ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠬᠠᠷᠠᠲᠣᠭᠣᠭ᠎ᠠ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠬᠠᠷᠠᠲᠣᠭᠣᠭ᠎ᠠ ( 1938~ ) ᠬᠢᠨᠠᠨ ᠣᠷᠴᠢᠭᠤᠯᠤᠭᠴᠢ᠃ ᠥᠪᠦᠷ ᠮᠣᠩᠭᠤᠯ ᠤ᠋ᠨ ᠵᠢᠷᠢᠮ ᠠᠢᠮᠠᠭ  ᠤᠨ ᠵᠠᠷᠤᠳ ᠬᠣᠰᠢᠭᠤᠨ ᠳᠤ ᠲᠥᠷᠦᠵᠡᠢ᠃ 1957 ᠣᠨ ᠳᠤ ᠥᠪᠦᠷ ᠮᠣᠩᠭᠤᠯ ᠤ᠋ᠨ ᠮᠣᠩᠭᠤᠯ ᠬᠡᠯᠡ ᠪᠢᠴᠢᠭ ᠦᠨ  ᠲᠤᠰᠭᠠᠢ ᠮᠡᠷᠭᠡᠵᠢᠯ ᠦᠨ ᠰᠤᠷᠭᠠᠭᠤᠯᠢ  ᠵᠢᠨ ᠣᠷᠴᠢᠭᠤᠯᠬᠤ ᠠᠩᠭᠢ ᠠᠴᠠ ᠲᠡᠭᠦᠰ ᠴᠤ᠌᠂ ᠥᠪᠦᠷ ᠮᠣᠩᠭᠤᠯ ᠤ᠋ᠨ 《ᠨᠠᠮ  ᠤᠨ ᠬᠥᠮᠦᠵᠢᠯ》 ᠰᠡᠳᠭᠦᠯ ᠦ᠋ᠨ ᠬᠣᠷᠢᠶᠠᠨ ᠳ᠋ᠤ᠌ ᠠᠵᠢᠯ ᠬᠤᠪᠢᠶᠠᠭᠳᠠᠨ᠂ ᠣᠷᠴᠢᠭᠤᠯᠬᠤ᠂ ᠰᠤᠷᠪᠤᠯᠵᠢᠯᠠᠬᠤ᠂ ᠨᠠᠢᠷᠠᠭᠤᠯᠬᠤ ᠠᠵᠢᠯ ᠬᠢᠵᠠᠶ᠃ ᠡᠯ᠎ᠡ ᠹᠷᠣᠨᠲ ᠠᠴᠠ ᠰᠢᠯᠭᠠᠷᠠᠭᠰᠠᠨ ᠵᠢᠱ᠌ᠢᠶᠡᠴᠢ ᠨᠠᠮ  ᠤᠨ ᠭᠡᠰᠢᠭᠦᠨ ᠢ ᠣᠯᠠᠨ ᠰᠤᠷᠪᠤᠯᠵᠢᠯᠠᠵᠤ ᠨᠡᠢᠲᠡᠯᠡᠭᠰᠡᠨ ᠪᠥᠭᠡᠳ ᠲᠠᠯ᠎ᠠ ᠨᠤᠲᠤᠭ ᠤᠨ ᠪᠢᠴᠢᠬᠠᠨ ᠪᠠᠭᠠᠲᠦ᠍ᠷ ᠯᠦᠩ ᠮᠧᠶ᠂ ᠢᠦᠢ ᠷᠦᠩ ᠢ ᠰᠤᠷᠪᠤᠯᠵᠢᠯᠠᠨ ᠮᠡᠳᠡᠭᠡᠯᠡᠵᠡᠢ᠃ 1970 ᠣᠨ ᠳᠤ ᠲᠥᠪ ᠦ᠋ᠨ ᠠᠷᠠᠳ  ᠤᠨ ᠷᠠᠳᠢᠣ᠋ ᠨᠡᠪᠲᠡᠷᠡᠭᠦᠯᠭᠡ  ᠵᠢᠨ ᠬᠣᠷᠢᠶ᠎ᠠ ᠳᠤ ᠠᠵᠢᠯ ᠰᠢᠯᠵᠢᠵᠦ᠂ ᠮᠣᠩᠭᠤᠯ ᠬᠡᠯᠡᠨ ᠦ ᠰᠣᠨᠢᠨ ᠮᠡᠳᠡᠭᠡᠨ ᠦ ᠣᠷᠴᠢᠭᠤᠯᠬᠤ᠂ ᠨᠠᠢᠷᠠᠭᠤᠯᠬᠤ᠂ ᠰᠤᠷᠪᠤᠯᠵᠢᠯᠠᠬᠤ ᠠᠵᠢᠯ ᠬᠢᠵᠦ᠂ ᠳᠡᠳ᠋ ᠳᠠᠷᠤᠭ᠎ᠠ᠂ ᠦᠨᠳᠦᠰᠦᠲᠡᠨ ᠦ ᠬᠡᠯᠲᠡᠰ ᠦᠨ ᠲᠤᠰᠭᠠᠢ ᠲᠤᠰᠢᠶᠠᠯ ᠲᠠᠢ ᠨᠠᠮ  ᠤᠨ ᠡᠭᠦᠷ ᠦᠨ ᠱᠦᠵᠢ ᠵᠡᠷᠭᠡ ᠲᠤᠰᠢᠶᠠᠯ ᠬᠠᠷᠢᠭᠤᠴᠠᠵᠤ ᠥᠩᠭᠡᠷᠡᠪᠡ᠃ ᠲᠡᠭᠦᠨ ᠦ ᠬᠤᠪᠢ ᠪᠠᠷ ᠢᠶᠠᠨ ᠪᠤᠶᠤ ᠪᠤᠰᠤᠳ  ᠤᠨ ᠬᠠᠮᠲᠤ ᠣᠷᠴᠢᠭᠤᠯᠵᠤ ᠬᠡᠪᠯᠡᠭᠦᠯᠦᠭᠰᠡᠨ ᠨᠣᠮ ᠪᠢᠴᠢᠭ ᠭᠡᠪᠡᠯ᠄ 《ᠭᠦᠨ ᠤᠬᠠᠭᠠᠨ》᠂ 《ᠬᠤᠪᠢᠰᠤᠩᠭᠤᠶ ᠪᠣᠳᠠᠰᠴᠢ ᠦᠵᠡᠯ》᠂ 《ᠡᠬᠡ ᠣᠷᠤᠨ》᠂ 《ᠬᠥᠮᠦᠨ ᠲᠦᠷᠥᠯᠬᠢᠲᠡᠨ ᠦ ᠪᠣᠯᠪᠠᠰᠤᠨ ᠤ᠋  ᠲᠤᠰᠭᠠᠢ》᠂ 《ᠬᠡᠦᠬᠡᠳ ᠦ᠋ᠨ ᠥᠭᠦᠯᠡᠯᠭᠡ   ᠵᠢᠨ ᠰᠣᠩᠭᠤᠮᠠᠯ》᠂ 《ᠶᠢᠯᠸᠢᠴᠢᠳ ᠦᠨ ᠦᠯᠢᠭᠡᠷ》᠂ 《ᠲᠠᠪᠤᠨ ᠲᠦᠮᠡᠨ ᠵᠢᠯ ᠦᠨ ᠡᠮᠦᠨᠡᠬᠢ ᠵᠣᠴᠢᠨ》 ᠵᠡᠷᠭᠡ ᠪᠣᠯᠤᠨ᠎ᠠ᠃