ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠬᠠᠵᠠᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠬᠠᠵᠠᠢ ( 1933—— ) ᠬᠢᠨᠠᠨ ᠣᠷᠴᠢᠭᠤᠯᠤᠭᠴᠢ᠃ ᠰᠢᠨᠵᠢᠶᠠᠩ  ᠤᠨ ᠤᠢᠭᠤᠷ  ᠤᠨ ᠥᠪᠡᠷᠲᠡᠭᠡᠨ ᠵᠠᠰᠠᠬᠤ ᠣᠷᠤᠨ  ᠤ ᠶᠠᠨᠵᠢ ᠰᠢᠶᠠᠨ ᠳᠤ ᠲᠦᠷᠥᠪᠡ᠃ 1955 ᠣᠨ ᠳᠤ ᠰᠢᠨᠵᠢᠶᠠᠩ  ᠤᠨ ᠺᠠᠲᠠᠷ  ᠤᠨ ᠰᠤᠷᠭᠠᠭᠤᠯᠢ  ᠵᠢᠨ ᠣᠷᠴᠢᠭᠤᠯᠭ᠎ᠠ  ᠵᠢᠨ ᠠᠩᠭᠢ ᠠᠴᠠ ᠲᠡᠭᠦᠰ ᠴᠤ᠌ ᠲᠤᠰ ᠰᠤᠷᠭᠠᠭᠤᠯᠢ ᠳᠠᠭᠠᠨ ᠦᠯᠡᠳᠡᠵᠦ ᠪᠠᠭᠰᠢᠯᠠᠪᠠ᠃ ᠳᠠᠷᠠᠭ᠎ᠠ ᠨᠢ ᠪᠠᠶᠠᠨᠭᠣᠣᠯ ᠦᠨ ᠮᠣᠩᠭᠤᠯ ᠥᠪᠡᠷᠲᠡᠭᠡᠨ ᠵᠠᠰᠠᠬᠤ ᠵᠧᠦ  ᠵᠢᠨ ᠠᠷᠠᠳ  ᠤᠨ ᠵᠥᠪᠯᠡᠯ ᠳ᠋ᠦ᠍ ᠣᠷᠴᠢᠭᠤᠯᠤᠭᠴᠢ ᠪᠠᠢᠵᠤ᠂ 1958 ᠣᠨ ᠳᠤ ᠰᠢᠨᠵᠢᠶᠠᠩ  ᠤᠨ ᠠᠷᠠᠳ  ᠤᠨ ᠷᠠᠳᠢᠣ᠋ ᠨᠡᠪᠲᠡᠷᠡᠭᠦᠯᠭᠡ  ᠵᠢᠨ ᠬᠣᠷᠢᠶᠠᠨ ᠳ᠋ᠤ᠌ ᠠᠵᠢᠯ ᠰᠢᠯᠵᠢᠨ ᠨᠠᠢᠷᠠᠭᠤᠯᠤᠭᠴᠢ ᠪᠣᠯᠵᠤ ᠨᠠᠰᠤᠨ ᠤ ᠠᠮᠠᠷᠠᠯᠲᠠ ᠳᠠᠭᠠᠨ ᠭᠠᠷᠲᠠᠯ᠎ᠠ ᠮᠣᠩᠭᠤᠯ ᠷᠠᠳᠢᠣ᠋᠂ ᠰᠣᠨᠢᠨ ᠮᠡᠳᠡᠭᠡ᠂ ᠤᠳᠭ᠎ᠠ ᠤᠷᠠᠯᠢᠭ  ᠤᠨ ᠨᠡᠪᠲᠡᠷᠡᠭᠦᠯᠭᠡ  ᠵᠢᠨ ᠡᠬᠡ ᠪᠢᠴᠢᠭ ᠢ ᠨᠠᠢᠷᠠᠭᠤᠯᠬᠤ᠂ ᠣᠷᠴᠢᠭᠤᠯᠬᠤ᠂ ᠬᠢᠨᠠᠬᠤ ᠠᠵᠢᠯ ᠢ ᠬᠢᠵᠠᠶ᠃ ᠲᠡᠷᠡ ᠪᠡᠷ ᠰᠢᠨᠵᠢᠶᠠᠩ  ᠤᠨ ᠤᠢᠭᠤᠷ  ᠤᠨ ᠥᠪᠡᠷᠲᠡᠭᠡᠨ ᠵᠠᠰᠠᠬᠤ ᠣᠷᠤᠨ ᠤ᠋ ᠣᠷᠴᠢᠭᠤᠯᠭ᠎ᠠ  ᠵᠢᠨ ᠠᠵᠢᠯᠲᠠᠨ ᠤ ᠨᠡᠢᠭᠡᠮᠯᠢᠭ ᠦᠨ ᠳᠡᠳ᠋ ᠳᠠᠷᠤᠭ᠎ᠠ᠂ ᠰᠣᠨᠢᠨ ᠮᠡᠳᠡᠭᠡ  ᠵᠢᠨ ᠳᠡᠭᠡᠳᠦ ᠮᠡᠷᠭᠡᠵᠢᠯ ᠦᠨ    ᠲᠤᠰᠢᠶᠠᠯ  ᠤᠨ ᠬᠢᠷᠢ ᠬᠡᠮ ᠢ ᠰᠢᠯᠭᠠᠨ ᠲᠣᠭᠲᠠᠭᠠᠬᠤ ᠺᠣᠮᠢᠰ  ᠤᠨ ᠭᠡᠰᠢᠭᠦᠨ᠂ ᠴᠥᠭᠡᠨ ᠲᠣᠭᠠᠨ   ᠲᠦ᠍ ᠦᠨᠳᠦᠰᠦᠲᠡᠨ ᠦ ᠬᠡᠯᠡᠨ ᠦ ᠳᠡᠭᠡᠳᠦ ᠮᠡᠷᠭᠡᠵᠢᠯ ᠦᠨ    ᠲᠤᠰᠢᠶᠠᠯ  ᠤᠨ ᠬᠢᠷᠢ ᠬᠡᠮ ᠢ ᠰᠢᠯᠭᠠᠨ ᠲᠣᠭᠲᠠᠭᠠᠬᠤ ᠺᠣᠮᠢᠰ  ᠤᠨ ᠭᠡᠰᠢᠭᠦᠨ ᠪᠠᠢᠵᠠᠢ᠃ 《 ᠰᠣᠨᠢᠨ ᠮᠡᠳᠡᠭᠡ ᠪᠠ ᠤᠯᠤᠰ ᠲᠦᠷᠥ  ᠵᠢᠨ ᠣᠷᠴᠢᠭᠤᠯᠭ᠎ᠠ  ᠵᠢᠨ  ᠲᠤᠰᠭᠠᠢ》᠂ 《ᠰᠢᠨ᠎ᠡ ᠨᠡᠷ᠎ᠡ ᠲᠣᠮᠢᠶ᠎ᠠ ᠶᠢ ᠣᠷᠴᠢᠭᠤᠯᠬᠤ ᠪᠠ ᠨᠡᠷᠡᠯᠡᠬᠦ ᠠᠰᠠᠭᠤᠳᠠᠯ  ᠤᠨ  ᠲᠤᠰᠭᠠᠢ》᠂ 《ᠬᠢᠲᠠᠳ ᠬᠡᠯᠡᠨ ᠦ 《专利 ) ᠭᠡᠬᠦ ᠦᠭᠡ  ᠵᠢᠨ ᠮᠣᠩᠭᠤᠯ ᠣᠷᠴᠢᠭᠤᠯᠭ᠎ᠠ ᠠᠴᠠ ᠪᠣᠳᠣᠭᠳᠠᠭᠰᠠᠨ ᠵᠦᠢᠯ》 ᠭᠡᠬᠦ ᠡᠷᠳᠡᠮ ᠰᠢᠨᠵᠢᠯᠡᠭᠡᠨ ᠦ ᠥᠭᠦᠯᠡᠯ ᠦ᠋ᠳ ᠢ᠋ ᠨᠡᠢᠲᠡᠯᠡᠭᠰᠡᠨ ᠪᠥᠭᠡᠳ 《ᠬᠤᠪᠢ ᠵᠠᠶᠠᠭ᠎ᠠ》 ( ᠷᠣᠮᠠᠨ )᠂ 《ᠨᠢᠯᠬ᠎ᠠ ᠴᠡᠴᠡᠭ》 《    ᠲᠤᠭᠤᠵᠢ )᠂ 《ᠦᠵᠡᠰᠬᠦᠯᠡᠩᠲᠦ ᠰᠠᠢᠬᠠᠨ ᠪᠠᠶᠠᠨᠪᠤᠯᠠᠭ》 (  ᠴᠤ᠌ᠪᠤᠷᠠᠯ ᠨᠠᠢᠷᠠᠭᠤᠯᠤᠯ ) ᠵᠡᠷᠭᠡ ᠮᠣᠩᠭᠤᠯ ᠵᠣᠬᠢᠶᠠᠯ ᠢ ᠬᠢᠲᠠᠳᠴᠢᠯᠠᠨ ᠬᠡᠪᠯᠡᠭᠦᠯᠵᠡᠢ᠃ ᠬᠢᠲᠠᠳ ᠢ ᠮᠣᠩᠭᠤᠯ ᠬᠡᠯᠡ ᠪᠡᠷ ᠣᠷᠴᠢᠭᠤᠯ ᠤᠨ ᠬᠡᠪᠯᠡᠭᠦᠯᠦᠭᠰᠡᠨ ᠨᠣᠮ ᠵᠣᠬᠢᠶᠠᠯ ᠪᠣᠯ 《ᠳᠤᠮᠳᠠᠳᠤ ᠤᠯᠤᠰ  ᠤᠨ ᠲᠡᠦᠬᠡ  ᠵᠢᠨ ᠲᠣᠪᠴᠢ》᠂ 《 ᠰᠢᠨᠵᠢᠶᠠᠩ  ᠤᠨ ᠲᠣᠪᠴᠢ ᠲᠡᠦᠬᠡ》 ( 1᠂ 3 ᠪᠦᠯᠦᠭ ) ᠵᠡᠷᠭᠡ ᠪᠠᠢᠨ᠎ᠠ᠃ ( ᠪᠠᠳᠮ᠎ᠠ )