ᠨᠡᠷ᠎ᠡ:
ᠬᠠᠰᠬᠠᠪᠠ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠬᠠᠰᠬᠠᠪᠠ ( 1927 ~ 1988 ) ᠬᠢᠨᠠᠨ ᠨᠠᠢᠷᠠᠭᠤᠯᠤᠭᠴᠢ᠃ ᠰᠢᠨᠵᠢᠶᠠᠩ ᠤᠨ ᠪᠣᠷᠤᠲᠠᠯ᠎ᠠ ᠰᠢᠶᠠᠨ ᠳᠤ ᠲᠥᠷᠦᠵᠡᠢ᠃ 1943 ᠣᠨ ᠤ 7 ᠳ᠋ᠤᠭᠠᠷ ᠰᠠᠷ᠎ᠠ ᠳᠤ ᠢᠯᠢ ᠵᠢᠨ ᠨᠠᠢ᠍ᠮᠠᠳᠤᠭᠠᠷ ᠳᠤᠮᠳᠠᠳᠤ ᠰᠤᠷᠭᠠᠭᠤᠯᠢ ᠶᠢ ᠲᠡᠭᠦᠰᠭᠡᠵᠦ᠂ 1945 ᠣᠨ ᠤ 1 ᠳ᠋ᠦ᠍ᠭᠡᠷ ᠰᠠᠷ᠎ᠠ ᠳᠤ ᠭᠤᠷᠪᠠᠨ ᠠᠢᠮᠠᠭ ᠤᠨ ᠦᠨᠳᠦᠰᠦᠲᠡᠨ ᠦ ᠬᠤᠪᠢᠰᠭᠠᠯ ᠲᠦ᠍ ᠴᠡᠷᠢᠭ ᠲᠦ ᠣᠷᠤᠵᠤ ᠪᠠᠢᠯᠳᠤᠭᠴᠢ᠂ ᠪᠢᠴᠢᠭᠡᠴᠢ᠂ ᠬᠣᠷᠢᠶᠠᠨ ᠤ᠋ ᠵᠢᠭᠠᠨ ᠰᠤᠷᠭᠠᠭᠴᠢ᠂ ᠳᠡᠳ᠋ ᠼᠠᠨᠮᠤᠵᠠᠩ᠂ ᠠᠷᠠᠳ ᠤᠨ ᠴᠢᠯᠥᠭᠡᠯᠡᠬᠦ ᠴᠡᠷᠢᠭ ᠦᠨ l 4 ᠳ᠋ᠦ᠍ᠭᠡᠷ ᠳ᠋ᠢᠸᠢᠽᠢ ᠵᠢᠨ ᠠᠵᠢᠯᠲᠠᠨ ᠵᠡᠷᠭᠡ ᠡᠭᠦᠷᠭᠡ ᠬᠠᠷᠢᠭᠤᠴᠠᠯᠭ᠎ᠠ ᠲᠠᠢ ᠶᠠᠪᠤᠵᠠᠢ᠃ 20 ᠳ᠋ᠤᠭᠠᠷ ᠵᠠᠭ ᠤᠨ ᠤ ᠳᠠᠯᠠᠭᠠᠳ ᠣᠨ ᠳᠤ ᠰᠢᠨᠵᠢᠶᠠᠩ ᠤᠨ ᠬᠡᠪᠯᠡᠯ ᠦᠨ ᠬᠣᠷᠢᠶᠠᠨ ᠤ᠋ ᠮᠣᠩᠭᠤᠯ ᠨᠠᠢᠷᠠᠭᠤᠯᠬᠤ ᠲᠠᠰᠤᠭ ᠤᠨ ᠡᠷᠬᠢᠯᠡᠭᠴᠢ ᠪᠠᠢᠵᠤ᠂ ᠳᠠᠷᠠᠭ᠎ᠠ ᠨᠢ ᠲᠤᠰ ᠬᠡᠪᠯᠡᠯ ᠦᠨ ᠬᠣᠷᠢᠶᠠᠨ ᠤ᠋ ᠳᠡᠳ᠋ ᠶᠡᠷᠦᠩᠬᠡᠶ ᠨᠠᠢᠷᠠᠭᠤᠯᠤᠭᠴᠢ ᠪᠣᠯᠪᠠ᠃ ᠰᠢᠨᠵᠢᠶᠠᠩ ᠤᠨ ᠥᠪᠡᠷᠲᠡᠭᠡᠨ ᠵᠠᠰᠠᠬᠤ ᠣᠷᠤᠨ ᠤ᠋ ᠣᠷᠴᠢᠭᠤᠯᠤᠭᠴᠢᠳ ᠤᠨ ᠨᠡᠢᠭᠡᠮᠯᠢᠭ ᠦᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ ᠦᠨ ᠡᠷᠳᠡᠮ ᠰᠢᠨᠵᠢᠯᠡᠭᠡᠨ ᠦ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠤᠳᠤᠷᠢᠳᠬᠤ ᠳᠡᠳ᠋ ᠭᠡᠰᠢᠭᠦᠨ᠂ 《ᠵᠢᠩᠭᠠᠷ》 ᠴᠤ᠌ᠭᠯᠠᠭᠤᠯᠵᠤ ᠡᠮᠬᠢᠳᠭᠡᠬᠦ ᠠᠵᠢᠯ ᠤᠨ ᠳᠡᠳ᠋ ᠭᠡᠰᠢᠭᠦᠨ ᠵᠡᠷᠭᠡ ᠲᠤᠰᠢᠶᠠᠯ ᠢ ᠬᠠᠪᠰᠤᠷᠭᠠᠨ ᠬᠢᠵᠦ ᠪᠠᠢᠯ᠎ᠠ᠃ ᠨᠣᠮ ᠬᠡᠪᠯᠡᠯ ᠦᠨ ᠠᠵᠢᠯ ᠳᠤ ᠪᠠᠢᠭᠰᠠᠨ 37 ᠵᠢᠯ ᠦᠨ ᠲᠦ᠍ᠷᠰᠢ 173 ᠲᠥᠷᠦᠯ ᠦ᠋ᠨ ᠨᠣᠮ ᠪᠢᠴᠢᠭ ᠢ ᠣᠷᠴᠢᠭᠤᠯᠵᠤ ᠨᠠᠢᠷᠠᠭᠤᠯᠵᠤ ᠬᠢᠨᠠᠵᠤ ᠶᠠᠪᠤᠵᠠᠢ᠃ ᠦᠰᠥᠭ ᠦᠨ ᠲᠣᠭ᠎ᠠ ᠨᠢ 3000 ᠭᠠᠷᠤᠶ ᠲᠦᠮᠡ ᠪᠣᠶ᠃ ᠲᠡᠭᠦᠨ ᠦ ᠨᠠᠢᠷᠠᠭᠤᠯ ᠤᠨ ᠬᠡᠪᠯᠡᠭᠦᠯᠦᠭᠰᠡᠨ 《ᠬᠡᠦᠬᠡᠳ ᠦ᠋ᠨ ᠬᠡᠯᠡᠨ ᠦ ᠪᠢᠯᠢᠭ》᠂ 《ᠢᠷᠦᠭᠡᠯ ᠮᠠᠭᠲᠠᠭᠠᠯ》᠂ 《 ᠰᠢᠨᠵᠢᠶᠠᠩ ᠤᠨ ᠮᠣᠩᠭᠤᠯ ᠦᠨᠳᠦᠰᠦᠲᠡᠨ ᠦ ᠤᠯᠠᠮᠵᠢᠯᠠᠯ ᠲᠦ᠍ ᠠᠷᠠᠳ ᠤᠨ ᠳᠠᠭᠤᠤ ᠵᠢᠨ ᠲᠡᠭᠦᠪᠦᠷᠢ》 ᠭᠡᠬᠦ ᠭᠤᠷᠪᠠᠨ ᠨᠣᠮ ᠨᠢ 1983 ᠣᠨ ᠳᠤ ᠰᠢᠨᠵᠢᠶᠠᠩ ᠤᠨ ᠤᠢᠭᠤᠷ ᠤᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠠᠮᠠᠨ ᠵᠣᠬᠢᠶᠠᠯ ᠪᠦᠲᠦᠭᠡᠯ ᠦᠨ 2 ᠳ᠋ᠤᠭᠠᠷ ᠲᠠᠰ ᠤᠨ ᠱᠠᠩᠨᠠᠯ ᠣᠯᠵᠠᠢ᠃ ᠲᠡᠭᠦᠨ ᠦ ᠭᠣᠣᠯᠯᠠᠨ ᠬᠠᠷᠢᠭᠤᠴᠠᠨ ᠨᠠᠢᠷᠠᠭᠤᠯᠤᠭᠰᠠᠨ 《ᠵᠢᠩᠭᠠᠷ》 ᠲᠤᠤᠯᠢ 1989 ᠣᠨ ᠳᠤ ᠳᠤᠮᠳᠠᠳᠤ ᠤᠯᠤᠰ ᠤᠨ ᠦᠨᠳᠦᠰᠦᠲᠡᠨ ᠦ ᠨᠣᠮ ᠪᠢᠴᠢᠭ ᠦᠨ ᠠᠩᠬᠠᠳᠤᠭᠠᠷ ᠬᠤᠭᠤᠴᠠᠭᠠᠨ ᠤ ᠮᠣᠩᠭᠤᠯ ᠨᠣᠮ ᠪᠢᠴᠢᠭ ᠦᠨ ᠰᠢᠯᠭᠠᠷᠠᠭᠤᠯᠤᠯᠲᠠ ᠳᠤ 1 ᠳ᠋ᠦ᠍ᠭᠡᠷ ᠲᠠᠰ ᠤᠨ ᠱᠠᠩᠨᠠᠯ ᠬᠦᠷᠲᠡᠪᠡ᠃ ᠲᠡᠷᠡ ᠪᠠᠰᠠ ᠤᠷᠢᠳ ᠬᠣᠵᠢᠳ ᠳᠤᠮᠳᠠᠳᠤ ᠤᠯᠤᠰ ᠤᠨ ᠬᠡᠪᠯᠡᠯ ᠦᠨ ᠠᠵᠢᠯᠲᠠᠨ ᠤ ᠨᠡᠢᠭᠡᠮᠯᠢᠭ ᠡᠴᠡ ᠣᠯᠭᠤᠭᠰᠠᠨ 《ᠨᠡᠢᠭᠡᠮ ᠵᠢᠷᠤᠮ ᠤᠨ ᠬᠡᠪᠯᠡᠯ ᠦᠨ ᠦᠢᠯᠡᠰ ᠲᠦ ᠢᠳᠡᠪᠬᠢᠲᠡᠶ ᠬᠤᠪᠢ ᠨᠡᠮᠡᠷᠢ ᠡᠷᠭᠦᠭᠰᠡᠨ ᠢᠷᠠᠭᠤ ᠠᠯᠳᠠᠷ ᠤᠨ ᠦᠨᠡᠮᠯᠡᠯ》᠂ ᠰᠢᠨᠵᠢᠶᠠᠩ ᠤᠨ ᠤᠢᠭᠤᠷ ᠤᠨ ᠥᠪᠡᠷᠲᠡᠭᠡᠨ ᠵᠠᠰᠠᠬᠤ ᠣᠷᠤᠨ ᠠ᠋ᠴᠠ ᠣᠯᠭᠤᠭᠰᠠᠨ 《ᠰᠢᠯᠢᠳᠡᠭ ᠲᠤᠰᠭᠠᠢ ᠮᠡᠷᠭᠡᠵᠢᠯ ᠦᠨ ᠠᠵᠢᠯᠲᠠᠨ》 ᠵᠡᠷᠭᠡ ᠦᠨᠡᠮᠯᠡᠯ ᠢ ᠬᠦᠷᠲᠡᠵᠡᠶ᠃
Copyight 2016 by nmgmzw.gov.cn All Rights Reserved