᠷ ᠳᠣᠯᠭᠢᠶᠠᠨ》᠂ 《ᠬᠠᠤᠯᠢ ᠳᠦᠷᠢᠮ ᠦ᠋ᠨ ᠰᠢᠭᠤᠳ ᠨᠡᠪᠲᠡᠷᠡᠭᠦᠯᠭᠡ》᠂ 《ᠬᠡᠷᠡᠭᠯᠡᠭᠡᠨ ᠦ ᠶᠢᠷᠲᠢᠨᠴᠦ》᠂ 《ᠡᠷᠡᠭᠦᠯ ᠡᠩᠬᠡ  ᠵᠢᠨ ᠬᠠᠨᠢ》᠂ 《ᠦᠢᠯᠡᠴᠢᠯᠡᠬᠦ ᠥᠷᠦᠭᠡ》 ᠵᠡᠷᠭᠡ ᠫᠷᠣᠭ᠌ᠷᠠᠮ ᠢ ᠵᠣᠬᠢᠶᠠᠨ ᠪᠠᠢᠭᠤᠯᠵᠤ ᠡᠷᠬᠢᠯᠡᠭᠡᠳ ᠰᠣᠨᠤᠰᠤᠭᠴᠢᠳ ᠤ᠋ᠨ ᠲᠠᠭᠠᠰᠢᠶᠠᠯ ᠢ ᠣᠯᠵᠠᠢ᠃ 《ᠤᠯᠤᠰ  ᠤᠨ ᠥᠮᠴᠢᠯᠡᠯᠲᠦ ᠠᠵᠤ ᠠᠬᠤᠢᠯᠠᠯ  ᠤᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠶ᠎ᠡ》᠂ 《ᠬᠥᠳᠡᠭᠡ ᠲᠣᠰᠭᠤᠨ ᠮᠠᠯᠵᠢᠬᠤ ᠣᠷᠤᠨ ᠤ᠋ ᠴᠢᠨᠡᠭᠡᠯᠢᠭᠵᠢᠯ ᠦᠨ ᠵᠠᠮ ᠢᠶᠠᠷ》᠂ 《ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠭᠰᠠᠨ 20 ᠵᠢᠯ》 ᠵᠡᠷᠭᠡ ᠲᠣᠮᠣ ᠬᠡᠯᠪᠡᠷᠢᠲᠦ ᠰᠤᠷᠲᠠᠯ ᠤᠬᠠᠭᠤᠯᠭ᠎ᠠ ᠶᠢ ᠵᠣᠬᠢᠶᠠᠨ ᠪᠠᠢᠭᠤᠯᠵᠤ ᠬᠢᠨᠠᠨ ᠲᠣᠭᠲᠠᠭᠠᠵᠠᠢ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 50 ᠵᠢᠯ ᠦᠨ ᠣᠶ ᠳᠤ ᠮᠣᠩᠭᠤᠯ ᠬᠢᠲᠠᠳ ᠬᠡᠯᠡ ᠪᠡᠷ 30 ᠲᠤᠰᠭᠠᠢ ᠪᠤᠯᠤᠩ ᠲᠤᠰᠭᠠᠢ ᠰᠡᠳᠦᠪ ᠦᠨ ᠡᠬᠡ ᠪᠢᠴᠢᠭ ᠵᠣᠬᠢᠶᠠᠨ ᠪᠠᠢᠭᠤᠯᠵᠤ ᠬᠢᠨᠠᠭᠰᠠᠨ ᠪᠥᠭᠡᠳ 120 ᠮᠢᠨᠦ᠋ᠲ ᠦᠨ ᠤᠳᠭ᠎ᠠ ᠤᠷᠠᠯᠢᠭ  ᠤᠨ ᠦᠳᠡᠰᠢᠯᠡᠭᠡ ᠶᠢ ᠤᠳᠤᠷᠢᠳ ᠤᠨ ᠪᠣᠳᠠᠲᠠᠢᠵᠢᠭᠤᠯᠵᠠᠢ᠃ ᠪᠠᠢᠭᠤᠯᠤᠮᠵᠢ ᠪᠠᠨ ᠥᠭᠡᠷᠡᠴᠢᠯᠡᠬᠦ᠂ ᠤᠳᠤᠷᠢᠳᠬᠤ ᠪᠠᠭ ᠢᠶᠠᠨ ᠵᠠᠯᠠᠭᠤᠵᠢᠭᠤᠯᠬᠤ ᠵᠢᠴᠢ ᠵᠠᠬ᠎ᠠ ᠳᠡᠯᠭᠡᠭᠦᠷ ᠦᠨ ᠨᠥᠬᠦᠴᠡᠯ ᠢ᠋ ᠠᠰᠢᠭᠯᠠᠵᠤ᠂ ᠨᠠᠢᠷᠠᠭᠤᠯᠤᠭᠴᠢ ᠰᠤᠷᠪᠤᠯᠵᠢᠯᠠᠭᠴᠢ  ᠵᠢᠨ ᠢᠳᠡᠪᠬᠢᠵᠢᠯ ᠢ ᠪᠠᠳᠠᠷᠠᠭᠤᠯᠬᠤ ᠲᠠᠯ᠎ᠠ ᠪᠠᠷ  ᠴᠤ᠌ ᠨᠡᠯᠢᠶᠡᠳ ᠪᠣᠳᠠᠲᠠᠶ ᠠᠷᠭ᠎ᠠ ᠠᠪ ᠴᠤ᠌ ᠠᠮᠵᠢᠯᠲᠠ ᠣᠯᠵᠠᠢ᠃ ᠭᠣᠣᠯᠯᠠᠨ ᠨᠠᠢᠷᠠᠭᠤᠯᠵᠤ ᠬᠡᠪᠯᠡᠭᠦᠯᠦᠭᠰᠡᠨ ᠨᠣᠮ 《ᠳᠤᠮᠳᠠᠳᠤ ᠤᠯᠤᠰ  ᠤᠨ ᠮᠣᠩᠭᠤᠯ ᠰᠡᠳᠭᠦᠯ ᠦ᠋ᠨ ᠲᠣᠢᠮᠤ》᠂ 《ᠮᠣᠩᠭᠤᠯ ᠬᠡᠯᠡᠨ ᠦ ᠷᠠᠳᠢᠣ᠋ ᠲᠧᠯᠸᠢᠰ ᠦᠨ ᠥᠭᠦᠯᠡᠯ ᠦ᠋ᠨ ᠡᠮᠬᠢᠳᠭᠡᠯ》᠂ 《ᠥᠪᠦᠷ ᠮᠣᠩᠭᠤᠯ ᠤ᠋ᠨ ᠷᠠᠳᠢᠣ᠋ ᠨᠡᠪᠲᠡᠷᠡᠭᠦᠯᠭᠡ  ᠵᠢᠨ ᠳᠡᠪᠵᠢᠨ ᠵᠢᠯ》 ᠵᠡᠷᠭᠡ ᠪᠠᠢᠨ᠎ᠠ᠃ ( ᠮᠠᠨᠳᠤᠯ᠎ᠠ )