ᠨᠡᠷ᠎ᠡ:
ᠮᠥᠩᠬᠡ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠮᠥᠩᠬᠡ ( 1923—— ) ᠳᠠᠭᠤᠷ ᠦᠨᠳᠦᠰᠦᠲᠡᠨ᠂ ᠨᠣᠮ ᠬᠡᠪᠯᠡᠯ ᠦᠨ ᠠᠵᠢᠯᠲᠠᠨ᠂ ᠨᠠᠢᠷᠠᠭᠤᠯᠤᠭᠴᠢ᠃ ᠥᠪᠦᠷ ᠮᠣᠩᠭᠤᠯ ᠤ᠋ᠨ ᠬᠥᠯᠦᠨ ᠪᠤᠢᠷ ᠠᠢᠮᠠᠭ ᠤᠨ ᠮᠣᠷᠢᠨ ᠳᠠᠪᠠᠭ᠎ᠠ ᠳᠤ ᠲᠥᠷᠦᠵᠡᠢ᠃ 1938 ᠣᠨ ᠳᠤ ᠸᠠᠩ ᠤᠨ ᠰᠦᠮ᠎ᠡ ᠳᠡᠬᠢ ᠬᠢᠩᠭᠠᠨ ᠳᠡᠭᠡᠳᠦ ᠰᠤᠷᠭᠠᠭᠤᠯᠢ ᠳᠤ ᠰᠤᠷᠤᠯᠴᠠᠵᠤ᠂ 1942 ᠣᠨ ᠳᠤ ᠲᠡᠭᠦᠰᠦᠭᠰᠡᠨ ᠦ ᠬᠣ ᠰᠢᠨ᠎ᠡ ᠵᠢᠶᠠᠨ ᠭᠦᠸᠸ ᠶᠡᠬᠡ ᠰᠤᠷᠭᠠᠭᠤᠯᠢ ᠳᠤ ᠶᠠᠫᠣᠨ ᠢ ᠡᠰᠡᠷᠭᠦᠴᠡᠬᠦ ᠳᠠᠵᠢᠨ ᠢᠯᠠᠯᠲᠠ ᠤᠯᠲᠠᠯ᠎ᠠ ᠰᠤᠷᠤᠯᠴᠠᠪᠠ᠃ 1946 ᠣᠨ ᠳᠤ ᠮᠣᠷᠢᠨ ᠳᠠᠪᠠᠭ᠎ᠠ ᠵᠢᠨ ᠳᠠᠭᠤᠷ ᠤᠨ ᠥᠪᠡᠷᠲᠡᠭᠡᠨ ᠵᠠᠰᠠᠬᠤ ᠬᠣᠰᠢᠭᠤᠨ ᠤ ᠳᠤᠮᠳᠠᠳᠤ ᠰᠤᠷᠭᠠᠭᠤᠯᠢ ᠵᠢᠨ ᠪᠠᠭᠰᠢ᠂ ᠰᠤᠷᠭᠠᠭᠤᠯᠢ ᠵᠢᠨ ᠵᠠᠬᠢᠷᠤᠯ ᠪᠠᠢᠵᠠᠢ᠃ 1945 ᠣᠨ ᠠᠴᠠ 1956 ᠣᠨ ᠪᠣᠯᠲᠠᠯ᠎ᠠ ᠥᠪᠦᠷ ᠮᠣᠩᠭᠤᠯ ᠤ᠋ᠨ ᠡᠳᠦᠷ ᠦᠨ ᠰᠣᠨᠢᠨ ᠤ ᠵᠡᠭᠦᠨ ᠬᠡᠰᠡᠭ ᠦᠨ ᠬᠡᠪᠯᠡᠯ ᠳᠦ ᠨᠠᠢᠷᠠᠭᠤᠯᠤᠭᠴᠢ᠂ ᠶᠡᠷᠦᠩᠬᠡᠶ ᠨᠠᠢᠷᠠᠭᠤᠯᠬᠤ ᠲᠠᠰᠤᠭ ᠤᠨ ᠡᠷᠬᠢᠯᠡᠭᠴᠢ ᠵᠢᠨ ᠲᠤᠰᠢᠶᠠᠯ ᠢ ᠲᠤᠰ ᠲᠤᠰ ᠬᠠᠷᠢᠭᠤᠴᠠᠵᠤ ᠪᠠᠢᠯ᠎ᠠ᠃ 1950 ᠣᠨ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ᠋ ᠤᠬᠠᠭᠤᠯᠬᠤ ᠬᠡᠯᠲᠡᠰ ᠦᠨ ᠰᠣᠨᠢᠨ ᠰᠡᠳᠭᠦᠯ ᠦ᠋ᠨ ᠭᠠᠵᠠᠷ ᠤᠨ ᠳᠠᠷᠤᠭ᠎ᠠ ᠪᠠᠢᠪᠠ᠃ 1957 ᠣᠨ ᠳᠤ ᠳᠠᠭᠤᠷ ᠬᠡᠯᠡᠨ ᠦ ᠠᠵᠢᠯᠯᠠᠬᠤ ᠺᠣᠮᠢᠰ ᠤᠨ ᠳᠡᠳ᠋ ᠡᠷᠬᠢᠯᠡᠭᠴᠢ ᠪᠡᠷ ᠠᠵᠢᠯᠯᠠᠵᠤ᠂ 1963 ᠣᠨ ᠳᠤ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶ᠎ᠠ ᠵᠢᠨ ᠳᠡᠳ᠋ ᠬᠣᠷᠢᠶ᠎ᠠ ᠵᠢᠨ ᠳᠠᠷᠤᠭ᠎ᠠ ᠵᠢᠨ ᠲᠤᠰᠢᠶᠠᠯ ᠬᠠᠷᠢᠭᠤᠴᠠᠪᠠ᠃ 1975 ᠣᠨ ᠳᠤ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯᠯᠠᠬᠤ ᠬᠡᠷ ᠦᠨ ᠬᠠᠷᠢᠭᠤᠴᠠᠯᠭᠠᠲᠠᠨ ᠪᠠᠢᠪᠠ᠃ 1979 ᠣᠨ ᠳᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠡᠪᠯᠡᠯ ᠦᠨ ᠦᠢᠯᠡᠰ ᠦᠨ ᠬᠠᠮᠢᠶᠠᠷᠤᠯᠲᠠ ᠵᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠵᠢᠨ ᠲᠤᠰᠢᠶᠠᠯ ᠬᠠᠷᠢᠭᠤᠴᠠᠵᠠᠶ᠃ 1983 ᠣᠨ ᠳᠤ ᠨᠠᠰ ᠤᠨ ᠤ ᠠᠮᠠᠷᠠᠯᠲᠠ ᠠᠪᠤᠪᠠ᠃ ᠲᠡᠷᠡ ᠪᠡᠷ 1984 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ᠋ 4 ᠳ᠋ᠦ᠍ᠭᠡᠷ ᠬᠤᠭᠤᠴᠠᠭᠠᠨ ᠤ ᠨᠠᠮ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠲᠥᠯᠦᠭᠡᠯᠡᠭᠴᠢ ᠪᠡᠷ ᠰᠣᠩᠭᠤᠭᠳᠠᠪᠠ᠃ [987 ᠣᠨ ᠳᠤ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠰᠣᠨᠢᠨ ᠮᠡᠳᠡᠭᠡ ᠬᠡᠪᠯᠡᠯ ᠦᠨ ᠵᠠᠬᠢᠷᠭ᠎ᠠ᠂ ᠰᠣᠨᠢᠨ ᠮᠡᠳᠡᠭᠡ ᠬᠡᠪᠯᠡᠯ ᠦᠨ ᠠᠵᠢᠯᠲᠠᠨ ᠤ ᠨᠡᠢᠭᠡᠮᠯᠢᠭ ᠦᠨ ᠢᠷᠠᠭᠤ ᠠᠯᠳᠠᠷ ᠤᠨ ᠦᠨᠡᠮᠯᠡᠯ ᠢ ᠲᠦ᠍ᠰᠴᠤ᠌᠂ 《ᠳᠤᠮᠳᠠᠳᠤ ᠤᠯᠤᠰ ᠤᠨ ᠬᠡᠪᠯᠡᠯ ᠦᠨ ᠨᠠᠷᠠ ᠲᠦ᠍ ᠬᠥᠮᠦᠰ ᠦ᠋ᠨ ᠲᠣᠯᠢ》 ᠳᠤ ᠨᠠᠮᠲᠠᠷ ᠨᠢ ᠣᠷᠤᠪᠠ᠃ 1980 ᠣᠨ ᠠᠴᠠ ᠡᠬᠢᠯᠡᠵᠦ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠳᠠᠭᠤᠷ ᠦᠨᠳᠦᠰᠦᠲᠡᠨ ᠦ ᠲᠡᠦᠬᠡ ᠬᠡᠯᠡ ᠤᠳᠭ᠎ᠠ ᠵᠣᠬᠢᠶᠠᠯ ᠤᠨ ᠨᠡᠢᠭᠡᠮᠯᠢᠭ ᠦᠨ ᠬᠡᠷᠡᠭ ᠡᠷᠬᠢᠯᠡᠭᠴᠢ .. 1990 ᠣᠨ ᠳᠤ ᠲᠤᠰ ᠨᠡᠢᠭᠡᠮᠯᠢᠭ ᠦᠨ ᠨᠡᠷ᠎ᠡ 《ᠳᠠᠭᠤᠷ ᠤᠨ ᠨᠡᠢᠭᠡᠮᠯᠢᠭ》 ᠭᠡᠵᠦ ᠬᠠᠯᠠᠭᠰᠠᠨ ᠠᠴᠠ ᠨᠠᠭᠠᠰᠢ ᠵᠥᠪᠯᠡᠭᠴᠢ ᠪᠡᠷ ᠠᠵᠢᠯᠯᠠᠵᠤ ᠪᠠᠢᠨ᠎ᠠ᠃ ᠮᠥᠩᠬᠡ ᠴᠢᠯᠦᠭᠡᠯᠡᠭᠳᠡᠬᠦ ᠵᠢᠨ ᠡᠬᠢᠨ ᠦ ᠦᠶ᠎ᠡ ᠪᠡᠷ᠂ ᠨᠤᠲᠤᠭ ᠣᠷᠤᠨ ᠤ᠋ ᠪᠠᠨ ᠰᠣᠶᠤᠯ ᠰᠤᠷᠭᠠᠨ ᠬᠥᠮᠦᠵᠢᠯ ᠦ᠋ᠨ ᠬᠣᠴᠣᠷᠤᠩᠭᠤᠶ ᠪᠠᠢᠳᠠᠯ ᠢ ᠥᠭᠡᠷᠡᠴᠢᠯᠡᠬᠦ ᠵᠢᠨ ᠲᠥᠯᠦᠭᠡᠨᠡ ᠵᠣᠷᠢᠯᠭ᠎ᠠ ᠨᠢᠭᠡᠲᠡᠶ ᠬᠡᠳᠦᠨ ᠵᠠᠯᠠᠭᠤᠰ ᠤᠨ ᠬᠠᠮᠲᠤ ᠭᠠᠵᠠᠷ ᠭᠠᠵᠠᠷ ᠢᠶᠠᠷ ᠭᠦᠶᠦᠵᠦ ᠵᠦᠢᠯ ᠵᠦᠢᠯ ᠦᠨ ᠬᠦᠴᠢᠷ ᠵᠣᠪᠠᠭᠤᠷᠢ ᠠᠮᠰᠠᠨ ᠪᠠᠢᠵᠤ᠂ 1946 ᠣᠨ ᠳᠤ ᠮᠣᠷᠢᠨ ᠳᠠᠪᠠᠭ᠎ᠠ ᠬᠣᠰᠢᠭᠤᠨ ᠤ ᠪᠤᠲᠠᠯᠠ ᠵᠢᠨ ᠪᠠᠷᠠᠭᠤᠨ ᠳᠤᠮᠳᠠᠳᠤ ᠰᠤᠷᠭᠠᠭᠤᠯᠢ ᠶᠢ ᠡᠭᠦᠰᠭᠡᠨ ᠪᠠᠢᠭᠤᠯᠵᠠᠢ᠃ ᠡᠨᠡ ᠪᠣᠯ ᠲᠤᠰᠭᠠᠢ ᠦᠶ᠎ᠡ ᠳᠦ ᠥᠪᠦᠷ ᠮᠣᠩᠭᠤᠯ ᠳ᠋ᠤ᠌ ᠲᠣᠭᠠᠨᠲᠠᠶ ᠬᠡᠳᠦᠬᠡᠨ ᠳᠤᠮᠳᠠᠳᠤ ᠰᠤᠷᠭᠠᠭᠤᠯᠢ ᠵᠢᠨ ᠨᠢᠭᠡ ᠪ ᠣᠯᠠᠨᠤ ᠶᠤᠮ᠃ ᠲᠡᠭᠡᠭᠡᠳ ᠶᠠᠳᠠᠭᠤ ᠬᠡᠦᠬᠡᠳ ᠲᠦ᠍ ᠰᠤᠷᠭᠠᠭᠤᠯᠢ ᠣᠷᠤᠬᠤ ᠲᠣᠬᠢᠶᠠᠯ ᠣᠯᠭᠤᠨ᠂ ᠪᠠᠭ᠎ᠠ ᠪᠤᠰᠤ ᠰᠢᠯᠢᠳᠡᠭ ᠬᠥᠮᠦᠰ ᠢ᠋ ᠬᠥᠮᠦᠵᠢᠭᠦᠯᠵᠦ ᠭᠠᠷᠭᠠᠭᠰᠠᠨ ᠪᠠᠢᠨ᠎ᠠ᠃ ᠰᠣᠨᠢᠨ ᠮᠡᠳᠡᠭᠡᠨ ᠦ ᠠᠵᠢᠯ ᠬᠢᠵᠦ ᠪᠠᠢᠭᠰᠠᠨ ᠬᠤᠭᠤᠴᠠᠭᠠᠨ ᠳᠠᠭᠠᠨ᠂ ᠠᠮᠵᠢᠯᠲᠠ ᠪᠦᠲᠦᠮᠵᠢ ᠲᠣᠪᠣᠭᠣᠷ ᠪ ᠣᠯᠠᠨᠣᠷ ᠥᠪᠦᠷ ᠮᠣᠩᠭᠤᠯ ᠤ᠋ᠨ ᠡᠳᠦᠷ ᠦᠨ ᠰᠣᠨᠢᠨ ᠤ ᠦᠯᠢᠭᠡᠷ ᠵᠢᠱ᠌ᠢᠶᠡᠴᠢ ᠠᠵᠢᠯᠲᠠᠨ ᠢᠶᠠᠷ ᠰᠣᠩᠭᠤᠭᠳᠠᠵᠤ ᠪᠠᠢᠪᠠ᠃ ᠬᠡᠪᠯᠡᠯ ᠦᠨ ᠠᠵᠢᠯ ᠳᠤ ᠰᠢᠯᠵᠢᠭᠰᠡᠨ ᠦ ᠰᠡᠭᠦᠯᠡᠷ ᠥᠪᠦᠷ ᠮᠣᠩᠭᠤᠯ ᠤ᠋ᠨ ᠬᠡᠪᠯᠡᠯ ᠦᠨ ᠦᠢᠯᠡᠰ ᠦᠨ ᠬᠥᠭᠵᠢᠯ ᠳ᠋ᠦ᠍᠂ ᠮᠣᠩᠭᠤᠯ ᠬᠢᠲᠠᠳ ᠨᠣᠮ ᠪᠢᠴᠢᠭ ᠲᠠᠷᠬᠠᠭᠠᠬᠤ ᠲᠠᠯ᠎ᠠ ᠪᠠᠷ ᠬᠥᠯᠦᠰᠦ ᠤᠷᠤᠰᠭᠠᠨ ᠵᠢᠳᠭᠦᠵᠦ ᠢᠷᠡᠵᠡᠢ᠃ 1979 ᠣᠨ ᠳᠤ ᠲᠡᠷᠡ ᠪᠡᠷ ᠵᠡᠭᠦᠨ ᠬᠣᠢᠲᠤ ᠵᠢᠨ ᠭᠤᠷᠪᠠᠨ ᠠᠢᠮᠠᠭ ᠲᠦ᠍ ᠭᠦᠨᠵᠡᠭᠡᠢᠷᠡᠵᠦ ᠪᠠᠢᠴᠠᠭᠠᠨ ᠰᠤᠳᠤᠯᠤᠯᠲᠠ ᠬᠢᠵᠦ᠂ ᠬᠠᠢᠯᠠᠷ᠂ ᠲᠦᠩᠯᠢᠶᠦᠦ᠂ ᠤᠯᠠᠭᠠᠨᠬᠠᠳᠠ ᠳᠤ ᠭᠤᠷᠪᠠᠨ ᠬᠡᠪᠯᠡᠯ ᠦᠨ ᠬᠣᠷᠢᠶ᠎ᠠ ᠪᠠᠢᠭᠤᠯᠬᠤ ᠪᠠᠷ ᠳᠤᠷᠠᠳᠤᠯᠭ᠎ᠠ ᠭᠠᠷᠭᠠᠵᠤ ᠰᠡᠳᠬᠢᠯᠴᠢᠯᠡᠨ ᠪᠦᠲᠦᠭᠰᠡᠨ ᠶᠤᠮ᠃ 1957 ᠣᠨ ᠳᠤ᠂ ᠮᠥᠩᠬᠡ ᠳᠠᠭᠤᠷ ᠤᠨ ᠬᠡᠯᠡ ᠪᠢᠴᠢᠭ ᠦᠨ ᠵᠥᠪᠯᠡᠯ ᠳ᠋ᠦ᠍ ᠣᠷᠤᠭᠰᠠᠨ ᠠ᠋ᠴᠠ ᠳᠠᠭᠤᠷ ᠤᠨ ᠦᠰᠥᠭ ᠪᠢᠴᠢᠭ ᠵᠣᠬᠢᠶᠠᠬᠤ ᠲᠠᠯ᠎ᠠ ᠪᠠᠷ ᠣᠯᠠᠨ ᠠᠵᠢᠯ ᠬᠢᠵᠦ᠂ ᠬᠣᠶᠠᠷ ᠵᠢᠯ ᠰᠢᠬᠠᠮ ᠤᠨ ᠬᠤᠭᠤᠴᠠᠭᠠᠨ ᠳᠤ 《ᠳᠠᠭᠤᠷ ᠬᠡᠯᠡᠨ ᠦ ᠵᠥᠪ ᠪᠢᠴᠢᠯᠭᠡ ᠵᠢᠨ ᠳᠦᠷᠢᠮ》᠂ 《ᠳᠠᠭᠤᠷ ᠬᠡᠯᠡᠨ ᠦ ᠤᠩᠰᠢᠬᠤ ᠪᠢᠴᠢᠭ》᠂ 《ᠳᠠᠭᠤᠷ ᠤᠨ ᠰᠢᠯᠦᠭ ᠳᠠᠭᠤᠯᠠᠯ》᠂ 《ᠳᠠᠭᠤᠷ ᠤᠨ ᠠᠷᠠᠳ ᠤᠨ ᠠᠮᠠᠨ ᠦᠯᠢᠭᠡᠷ》 ᠵᠡᠷᠭᠡ ᠪᠢᠴᠢᠭ ᠢ ᠨᠠᠢᠷᠠᠭᠤᠯᠵᠤ ᠬᠡᠪᠯᠡᠭᠦᠯᠦᠭᠰᠡᠨ ᠪᠠᠢᠨ᠎ᠠ᠃ ᠬᠣᠵᠢᠮ ᠨᠢ ᠳᠠᠭᠤᠷ ᠦᠰᠥᠭ ᠪᠢᠴᠢᠭ ᠵᠣᠬᠢᠶᠠᠬᠤ ᠠᠵᠢᠯ ᠵᠣᠭᠰᠤᠭᠰᠠᠨ ᠪᠣᠯᠪᠠ ᠴᠤ᠌ ᠲᠡᠳᠡᠭᠡᠷ ᠮᠠᠲ᠋ᠧᠷᠢᠶᠠᠯ ᠨᠢ ᠳᠠᠭᠤᠷ ᠤᠨ ᠦᠭᠡ ᠬᠡᠯᠡ ᠤᠳᠭ᠎ᠠ ᠵᠣᠬᠢᠶᠠᠯ ᠢ ᠰᠤᠳᠤᠯᠬᠤ ᠬᠣᠪᠤᠷ ᠦᠨᠡᠲᠦ ᠮᠠᠲ᠋ᠧᠷᠢᠶᠠᠯ ᠪᠤᠶᠤ ᠰᠤᠳᠤᠯᠭᠠᠨ ᠤ ᠠᠵᠢᠯ ᠳᠤ ᠬᠦ ᠴᠤ᠌ᠲᠡᠶ ᠰᠠᠭᠤᠷᠢ ᠪᠣᠯᠪᠠ᠃ 《ᠰᠣᠶᠤᠯ ᠤ᠋ᠨ ᠶᠡᠬᠡ ᠬᠤᠪᠢᠰᠭᠠᠯ》 ᠤᠨ ᠳᠠᠷᠠᠭ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠵᠠ ᠵᠠᠪᠰᠢᠶᠠᠨ ᠢ ᠠᠰᠢᠭᠯᠠᠨ ᠲᠡᠷᠡ ᠪᠠᠰᠠ ᠬᠦᠰᠡᠯ ᠨᠢᠭᠡᠲᠡᠶ ᠬᠡᠳᠦᠨ ᠨᠦᠭᠦᠳ ᠦᠨ ᠬᠠᠮᠲᠤ ᠳᠠᠭᠤᠷ ᠤᠨ ᠠᠰᠠᠭᠤᠳᠠᠯ ᠢ ᠰᠤᠳᠤᠯᠬᠤ ᠡᠷᠳᠡᠮ ᠰᠢᠨᠵᠢᠯᠡᠭᠡᠨ ᠦ ᠪᠦᠯᠬᠦᠮ ᠪᠠᠢᠭᠤᠯᠬᠤ ᠪᠡᠯᠡᠳᠭᠡᠯ ᠬᠢᠪᠡ᠃ ᠡᠯ᠎ᠡ ᠲᠠᠯ᠎ᠠ ᠵᠢᠨ ᠴᠢᠷᠮᠠᠢᠯᠭ᠎ᠠ ᠪᠠᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠠᠮᠢᠶ᠎ᠠ ᠪᠦᠬᠦᠶ ᠤᠳᠤᠷᠢᠳᠤᠯᠭ᠎ᠠ ᠵᠢᠨ ᠵᠥᠪᠰᠢᠶᠡᠷᠡᠯ ᠢ᠋ ᠣᠯᠵᠤ᠂ 1980 ᠣᠨ ᠳᠤ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠳᠠᠭᠤᠷ ᠤᠨ ᠲᠡᠦᠬᠡ ᠬᠡᠯᠡ ᠤᠳᠭ᠎ᠠ ᠵᠣᠬᠢᠶᠠᠯ ᠤᠨ ᠡᠷᠳᠡᠮ ᠰᠢᠨᠵᠢᠯᠡᠭᠡᠨ ᠦ ᠨᠡᠢᠭᠡᠮᠯᠢᠭ》 ᠢ ᠪᠠᠢᠭᠤᠯᠵᠤ᠂ ᠬᠡᠷᠡᠭ ᠡᠷᠬᠢᠯᠡᠭᠴᠢ ᠵᠢᠨ ᠲᠤᠰᠢᠶᠠᠯ ᠬᠠᠷᠢᠭᠤᠴᠠᠵᠤ᠂ ᠳᠠᠭᠤᠷ ᠤᠨ ᠠᠰᠠᠭᠤᠳᠠᠯ ᠢ ᠰᠤᠳᠤᠯᠬᠤ ᠠᠵᠢᠯ ᠢ ᠡᠭᠦᠳᠦᠨ ᠨᠡᠭᠡᠭᠡᠪᠡ᠃ ᠲᠤᠰ ᠨᠡᠢᠭᠡᠮᠯᠢᠭ ᠪᠠᠢᠭᠤᠯᠤᠭᠳᠠᠮᠠᠭᠴᠠ ᠤᠯᠤᠰ ᠤᠨ ᠦᠨᠳᠦᠰᠦᠲᠡᠨ ᠦ ᠵᠥᠪᠯᠡᠯ ᠡᠴᠡ ᠵᠣᠬᠢᠶᠠᠨ ᠪᠠᠢᠭᠤᠯᠤᠭᠰᠠᠨ 《ᠴᠥᠭᠡᠨ ᠲᠣᠭᠠᠨ ᠲᠦ᠍ ᠦᠨᠳᠦᠰᠦᠲᠡᠨ ᠦ ᠲᠠᠪ ᠤᠨ ᠢᠵᠢ ᠴᠤ᠌ᠪᠤᠷᠠᠯ ᠪᠢᠴᠢᠭ》 ᠢ ᠨᠠᠢᠷᠠᠭᠤᠯᠬᠤ ᠠᠵᠢᠯ ᠳᠤ ᠣᠷᠤᠯᠴᠠᠵᠤ᠂ ᠮᠥᠩᠬᠡ ᠵᠡᠷᠭᠡ ᠬᠥᠮᠦᠰ 《ᠳᠠᠭᠤᠷ ᠦᠨᠳᠦᠰᠦᠲᠡᠨ ᠦ ᠲᠡᠦᠬᠡ》᠂ 《 ᠮᠣᠷᠢᠨ ᠳᠠᠪᠠᠭ᠎ᠠ ᠥᠪᠡᠷᠲᠡᠭᠡᠨ ᠵᠠᠰᠠᠬᠤ ᠬᠣᠰᠢᠭᠤᠨ ᠤ ᠲᠣᠢᠮᠤ ᠪᠠᠢᠳᠠᠯ》 ᠬᠣᠶᠠᠷ ᠪᠢᠴᠢᠭ ᠦᠨ ᠬᠢᠨᠠᠨ ᠲᠣᠭᠲᠠᠭᠠᠬᠤ ᠠᠵᠢᠯ ᠢ ᠭᠦᠢᠴᠡᠳᠭᠡᠪᠡ᠃ ᠵᠠᠯᠭᠠᠭ᠎ᠠ ᠪᠠᠷ ᠲᠡᠷᠡ ᠪᠠᠰᠠ ᠳᠠᠭᠤᠷ ᠤᠨ ᠲᠡᠦᠬᠡ᠂ ᠦᠭᠡ ᠬᠡᠯᠡ᠂ ᠤᠳᠭ᠎ᠠ ᠵᠣᠬᠢᠶᠠᠯ ᠵᠢᠴᠢ ᠪᠤᠰᠤᠳ ᠲᠠᠯ᠎ᠠ ᠵᠢᠨ ᠥᠭᠦᠯᠡᠯ ᠵᠣᠬᠢᠶᠠᠯ ᠬᠣᠷᠵᠢᠨ ᠬᠡᠲᠦ ᠶᠢ ᠭᠠᠷᠳᠠᠨ ᠪᠢᠴᠢᠵᠡᠢ᠃ 《ᠳᠠᠭᠤᠷ ᠤᠨ ᠲᠡᠦᠬᠡ ᠦᠭᠡ ᠬᠡᠯᠡ ᠤᠳᠭ᠎ᠠ ᠵᠣᠬᠢᠶᠠᠯ ᠤᠨ ᠲᠣᠢᠮᠤ》 ᠭᠡᠳᠡᠭ ᠥᠭᠦᠯᠡᠯ ᠨᠢ ᠰᠢᠨᠵᠢᠯᠡᠬᠦ ᠤᠬᠠᠭᠠᠨ ᠤ ᠦᠵᠡᠯᠲᠡ ᠪᠡᠷ ᠳᠠᠭᠤᠷ ᠤᠨ ᠲᠤᠰᠭᠠᠢ ᠳᠡᠭᠡᠷ᠎ᠡ ᠳᠤᠷᠠᠳᠤᠭᠰᠠᠨ ᠭᠤᠷᠪᠠᠨ ᠡᠷᠳᠡᠮ ᠰᠢᠨᠵᠢᠯᠡᠭᠡᠨ ᠦ ᠰᠤᠳᠤᠯᠤᠯ ᠳᠤ ᠪᠦᠬᠥ ᠲᠠᠯ᠎ᠠ ᠪᠠᠷ ᠰᠢᠰᠲ᠋ᠧᠮ ᠲᠡᠢ ᠥᠭᠦᠯᠡᠭᠰᠡᠨ ᠠᠩᠬᠠᠳᠠᠭᠴᠢ ᠵᠣᠬᠢᠶᠠᠯ ᠪᠣᠯᠤᠨ᠎ᠠ᠃ ᠵᠣᠬᠢᠶᠠᠯ ᠳᠤ ᠳᠠᠭᠤᠷ ᠦᠨᠳᠦᠰᠦᠲᠡᠨ ᠦ ᠲᠡᠦᠬᠡ ᠦᠭᠡ ᠬᠡᠯᠡ ᠤᠳᠭ᠎ᠠ ᠵᠣᠬᠢᠶᠠᠯ ᠤᠨ ᠰᠤᠳᠤᠯᠤᠯ ᠤᠨ ᠲᠤᠰᠭᠠᠢ ᠥᠩᠭᠡᠷᠡᠭᠰᠡᠨ᠂ ᠣᠲᠣ ᠵᠢᠨ ᠪᠠᠢᠳᠠᠯ ᠢ ᠪᠣᠳᠠᠲᠠᠶ ᠵᠠᠳᠠᠯ ᠤᠨ ᠰᠵᠢᠨᠵᠢᠯᠠᠵᠤ᠂ ᠬᠣᠵᠢᠮ ᠤᠨ ᠰᠤᠳᠤᠯᠭᠠᠨ ᠤ ᠬᠠᠨᠳᠤᠰᠢ ᠳᠤ ᠵᠥᠪ ᠴᠢᠭᠯᠡᠯ ᠢ ᠵᠢᠭᠠᠵᠤ ᠭᠠᠷᠭᠠᠵᠠᠢ᠃ 《 ᠮᠣᠷᠢᠨ ᠳᠠᠪᠠᠭ᠎ᠠ ᠵᠢᠨ ᠪᠣᠰᠤᠯᠭ᠎ᠠ》 ᠭᠡᠰᠡᠨ ᠥᠭᠦᠯᠡᠯ ᠳ᠋ᠡᠭᠡᠨ ᠠᠷᠠᠳ ᠤᠨ ᠬᠤᠪᠢᠰᠭᠠᠯ ᠲᠦ᠍ ᠬᠡᠷᠡᠭ ᠤᠴᠢᠷ ᠤᠨ ᠤᠭ ᠲᠡᠦᠬᠡᠨ ᠥᠩᠭᠡ ᠳᠦᠷᠰᠦ ᠶᠢ ᠰᠡᠷᠭᠦᠭᠡᠵᠦ ᠥᠭᠴᠡᠢ᠃ ᠡᠭᠦᠨ ᠡᠴᠡ ᠭᠠᠳᠠᠨ᠎ᠠ 《ᠪᠤᠳᠬ᠎ᠠ ᠵᠢᠨ ᠬᠤᠪᠢᠰᠤᠯ ᠬᠥᠭᠵᠢᠯ》᠂ 《ᠵᠡᠭᠦᠨ ᠪᠤᠳᠬ᠎ᠠ ᠵᠢᠨ ᠨᠠᠢ᠍ᠮᠠᠨ ᠬᠣᠰᠢᠭᠤ ᠪᠠᠢᠭᠤᠯᠬᠤ ᠠᠵᠢᠯ ᠤᠨ ᠡᠬᠢᠯᠡᠯ ᠲᠡᠭᠦᠰᠭᠡᠯ》᠂ 《 ᠪᠠᠷᠠᠭᠤᠨ ᠪᠤᠳᠬ᠎ᠠ ᠵᠢᠨ ᠠᠷᠠᠳ ᠲᠦᠮᠡᠨ ᠵᠢᠨ ᠴᠤ᠌ᠨ ᠳ᠋ᠸ ᠶᠢ ᠵᠠᠭᠠᠯᠳᠤᠭᠰᠠᠨ》 ᠵᠡᠷᠭᠡ ᠵᠣᠬᠢᠶᠠᠯ ᠳᠤ ᠠᠳᠠᠯᠢ ᠪᠤᠰᠤ ᠲᠠᠯ᠎ᠠ ᠠᠴᠠ ᠳᠠᠭᠤᠷ ᠦᠨᠳᠦᠰᠦᠲᠡᠨ ᠦ ᠲᠡᠦᠬᠡ ᠶᠢ ᠨᠥᠬᠦᠪᠦᠷᠢᠯᠡᠨ ᠲᠡᠭᠦᠯᠳᠡᠷᠵᠢᠭᠦᠯᠵᠡᠢ᠃ ᠲᠡᠦᠬᠡᠲᠦ ᠬᠥᠮᠦᠰ ᠦ᠋ᠨ ᠦᠢᠯᠡ ᠠᠵᠢᠯᠯᠠᠭ᠎ᠠ ᠶᠢ ᠦᠨᠡᠯᠡᠬᠦ ᠲᠠᠯ᠎ᠠ ᠪᠠᠷ ᠪᠠᠰᠠ ᠲᠦ᠍ᠰᠠᠲᠠᠶ ᠠᠵᠢᠯ ᠬᠢᠭᠰᠡᠨ ᠪᠠᠢᠨ᠎ᠠ᠃ 1994 ᠣᠨ ᠳᠤ ᠡᠷᠳᠡᠮ ᠰᠢᠨᠵᠢᠯᠡᠭᠡᠨ ᠦ ᠨᠡᠢᠭᠡᠮᠯᠢᠭ ᠡᠴᠡ ᠭᠦᠸᠸ ᠳ᠋ᠣᠣ ᠹᠦ᠋ ᠵᠢᠨ ᠮᠡᠨᠳᠦᠯᠡᠭᠰᠡᠨ ᠵᠠᠭ ᠤᠨ ᠵᠢᠯ ᠦᠨ ᠣᠶ ᠳᠤ ᠶᠠᠷᠢᠯᠴᠠᠨ ᠰᠤᠳᠤᠯᠬᠤ ᠬᠤᠷᠠᠯ ᠬᠢᠵᠦ᠂ ᠥᠪᠦᠷ ᠮᠣᠩᠭᠤᠯ ᠤ᠋ᠨ ᠣᠲᠣ ᠦᠶ᠎ᠡ ᠵᠢᠨ ᠬᠤᠪᠢᠰᠭᠠᠯ ᠲᠦ᠍ ᠲᠡᠦᠬᠡᠨ ᠳᠡᠬᠢ ᠴᠢᠬᠤᠯᠠ ᠬᠥᠮᠦᠨ ᠦ᠌ ᠨᠢᠭᠡ ᠪ ᠣᠯᠠᠨᠤ ᠭᠦᠸᠸ ᠳ᠋ᠣᠣ ᠹᠦ᠋ ᠵᠢᠨ ᠦᠢᠯᠡ ᠠᠵᠢᠯᠯᠠᠭ᠎ᠠ ᠶᠢ ᠪᠦᠬᠥ ᠲᠠᠯ᠎ᠠ ᠪᠠᠷ᠂ ᠰᠢᠰᠲ᠋ᠧᠮ ᠲᠡᠢ ᠦᠨᠡᠯᠡᠯᠲᠡ ᠬᠢᠭᠰᠡᠨ ᠡᠴᠡ ᠨᠢᠭᠡ ᠬᠡᠰᠡᠭ ᠬᠣᠭᠤᠰᠤᠨ ᠪᠠᠢᠭᠰᠠᠨ ᠲᠡᠦᠬᠡ ᠣᠯᠪᠠᠰᠤ ᠵᠣᠬᠢᠬᠤ ᠪᠠᠢᠷᠢ ᠰᠠᠭᠤᠷᠢ ᠪᠠᠨ ᠣᠯᠵᠠᠢ᠃ ᠲᠤᠰ ᠬᠤᠷᠠᠯ ᠳᠡᠭᠡᠷ᠎ᠡ ᠮᠥᠩᠬᠡ 《ᠰᠢᠯᠭᠠᠷᠠᠭᠰᠠᠨ ᠭᠦᠸᠸ ᠳ᠋ᠣᠣ ᠹᠦ᠋ ᠠᠪᠤᠭᠠᠶ ᠶᠢ ᠳᠤᠷᠠᠳᠭᠠᠬᠤ ᠨᠢ》 ᠭᠡᠳᠡᠭ ᠥᠭᠦᠯᠡᠯ ᠤᠩᠰᠢᠵᠠᠶ᠃ ᠲᠡᠭᠦᠨ ᠦ ᠪᠢᠴᠢᠭᠰᠡᠨ 《ᠮᠠᠨ ᠤ ᠰᠠᠵᠢᠨ ᠳᠠᠭᠠᠭᠤᠯᠤᠭᠴᠢ ᠥᠷᠦᠰᠢᠶᠡᠯᠲᠦ》 ᠭᠡᠳᠡᠭ ᠥᠭᠦᠯᠡᠯ ᠳ᠋ᠡᠭᠡᠨ ᠳᠠᠭᠤᠷ ᠤᠨ ᠰᠡᠬᠡᠭᠡᠲᠡᠨ ᠵᠠᠯᠠᠭᠤ ᠬᠡᠷᠬᠢᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠭᠦᠯᠢᠶᠡᠨ ᠠᠪ ᠴᠤ᠌᠂ ᠦᠨᠳᠦᠰᠦᠲᠡᠨ ᠢᠶᠡᠨ ᠠᠪᠤᠷᠠᠬᠤ ᠵᠢᠨ ᠲᠥᠯᠦᠭᠡ ᠬᠤᠪᠢᠰᠭᠠᠯ ᠤ᠋ᠨ ᠵᠠᠮ ᠢᠶᠠᠷ ᠶᠠᠪᠤᠭᠰᠠᠨ ᠵᠢᠴᠢ ᠡᠨᠡ ᠬᠦ ᠶᠠᠪᠤᠴᠠ ᠳᠤ ᠦᠰᠦᠨ ᠪᠣᠢᠵᠢᠵᠤ᠂ ᠦᠨᠳᠦᠰᠦᠲᠡᠨ ᠦ ᠬᠥᠭᠵᠢᠯ ᠳ᠋ᠦ᠍ ᠦᠵᠡᠭᠦᠯᠦᠭᠰᠡᠨ ᠭᠠᠪᠢᠶ᠎ᠠ ᠵᠢᠳᠭᠦᠯ ᠢ᠋ ᠠᠮᠢᠳᠤᠯᠢᠭ ᠪᠣᠳᠠᠲᠠᠶ ᠬᠠᠷᠠᠭᠤᠯᠵᠠᠢ᠃ ᠬᠣᠷᠢᠭᠠᠳ ᠵᠢᠯ ᠦᠨ ᠲᠦ᠍ᠷᠰᠢ ᠲᠡᠭᠦᠨ ᠦ ᠪᠢᠴᠢᠭᠰᠡᠨ ᠬᠣᠷᠵᠢᠨ ᠬᠡᠳᠦᠨ ᠥᠭᠦᠯᠡᠯ ᠤᠷᠢᠳ ᠬᠣᠵᠢᠳ 《ᠳᠠᠭᠤᠷ ᠦᠨᠳᠦᠰᠦᠲᠡᠨ ᠦ ᠰᠤᠳᠤᠯᠤᠯ》 ᠪᠤᠶᠤ ᠪᠤᠰᠤᠳ ᠰᠡᠳᠭᠦᠯ ᠦ᠋ᠳ ᠲᠦ᠍ ᠨᠡᠢᠲᠡᠯᠡᠭᠳᠡᠭᠰᠡᠨ ᠦ ᠤᠵᠢᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠢᠯᠡ ᠪᠦᠲᠦᠮᠵᠢᠲᠡᠶ ᠰᠢᠯᠢᠳᠡᠭ ᠥᠲᠡᠭᠦᠰ ᠦ᠋ᠨ ᠱᠠᠩᠨᠠᠯ ᠲᠦ᠍ᠰᠴᠠᠶ᠂ . 1990 ᠣᠨ ᠳᠤ ᠥᠪᠦᠷ ᠮᠣᠩᠭᠤᠯ ᠤ᠋ᠨ ᠳᠠᠭᠤᠷ ᠤᠨ ᠡᠷᠳᠡᠮ ᠰᠢᠨᠵᠢᠯᠡᠭᠡᠨ ᠦ ᠰᠢᠯᠢᠳᠡᠭ ᠦᠷ᠎ᠡ ᠪᠦᠲᠦᠮᠵᠢ ᠵᠢᠨ ᠱᠠᠩᠨᠠᠯ ᠬᠦᠷᠲᠡᠪᠡ᠃ ( ᠣᠶ ᠤᠨ ) ᠮᠥᠩᠬᠡᠨᠠᠰᠤᠨ ( 1958~ ) ᠬᠢᠨᠠᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠶᠡᠬᠡ ᠵᠣᠣ ᠠᠢᠮᠠᠭ ᠤᠨ ᠤᠳᠤᠭ ᠤᠨ ᠡᠮᠦᠨᠡᠲᠦ ᠬᠣᠰᠢᠭᠤᠨ ᠳᠤ ᠲᠥᠷᠦᠵᠡᠢ᠃ ᠨᠠᠢ᠍ᠮᠠᠨ ᠨᠠᠰ ᠤᠨ ᠠᠴᠠ ᠪᠠᠨ ᠰᠤᠷᠭᠠᠭᠤᠯᠢ ᠰᠣᠶᠤᠯ ᠤ᠋ᠨ ᠮᠥᠷ ᠬᠥᠭᠡᠭᠡᠵᠦ᠂ 1975 ᠣᠨ ᠳᠤ ᠥᠨᠳᠦᠷ ᠵᠡᠷᠭᠡ ᠵᠢᠨ ᠳᠤᠮᠳᠠᠳᠤ ᠰᠤᠷᠭᠠᠭᠤᠯᠢ ᠲᠡᠭᠦᠰ ᠴᠤ᠌ ᠪᠠᠭ᠎ᠠ ᠰᠤᠷᠭᠠᠭᠤᠯᠢ ᠳᠤ ᠪᠠᠭᠰᠢ ᠵᠢᠨ ᠠᠯᠪᠠ ᠬᠠᠭᠠᠪᠠ᠃ 1978 ᠣᠨ ᠳᠤ ᠤᠯᠤᠰ ᠤᠨ ᠨᠢᠭᠡᠳᠦᠯᠲᠡᠶ ᠰᠢᠯᠭᠠᠯᠲᠠ ᠶᠢ ᠳᠠᠮᠵᠵᠢᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦᠨ ᠲᠤᠰᠭᠠᠢ ᠮᠡᠷᠭᠡᠵᠢᠯ ᠦᠨ ᠰᠤᠷᠭᠠᠭᠤᠯᠢ ᠳᠤ ᠰᠢᠯᠭᠠᠭᠳᠠᠨ ᠣᠷᠤᠵᠤ᠂ ᠣᠷᠴᠢᠭᠤᠯᠭ᠎ᠠ ᠨᠠᠢᠷᠠᠭᠤᠯᠭ᠎ᠠ ᠵᠢᠨ ᠠᠩᠭᠢ ᠳᠤ ᠬᠣᠶᠠᠷ ᠵᠢᠯ ᠦᠨ ᠰᠤᠷᠤᠯᠭ᠎ᠠ ᠪᠠᠨ ᠠᠮᠵᠢᠯᠲᠠᠲᠠᠶ ᠲᠡᠭᠦᠰᠭᠡᠵᠦ᠂ 1980 ᠣᠨ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠤᠳᠭ᠎ᠠ ᠤᠷᠠᠯᠢᠭ ᠤ᠋ᠨ ᠬᠵᠢᠨ ᠤ᠋ ᠬᠣᠯᠪᠤᠭᠠᠨ ᠤ᠋ 《ᠥᠨᠢᠷ ᠴᠡᠴᠡᠭ》 ᠰᠡᠳᠭᠦᠯ ᠦ᠋ᠨ ᠬᠣᠷᠢᠶᠠᠨ ᠳ᠋ᠤ᠌ ᠠᠵᠢᠯ ᠬᠤᠪᠢᠶᠠᠭᠳᠠᠨ ᠢᠷᠠᠵᠤ᠂ ᠲᠤᠭᠤᠵᠢᠰ ᠤᠨ ᠵᠣᠬᠢᠶᠠᠯ ᠤᠨ ᠨᠠᠢᠷᠠᠭᠤᠯᠬᠤ ᠬᠡᠷ ᠲᠦ ᠨᠠᠢᠷᠠᠭᠤᠯᠤᠭᠴᠢ ᠪᠠᠷ ᠠᠵᠢᠯᠯᠠᠪᠠ᠃ ᠠᠵᠢᠯᠯᠠᠵᠤ ᠪᠠᠢᠬᠤ ᠬᠤᠭᠤᠴᠠᠭᠠᠨ ᠳᠠᠭᠠᠨ ᠥᠪᠦᠷ ᠮᠣᠩᠭᠤᠯ ᠤ᠋ᠨ ᠪᠠᠭᠰᠢ ᠵᠢᠨ ᠶᠡᠬᠡ ᠰᠤᠷᠭᠠᠭᠤᠯᠢ ᠳᠤ ᠰᠢᠯᠭᠠᠭᠳᠠᠨ ᠣᠷᠤᠵᠤ᠂ 1992 ᠣᠨ ᠤ ᠲᠦ᠍ᠯᠤᠭᠠᠨ ᠰᠠᠷ᠎ᠠ ᠳᠤ ᠲᠡᠭᠦᠰᠪᠡ᠃ ᠲᠤᠰ ᠵᠢᠯ ᠳᠡᠭᠡᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠶᠠᠪᠤᠳᠠᠯ ᠤᠨ ᠲᠢᠩᠬᠢᠮ ᠳᠦ ᠰᠢᠯᠵᠢᠨ ᠢᠷᠠᠵᠤ᠂ 《ᠤᠷᠤᠭ ᠬᠡᠷ ᠪᠦᠯᠢ ᠨᠡᠢᠭᠡᠮ》 ᠰᠡᠳᠭᠦᠯ ᠦ᠋ᠨ ᠬᠣᠷᠢᠶ᠎ᠠ ᠶᠢ ᠡᠭᠦᠰᠭᠡᠨ ᠪᠠᠢᠭᠤᠯᠵᠤ᠂ 《ᠤᠷᠤᠭ ᠬᠡᠷ ᠪᠦᠯᠢ ᠨᠡᠢᠭᠡᠮ》 ( ᠮᠣᠩᠭᠤᠯ ᠬᠡᠪᠯᠡᠯ ) ᠰᠡᠳᠭᠦᠯ ᠪᠣᠯ ᠤᠨ 《ᠤᠷᠤᠭ ᠬᠡᠷ ᠪᠦᠯᠢ ᠵᠢᠨ ᠵᠦᠭᠯᠡᠭᠦᠷ》 《ᠬᠢᠲᠠᠳ ᠬᠡᠪᠯᠡᠯ ) ᠰᠡᠳᠭᠦᠯ ᠦ᠋ᠨ ᠨᠠᠢᠷᠠᠭᠤᠯᠬᠤ ᠠᠵᠢᠯ ᠢ ᠬᠠᠷᠢᠭᠤᠴᠠᠪᠠ᠃ 1994 ᠣᠨ ᠳᠤ ᠲᠤᠰ ᠰᠡᠳᠭᠦᠯ ᠦ᠋ᠨ ᠬᠣᠷᠢᠶᠠᠨ ᠤ᠋ ᠶᠡᠷᠦᠩᠬᠡᠶ ᠨᠠᠢᠷᠠᠭᠤᠯᠤᠭᠴᠢ᠂ ᠬᠣᠷᠢᠶᠠᠨ ᠳᠠᠷᠤᠭ᠎ᠠ ᠪᠠᠷ ᠳᠡᠪᠰᠢᠭᠦᠯᠦᠭᠳᠡᠨ ᠠᠵᠢᠯᠯᠠᠭᠰᠠᠭᠠᠷ ᠢᠷᠡᠵᠡᠢ᠃ ᠲᠡᠷᠡ ᠪᠡᠷ 《ᠥᠨᠢᠷ ᠴᠡᠴᠡᠭ》 ᠰᠡᠳᠭᠦᠯ ᠦ᠋ᠨ ᠬᠣᠷᠢᠶ᠎ᠠ ᠳᠤ ᠪᠠᠢᠬᠤ ᠳᠠᠭᠠᠨ ᠣᠯᠠᠨ ᠰᠢᠯᠢᠳᠡᠭ ᠪᠦᠲᠦᠭᠡᠯ ᠦᠳ ᠢ ᠨᠠᠢᠷᠠᠭᠤᠯ ᠤᠨ ᠨᠡᠢᠲᠡᠯᠡᠭᠰᠡᠨ ᠪᠥᠭᠡᠳ ᠣᠯᠠᠨ ᠵᠣᠬᠢᠶᠠᠭᠴᠢ ᠶᠢ ᠬᠥᠮᠦᠵᠢᠭᠦᠯᠦᠨ ᠤᠳᠭ᠎ᠠ ᠵᠣᠬᠢᠶᠠᠯ ᠤᠨ ᠲᠠᠪᠴᠠᠩ ᠳᠤ ᠡᠷᠭᠦᠨ ᠭᠠᠷᠭᠠᠭᠰᠠᠨ᠂ ᠣᠯᠠᠨ ᠤᠳᠠᠭ᠎ᠠ ᠰᠢᠯᠢᠳᠡᠭ ᠨᠠᠢᠷᠠᠭᠤᠯᠤᠭᠴᠢ ᠪᠠᠷ ᠬᠥᠬᠢᠭᠦᠯᠦᠭᠳᠡᠵᠡᠢ᠃ 《ᠤᠷᠤᠭ ᠬᠡᠷ ᠪᠦᠯᠢ ᠨᠡᠢᠭᠡᠮ》 ᠰᠡᠳᠭᠦᠯ ᠳ᠋ᠦ᠍ ᠢᠷᠡᠭᠰᠡᠨ ᠡᠴᠡ ᠨᠠᠭᠠᠰᠢ ᠰᠢᠷᠭᠠᠬᠤ ᠠᠵᠢᠯᠯᠠᠭᠰᠠᠨ ᠠᠴᠠ ᠰᠡᠳᠭᠦᠯ ᠨᠢ ᠤᠳᠭ᠎ᠠ ᠠᠭᠤᠯᠭ᠎ᠠ᠂ ᠬᠡᠪ ᠴᠢᠨᠠᠷ᠂ ᠬᠡᠯᠪᠡᠷᠢ ᠳᠦᠷᠰᠦ ᠵᠢᠨ ᠬᠤᠪᠢ ᠳᠤ ᠡᠯ᠎ᠡ ᠲᠠᠯ᠎ᠠ ᠵᠢᠨ ᠬᠥᠮᠦᠰ ᠦ᠋ᠨ ᠠᠩᠬᠠᠷᠤᠯ ᠬᠦᠷᠢᠶᠡᠯᠡᠯ ᠢ ᠭᠦᠨ ᠣᠯᠵᠤ᠂ ᠵᠠᠬᠢᠶᠠᠯᠠᠭ᠎ᠠ ᠵᠢᠨ ᠲᠣᠭᠠᠨᠨ ᠤ ᠬᠤᠪᠢ ᠳᠤ᠂ ᠨᠡᠢᠭᠡᠮ ᠣᠯᠠᠨ ᠤ ᠲᠠᠭᠠᠯᠠᠯ ᠲᠠᠭᠠᠰᠢᠶᠠᠯ ᠤᠨ ᠬᠤᠪᠢ ᠳᠤ᠂ ᠥᠪᠦᠷ ᠮᠣᠩᠭᠤᠯ ᠣᠷᠤᠨ ᠳ᠋ᠠᠭᠠᠨ ᠲᠡᠷᠢᠭᠦᠯᠡᠭᠰᠡᠨ ᠰᠡᠳᠭᠦᠯ ᠪᠣᠯᠤᠭᠰᠠᠨ ᠪᠥᠭᠡᠳ ᠤᠯᠤᠰ ᠣᠷᠤᠨ ᠤ᠋ ᠰᠢᠯᠢᠳᠡᠭ ᠰᠡᠳᠭᠦᠯ ᠦ᠋ᠨ ᠡᠩᠨᠡᠭᠡ ᠳᠦ ᠣᠷᠤᠭᠰᠠᠨ ᠪᠠᠢᠨ᠎ᠠ᠃ ᠮᠥᠩᠬᠡᠨᠠᠰᠤᠨ 1982 ᠣᠨ ᠠᠴᠠ ᠡᠬᠢᠯᠡᠵᠦ ᠤᠳᠭ᠎ᠠ ᠵᠣᠬᠢᠶᠠᠯ ᠣᠷᠣᠯᠳ ᠤᠨ᠂ ᠲᠤᠰ ᠵᠢᠯ ᠤᠷᠢᠳ ᠬᠣᠵᠢᠳ 《ᠥᠨᠢᠷ ᠴᠡᠴᠡᠭ》᠂ 《ᠴᠣᠯᠮᠤᠨ》᠂ 《ᠠᠯᠲᠠᠨ ᠭᠠᠨᠳᠠᠷᠢ》᠂ 《ᠵᠢᠷᠢᠮ ᠦᠨ ᠤᠷᠠᠨ ᠵᠣᠬᠢᠶᠠᠯ》᠂ 《ᠠᠯᠲᠠᠨ ᠲᠦᠯᠬᠢᠭᠦᠷ》᠂ 《ᠮᠣᠩᠭᠤᠯ ᠬᠡᠯᠡ ᠪᠢᠴᠢᠭ》᠂ 《ᠤᠷᠤᠭ ᠬᠡᠷ ᠪᠦᠯᠢ ᠨᠡᠢᠭᠡᠮ》 ᠵᠡᠷᠭᠡ ᠰᠡᠳᠭᠦᠯ ᠦ᠋ᠳ ᠳᠡᠭᠡᠷ᠎ᠡ 30 ᠭᠠᠷᠤᠶ ᠥᠭᠦᠯᠡᠯᠭᠡ ᠲᠤᠭᠤᠵᠢ ᠪᠠ ᠰᠢᠭᠦᠮᠵᠢ ᠥᠭᠦᠯᠡᠯ ᠢ᠋ᠶ᠋ᠡᠨ ᠨᠡᠢᠲᠡᠯᠡᠭᠦᠯᠦᠭᠰᠡᠨ ᠪᠠᠢᠨ᠎ᠠ᠃ ᠲᠡᠷᠡ ᠪᠠᠰᠠ ᠥᠪᠦᠷ ᠮᠣᠩᠭᠤᠯ ᠤ᠋ᠨ ᠵᠣᠬᠢᠶᠠᠯᠴᠢᠳ ᠤᠨ ᠨᠡᠢᠭᠡᠮᠯᠢᠭ ᠦᠨ ᠭᠡᠰᠢᠭᠦᠨ᠂ ᠳᠤᠮᠳᠠᠳᠤ ᠤᠯᠤᠰ ᠤᠨ ᠴᠥᠭᠡᠨ ᠲᠣᠭᠠᠨ ᠲᠦ᠍ ᠦᠨᠳᠦᠰᠦᠲᠡᠨ ᠦ ᠵᠣᠬᠢᠶᠠᠯᠴᠢᠳ ᠤᠨ ᠨᠡᠢᠭᠡᠮᠯᠢᠭ ᠦᠨ ᠭᠡᠰᠢᠭᠦᠨ ᠵᠡᠷᠭᠡ ᠨᠡᠢᠭᠡᠮ ᠦᠨ ᠲᠤᠰᠢᠶᠠᠯ ᠢ ᠡᠭᠦᠷᠭᠡᠯᠡᠵᠦ ᠪᠠᠢᠨ᠎ᠠ᠃
Copyight 2016 by nmgmzw.gov.cn All Rights Reserved