ᠨᠡᠷ᠎ᠡ:
ᠯᠢ ᠬᠣᠩ ᠹᠠᠨ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠯᠢ ᠬᠣᠩ ᠹᠠᠨ ( 1920——》 ᠬᠢᠨᠠᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠵᠢᠷᠢᠮ ᠠᠢᠮᠠᠭ ᠤᠨ ᠬᠣᠷᠴᠢᠨ ᠵᠡᠭᠦᠨ ᠭᠠᠷ ᠤᠨ ᠳᠤᠮᠳᠠᠳᠤ ᠬᠣᠰᠢᠭᠤᠨ ᠳᠤ ᠲᠥᠷᠦᠵᠡᠢ᠃ ᠡᠪ ᠬᠠᠮᠲᠤ ᠨᠠᠮ ᠤᠨ ᠭᠡᠰᠢᠭᠦᠨ᠂ ᠮᠣᠩᠭᠤᠯ ᠨᠡᠷ᠎ᠡ ᠨᠢ ᠰᠢᠷᠠᠪᠰᠡᠩᠭᠡ᠃ 1941 ᠣᠨ ᠳᠤ ᠨᠢᠭᠤᠴᠠ ᠪᠠᠷ ᠥᠪᠦᠷ ᠮᠣᠩᠭᠤᠯ ᠤ᠋ᠨ ᠠᠷᠠᠳ ᠤᠨ ᠬᠤᠪᠢᠰᠭᠠᠯ ᠲᠦ᠍ ᠨᠠᠮ ᠳᠤ ᠣᠷᠤᠵᠤ᠂ ᠥᠪᠦᠷ ᠮᠣᠩᠭᠤᠯ ᠤ᠋ᠨ ᠵᠡᠭᠦᠨ ᠬᠡᠰᠡᠭ ᠲᠡᠬᠢ ᠶᠠᠫᠣᠨ ᠢ ᠡᠰᠡᠷᠭᠦᠴᠡᠬᠦ ᠲᠡᠮᠡᠴᠡᠯ ᠪᠣᠯ ᠤᠨ ᠦᠨᠳᠦᠰᠦᠲᠡᠨ ᠦ ᠴᠢᠯᠦᠭᠡᠯᠡᠯᠲᠡ ᠵᠢᠨ ᠦᠢᠯᠡᠰ ᠲᠦ ᠥᠪᠡᠷ ᠦ᠋ᠨ ᠬᠤᠪᠢ ᠨᠡᠮᠡᠷᠢ ᠪᠡᠨ ᠦᠵᠡᠭᠦᠯᠵᠡᠢ᠃ 1945 ᠣᠨ ᠳᠤ ᠬᠤᠪᠢᠰᠭᠠᠯ ᠤ᠋ᠨ ᠠᠵᠢᠯ ᠳᠤ ᠣᠷᠤᠯᠴᠠᠪᠠ᠃ 1957 ᠣᠨ ᠳᠤ ᠲᠥᠪ ᠦ᠋ᠨ ᠳᠡᠭᠡᠳᠦ ᠵᠡᠷᠭᠡ ᠵᠢᠨ ᠨᠠᠮ ᠤᠨ ᠰᠤᠷᠭᠠᠭᠤᠯᠢ ᠠᠴᠠ ᠲᠡᠭᠦᠰᠪᠡ᠃ ᠤᠷᠢᠳ ᠬᠣᠵᠢᠳ ᠥᠪᠦᠷ ᠮᠣᠩᠭᠤᠯ ᠤ᠋ᠨ ᠥᠪᠡᠷ ᠦ᠋ᠨ ᠬᠢ ᠪᠡᠨ ᠬᠠᠮᠠᠭᠠᠯᠠᠬᠤ ᠴᠡᠷᠢᠭ ᠦᠨ 2 ᠳ᠋ᠤᠭᠠᠷ ᠳ᠋ᠢᠸᠢᠽᠢ ᠵᠢᠨ ᠤᠯᠤᠰ ᠲᠦᠷᠥ ᠵᠢᠨ ᠬᠡᠯᠲᠡᠰ ᠦᠨ ᠡᠷᠬᠢᠯᠡᠭᠴᠢ᠂ ᠪᠠᠶᠠᠨᠲᠠᠯ᠎ᠠ ᠳᠠᠬᠢ ᠵᠡᠭᠦᠨ ᠮᠣᠩᠭᠤᠯ ᠤ᠋ᠨ ᠴᠡᠷᠢᠭ ᠦᠨ ᠶᠠᠪᠤᠳᠠᠯ ᠤᠯᠤᠰ ᠲᠦᠷᠥ ᠵᠢᠨ ᠰᠤᠷᠭᠠᠭᠤᠯᠢ ᠵᠢᠨ ᠳᠡᠳ᠋ ᠵᠠᠬᠢᠷᠤᠯ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠬᠥᠳᠡᠯᠭᠡᠭᠡᠨ ᠦ᠌ ᠬᠣᠯᠪᠤᠭᠠᠨ ᠲᠦ᠍ ᠬᠤᠷᠠᠯ ᠤᠨ ᠭᠦᠢᠴᠡᠳᠬᠡᠬᠦ ᠬᠣᠷᠢᠶᠠᠨ ᠤ᠋ ᠭᠡᠰᠢᠭᠦᠨ ᠪᠥᠭᠡᠳ ᠲᠤᠰ ᠬᠤᠷᠠᠯ ᠤᠨ ᠵᠢᠷᠢᠮ ᠠᠢᠮᠠᠭ ᠤᠨ ᠰᠠᠯᠪᠤᠷᠢ ᠬᠤᠷᠠᠯ ᠤᠨ ᠡᠷᠬᠢᠯᠡᠭᠴᠢ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠠᠷᠠᠳ ᠤᠨ ᠪᠠᠢᠴᠠᠭᠠᠬᠤ ᠬᠣᠷᠢᠶᠠᠨ ᠤ᠋ ᠭᠡᠰᠢᠭᠦᠨ᠂ ᠥᠪᠦᠷ ᠮᠣᠩᠭᠤᠯ ᠤ᠋ᠨ ᠡᠳᠦᠷ ᠦᠨ ᠰᠣᠨᠢᠨ ᠤ ᠬᠣᠷᠢᠶᠠᠨ ᠤ᠋ ᠳᠡᠳ᠋ ᠳᠠᠷᠤᠭ᠎ᠠ ᠪᠥᠭᠡᠳ ᠮᠣᠩᠭᠤᠯ ᠬᠡᠪᠯᠡᠯ ᠦᠨ ᠶᠡᠷᠦᠩᠬᠡᠶ ᠨᠠᠢᠷᠠᠭᠤᠯᠤᠭᠴᠢ᠂ ᠦᠨᠳᠦᠰᠦᠲᠡᠨ ᠦ ᠬᠡᠪᠯᠡᠯ ᠦᠨ ᠬᠣᠷᠢᠶᠠᠨ ᠤ᠋ ᠳᠡᠳ᠋ ᠳᠠᠷᠤᠭ᠎ᠠ᠂ ᠳᠡᠳ᠋ ᠶᠡᠷᠦᠩᠬᠡᠶ ᠨᠠᠢᠷᠠᠭᠤᠯᠤᠭᠴᠢ᠂ ᠵᠥᠪᠯᠡᠭᠴᠢ᠂ ᠪᠦᠬᠥ ᠤᠯᠤᠰ ᠤᠨ ᠤᠯᠤᠰ ᠲᠦᠷᠥ ᠵᠢᠨ ᠵᠥᠪᠯᠡᠯᠭᠡᠨ ᠦ᠌ 6 ᠳ᠋ᠤᠭᠠᠷ ᠬᠤᠭᠤᠴᠠᠭᠠᠨ ᠤ ᠬᠤᠷᠠᠯ ᠤᠨ ᠦᠨᠳᠦᠰᠦᠲᠡᠨ ᠦ ᠳᠡᠳ᠋ ᠭᠡᠰᠢᠭᠦᠨ᠂ ᠪᠦᠬᠥ ᠤᠯᠤᠰ ᠤᠨ ᠴᠥᠭᠡᠨ ᠲᠣᠭᠠᠨ ᠲᠦ᠍ ᠦᠨᠳᠦᠰᠦᠲᠡᠨ ᠦ ᠡᠷᠲᠡᠨ ᠦ ᠨᠣᠮ ᠪᠢᠴᠢᠭ ᠢ ᠡᠮᠬᠢᠳᠭᠡᠨ ᠴᠤ᠌ᠭᠯᠠᠭᠤᠯᠬᠤ ᠳᠡᠳ᠋ ᠳᠡᠳ᠋ ᠳᠠᠷᠤᠭ᠎ᠠ᠂ ᠤᠯᠤᠰ ᠤᠨ ᠬᠡᠪᠯᠡᠯ ᠦᠨ ᠺᠣᠮᠢᠰ ᠤᠨ ᠭᠡᠰᠢᠭᠦᠨ᠂ ᠳᠤᠮᠳᠠᠳᠤ ᠤᠯᠤᠰ ᠤᠨ ᠬᠡᠪᠯᠡᠯ ᠦᠨ ᠠᠵᠢᠯᠲᠠᠨ ᠤ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠣᠷᠴᠢᠭᠤᠯᠭ᠎ᠠ ᠵᠢᠨ ᠠᠵᠢᠯᠲᠠᠨ ᠤ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠡᠳ᠋ ᠳᠡᠳ᠋ ᠳᠠᠷᠤᠭ᠎ᠠ᠂ ᠳᠤᠮᠳᠠᠳᠤ ᠤᠯᠤᠰ ᠤᠨ ᠦᠨᠳᠦᠰᠦᠲᠡᠨ ᠦ ᠬᠡᠯᠡ ᠪᠢᠴᠢᠭ ᠦᠨ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠦᠨᠳᠦᠰᠦᠲᠡᠨ ᠦ ᠰᠤᠳᠤᠯᠤᠯ ᠤᠨ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠡᠷᠲᠡᠨ ᠦ ᠦᠰᠥᠭ ᠪᠢᠴᠢᠭ ᠢ ᠰᠤᠳᠤᠯᠬᠤ ᠬᠤᠷᠠᠯ ᠤᠨ ᠬᠡᠷᠡᠭ ᠡᠷᠬᠢᠯᠡᠭᠴᠢ ᠵᠡᠷᠭᠡ ᠠᠯᠪᠠᠨ ᠤ ᠲᠤᠰᠢᠶᠠᠯ ᠪᠣᠯ ᠤᠨ ᠨᠡᠢᠭᠡᠮ ᠦᠨ ᠲᠤᠰᠢᠶᠠᠯ ᠤᠳ ᠢ ᠬᠠᠷᠢᠭᠤᠴᠠᠵᠤ ᠥᠩᠭᠡᠷᠡᠵᠡᠢ᠃ ᠲᠡᠷᠡ ᠴᠢᠯᠥᠭᠡᠯᠡᠬᠦ ᠳᠠᠵᠢᠨ ᠤ᠋ ᠦᠶ᠎ᠡ ᠳᠦ᠂ ᠥᠪᠦᠷ ᠮᠣᠩᠭᠤᠯ ᠤ᠋ᠨ ᠮᠣᠷᠢ ᠲᠦ᠍ ᠴᠡᠷᠢᠭ ᠦᠨ 2 ᠳ᠋ᠤᠭᠠᠷ ᠳ᠋ᠢᠸᠢᠽᠢ ᠪᠡᠨ ᠤᠳᠤᠷᠢᠳ ᠤᠨ᠂ ᠵᠡᠭᠦᠨ ᠬᠣᠢᠲᠤ ᠣᠷᠤᠨ ᠤ᠋ ᠴᠢᠯᠥᠭᠡᠯᠡᠬᠦ ᠳᠠᠵᠢᠨ ᠳ᠋ᠤ᠌ ᠣᠷᠤᠯᠴᠠᠵᠤ᠂ ᠭᠣᠮᠢᠨᠳᠠᠩ ᠤᠨ ᠲᠡᠷᠰᠯᠡᠭᠦ ᠴᠤ᠌ᠳ ᠲᠦ ᠴᠣᠬᠢᠯᠲᠠ ᠥᠭᠴᠦ᠂ ᠬᠤᠪᠢᠰᠭᠠᠯ ᠤ᠋ᠨ ᠡᠰᠡᠷᠭᠦ ᠴᠤ᠌ᠳ ᠢ ᠠᠷᠢᠯᠭᠠᠨ᠂ ᠠᠵᠢᠯ ᠤᠨ ᠳᠤᠮᠳᠠ ᠪᠠᠨ ᠲᠣᠪᠣᠢᠮ᠎ᠠ ᠠᠮᠵᠢᠯᠲᠠ ᠭᠠᠷᠭᠠᠭᠰᠠᠨ ᠠᠴᠠ ᠲᠤᠰᠭᠠᠢ ᠵᠢᠨ ᠦᠶ᠎ᠡ ᠵᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠣᠣ ᠵᠢᠢ ᠮᠤᠵᠢ ᠵᠢᠨ ᠬᠣᠷᠢᠶᠠᠨ ᠠ᠋ᠴᠠ ᠣᠯᠭᠤᠭᠰᠠᠨ ᠵᠢᠱ᠌ᠢᠶᠡᠴᠢ ᠺᠠᠲᠠᠷ ᠤᠨ ᠴᠣᠯᠠ ᠬᠦᠷᠲᠡᠵᠡᠶ᠃ 1952 ᠣᠨ ᠳᠤ᠂ ᠦᠨᠳᠦᠰᠦᠲᠡᠨ ᠦ ᠬᠡᠪᠯᠡᠯ ᠦᠨ ᠬᠣᠷᠢᠶ᠎ᠠ ᠶᠢ ᠪᠡᠯᠡᠳᠭᠡᠨ ᠪᠠᠢᠭᠤᠯᠬᠤ ᠠᠵᠢᠯ ᠳᠤ ᠣᠷᠤᠯᠴᠠᠭᠰᠠᠨ ᠠ᠋ᠴᠠ ᠬᠣᠢᠰᠢ ᠦᠨᠳᠦᠰᠦᠲᠡᠨ ᠦ ᠬᠡᠪᠯᠡᠯ ᠦᠨ ᠬᠣᠷᠢᠶᠠᠨ ᠤ᠋ ᠪᠦᠬᠥ ᠠᠵᠢᠯᠲᠠᠳ ᠢ ᠤᠳᠤᠷᠢᠳ ᠤᠨ᠂ ᠨᠠᠮ ᠪᠠ ᠲᠦᠷᠥ ᠵᠢᠨ ᠴᠢᠬᠤᠯᠠ ᠪᠢᠴᠢᠭ ᠮᠠᠲ᠋ᠧᠷᠢᠶᠠᠯ ᠤᠳ ᠢ ᠣᠷᠴᠢᠭᠤᠯᠵᠤ᠂ ᠨᠠᠮ ᠪᠠ ᠲᠦᠷᠥ ᠵᠢᠨ ᠡᠯ᠎ᠡ ᠵᠦᠢᠯ ᠦᠨ ᠲᠦᠷᠥ ᠵᠢᠨ ᠪᠣᠳᠤᠯᠭ᠎ᠠ ᠶ᠋ᠢ ᠴᠠᠭ ᠲᠤᠰᠭᠠᠢ ᠳ ᠤᠨᠢ ᠪᠦᠬᠥ ᠤᠯᠤᠰ ᠤᠨ ᠡᠯ᠎ᠡ ᠦᠨᠳᠦᠰᠦᠲᠡᠨ ᠦ ᠣᠷᠤᠨ ᠳ᠋ᠤ᠌ ᠤᠬᠠᠭᠤᠯᠤᠭᠰᠠᠨ ᠪᠠᠢᠨ᠎ᠠ᠃ ᠪᠠᠰᠠ 《ᠮᠠᠤ ᠽᠸ ᠳ᠋ᠦᠩ ᠦᠨ ᠰᠣᠩᠭᠤᠮᠠᠯ ᠵᠣᠬᠢᠶᠠᠯ》᠂ 《ᠡᠪ ᠬᠠᠮᠲᠤ ᠨᠠᠮ ᠤᠨ ᠲᠦ᠍ᠩᠬᠠᠭ》᠂ 《ᠲᠦᠷᠥ ᠪᠠ ᠬᠤᠪᠢᠰᠭᠠᠯ》᠂ 《 ᠯᠧᠨᠢᠨ ᠦ ᠦᠵᠡᠯ ᠦᠨ ᠠᠰᠠᠭᠤᠳᠠᠯ ᠳᠤ》 ᠵᠡᠷᠭᠡ ᠮᠠᠷᠺᠰ ᠯᠧᠨᠢᠨ ᠦ ᠵᠣᠬᠢᠶᠠᠯ ᠢ ᠮᠣᠩᠭᠤᠯᠴᠢᠯᠠᠬᠤ ᠠᠵᠢᠯ ᠳᠤ ᠣᠷᠣᠯᠴᠠᠵᠠᠶ᠃ ᠳᠤᠮᠳᠠᠳᠤ ᠤᠯᠤᠰ ᠤᠨ ᠠᠩᠬᠠᠳᠤᠭᠠᠷ ᠦᠨᠳᠦᠰᠦᠨ ᠬᠠᠤᠯᠢ ᠵᠢᠨ ᠴᠥᠭᠡᠨ ᠲᠣᠭᠠᠨᠲᠦ᠍ ᠦᠨᠳᠦᠰᠦᠲᠡᠨ ᠦ ᠦᠰᠥᠭ ᠪᠢᠴᠢᠭ ᠦᠨ ᠬᠡᠪᠯᠡᠯ᠂ ᠨᠠᠮ ᠤᠨ 8 ᠳ᠋ᠤᠭᠠᠷ ᠶᠡᠬᠡ ᠬᠤᠷᠠᠯ ᠤᠨ ᠪᠢᠴᠢᠭ ᠮᠠᠲ᠋ᠧᠷᠢᠶᠠᠯ ᠤᠨ ᠴᠥᠭᠡᠨ ᠲᠣᠭᠠᠨᠲᠦ᠍ ᠦᠨᠳᠦᠰᠦᠲᠡᠨ ᠦ ᠦᠰᠥᠭ ᠪᠢᠴᠢᠭ ᠦᠨ ᠬᠡᠪᠯᠡᠯ ᠦᠨ ᠡᠬᠡ ᠪᠢᠴᠢᠭ ᠢ ᠬᠢᠨᠠᠨ ᠲᠣᠭᠲᠠᠭᠠᠵᠠᠢ᠃ ᠲᠡᠭᠦᠨ ᠦ ᠴᠢᠷᠮᠠᠢᠯᠭ᠎ᠠ ᠪᠠᠷ ᠦᠨᠳᠦᠰᠦᠲᠡᠨ ᠦ ᠬᠡᠪᠯᠡᠯ ᠦᠨ ᠬᠣᠷᠢᠶᠠᠨ ᠤ᠋ ᠡᠯ᠎ᠡ ᠦᠨᠳᠦᠰᠦᠲᠡᠨ ᠦ ᠦᠰᠥᠭ ᠪᠢᠴᠢᠭ ᠦᠨ ᠣᠷᠴᠢᠭᠤᠯᠭ᠎ᠠ ᠵᠢᠨ ᠴᠢᠨᠠᠷ ᠮᠡᠳᠡᠭᠳᠡᠬᠦᠢᠴᠡ ᠳᠡᠭᠡᠭᠰᠢᠯᠡᠵᠦ᠂ ᠨᠡᠷ᠎ᠡ ᠲᠣᠮᠢᠶ᠎ᠠ ᠡᠳᠦᠷ ᠡᠳᠦᠷ ᠡᠴᠡ ᠪᠡᠨ ᠨᠢᠭᠡᠳᠦᠯ ᠲᠡᠢ ᠪᠣᠯᠵᠤ᠂ ᠦᠨᠳᠦᠰᠦᠲᠡᠨ ᠦ ᠦᠭᠡ ᠬᠡᠯᠡ ᠦᠰᠥᠭ ᠪᠢᠴᠢᠭ ᠢ ᠳᠦᠷᠢᠮᠵᠢᠭᠦᠯᠦᠨ ᠬᠥᠭᠵᠢᠭᠦᠯᠬᠦ ᠳ᠋ᠦ᠍ ᠦᠢᠯᠡᠳᠦᠯ ᠭᠠᠷᠭᠠᠵᠠᠢ᠃ ᠡᠨᠡ ᠪᠦᠬᠦᠶ ᠴᠢᠷᠮᠠᠢᠯᠭ᠎ᠠ ᠪᠠᠷ ᠢᠶᠠᠨ ᠦᠨᠳᠦᠰᠦᠲᠡᠨ ᠦ ᠬᠡᠪᠯᠡᠯ ᠦᠨ ᠬᠣᠷᠢᠶ᠎ᠠ 1960 ᠣᠨ ᠳᠤ ᠳ᠋ᠧᠩ ᠰᠢᠶᠣᠣ ᠫᠢᠩ ᠨᠥᠬᠦᠷ ᠦ᠋ᠨ ᠭᠠᠷ ᠤᠨ ᠦᠰᠥᠭ ᠲᠡᠢ 《ᠤᠷᠤᠭᠰᠢᠯᠠᠭᠰᠠᠨ ᠠᠵᠢᠯ ᠤᠨ ᠨᠢᠭᠡᠴᠢ》 ᠭᠡᠰᠡᠨ ᠬᠥᠬᠢᠭᠦᠯᠦᠯ ᠦ᠋ᠨ ᠲᠤᠭ ᠪᠠ ᠲᠡᠮᠳᠡᠭ ᠢ ᠬᠦᠷᠲᠡᠵᠡᠶ᠃ 《ᠰᠣᠶᠤᠯ ᠤ᠋ᠨ ᠶᠡᠬᠡ ᠬᠤᠪᠢᠰᠭᠠᠯ》 ᠤᠨ ᠬᠤᠭᠤᠴᠠᠭᠠᠨ ᠳᠤ ᠦᠨᠳᠦᠰᠦᠲᠡᠨ ᠦ ᠬᠡᠯᠡ ᠪᠢᠴᠢᠭ ᠤᠨ ᠠᠵᠢᠯ ᠲᠦ᠍ᠢᠯ ᠤᠨ ᠶᠡᠬᠡ ᠡᠪᠳᠡᠯᠡᠭᠡ ᠳᠦ ᠤᠴᠠᠷᠠᠵᠤ᠂ ᠬᠡᠲᠦ ᠵᠡᠭᠦᠨ ᠦ ᠱᠤᠭᠤᠮ ᠶᠠᠪᠤᠭᠤᠯᠤᠭᠴᠢᠳ ᠠᠯᠪᠠᠳᠠᠯᠭ᠎ᠠ ᠪᠠᠷ ᠦᠨᠳᠦᠰᠦᠲᠡᠨ ᠦ ᠬᠡᠯᠡᠨ ᠦ ᠨᠡᠷ᠎ᠡ ᠲᠣᠮᠢᠶ᠎ᠠ ᠶᠢ ᠬᠢᠲᠠᠳ ᠨᠡᠷ᠎ᠡ ᠲᠣᠮᠢᠶ᠎ᠠ ᠪᠠᠷ ᠣᠷᠣᠯᠠᠭᠤᠯ ᠤᠨ᠂ ᠦᠨᠳᠦᠰᠦᠲᠡᠨ ᠦ ᠬᠡᠯᠡ ᠪᠢᠴᠢᠭ ᠦᠨ ᠨᠡᠷ᠎ᠡ ᠲᠣᠮᠢᠶ᠎ᠠ ᠳᠤ ᠰᠠᠮᠠᠭᠤᠷᠠᠯ ᠡᠭᠦᠰᠭᠡᠨ᠂ ᠴᠥᠭᠡᠨ ᠲᠣᠭᠠᠨᠲᠦ᠍ ᠦᠨᠳᠦᠰᠦᠲᠡᠨ ᠦ ᠤᠩᠰᠢᠭᠴᠢᠳ ᠤᠨ ᠳᠤᠷ᠎ᠠ ᠦᠭᠡᠢᠴᠡᠯ ᠢ ᠬᠦᠷᠭᠡᠵᠡᠢ᠃ ᠡᠢᠮᠦᠷᠬᠦᠦ ᠪᠠᠢᠳᠠᠯ ᠳᠣᠣᠷ᠎ᠠ᠂ ᠲᠡᠷᠡ ᠵᠠᠷᠴᠢᠮ ᠢ ᠪᠠᠷᠢᠮᠲᠠᠯᠠᠨ᠂ ᠬᠠᠷᠰᠢ ᠰᠠᠭᠠᠳ ᠢ ᠠᠷᠢᠯᠭᠠᠨ᠂ ᠡᠴᠤ᠌ᠰ ᠲᠡᠭᠡᠨ ᠲᠥᠪ ᠦ᠋ᠨ ᠬᠠᠮᠢᠶ᠎ᠠ ᠪᠦᠬᠦᠶ ᠤᠳᠤᠷᠢᠳᠤᠯᠭ᠎ᠠ ᠵᠢᠨ ᠵᠥᠪᠰᠢᠶᠡᠷᠡᠯ ᠢ᠋ᠶ᠋ᠡᠷ ᠠᠯᠳᠠᠭ᠎ᠠ ᠶᠢ ᠵᠠᠯᠠᠷᠠᠭᠤᠯ ᠤᠨ᠂ ᠦᠨᠳᠦᠰᠦᠲᠡᠨ ᠦ ᠬᠡᠯᠡ ᠪᠢᠴᠢᠭ ᠦᠨ ᠡᠷᠡᠭᠦᠯ ᠢᠶᠡᠷ ᠬᠥᠭᠵᠢᠬᠦ ᠳ᠋ᠦ᠍ ᠬᠤᠪᠢ ᠨᠡᠮᠡᠷᠢ ᠦᠵᠡᠭᠦᠯᠵᠡᠢ᠃ 1984 ᠣᠨ ᠠᠴᠠ ᠡᠬᠢᠯᠡᠨ᠂ ᠪᠦᠬᠥ ᠤᠯᠤᠰ ᠤᠨ ᠴᠥᠭᠡᠨ ᠲᠣᠭᠠᠨᠲᠦ᠍ ᠦᠨᠳᠦᠰᠦᠲᠡᠨ ᠦ ᠡᠷᠲᠡᠨ ᠦ ᠨᠣᠮ ᠪᠢᠴᠢᠭ ᠢ ᠴᠤ᠌ᠭᠯᠠᠭᠤᠯ ᠤᠨ ᠡᠮᠬᠢᠳᠭᠡᠬᠦ ᠠᠵᠢᠯ ᠢ ᠡᠷᠬᠢᠯᠡᠭᠰᠡᠨ ᠡᠴᠡ ᠨᠠᠭᠠᠰᠢ᠂ ᠨᠠᠮ ᠤᠨ ᠲᠥᠪ ᠬᠣᠷᠢᠶᠠᠨ ᠤ᠋ ᠤᠷᠢᠶᠠᠯᠠᠭ᠎ᠠ ᠶᠢ ᠴᠤ᠌ᠤᠷᠢᠶᠠᠲᠦ᠍ᠨ ᠳᠠᠭᠠᠵᠤ᠂ ᠴᠥᠭᠡᠨ ᠲᠣᠭᠠᠨ ᠲᠦ᠍ ᠦᠨᠳᠦᠰᠦᠲᠡᠨ ᠦ ᠡᠷᠲᠡᠨ ᠦ ᠨᠣᠮ ᠪᠢᠴᠢᠭ ᠢ ᠴᠤ᠌ᠭᠯᠠᠭᠤᠯ ᠤᠨ ᠡᠮᠬᠢᠳᠭᠡᠬᠦ ᠠᠵᠢᠯ ᠤᠨ ᠠᠴᠢ ᠬᠣᠯᠪᠤᠭᠳᠠᠯ ᠢ᠋ ᠶᠡᠬᠡ ᠪᠡᠷ ᠤᠬᠠᠭᠤᠯᠵᠤ᠂ ᠲᠥᠪ ᠬᠣᠷᠢᠶᠠᠨ ᠠ᠋ᠴᠠ ᠣᠷᠤᠨ ᠨᠤᠲᠤᠭ ᠬᠦᠷᠲᠡᠯ᠎ᠡ ᠰ᠌ᠠᠲᠦ᠍ ᠱᠠᠲᠤᠨ ᠳᠤ ᠪᠦᠷ ᠴᠥᠭᠡᠨ ᠲᠣᠭᠠᠨᠲᠦ᠍ ᠦᠨᠳᠦᠰᠦᠲᠡᠨ ᠦ ᠡᠷᠲᠡᠨ ᠦ ᠨᠣᠮ ᠪᠢᠴᠢᠭ ᠢ ᠴᠤ᠌ᠭᠯᠠᠭᠤᠯ ᠤᠨ ᠡᠮᠬᠢᠳᠭᠡᠬᠦ ᠪᠠᠢᠭᠤᠯᠤᠮᠵᠢ ᠭᠠᠷᠭᠠᠨ᠂ ᠨᠢᠭᠡ ᠪᠦᠯᠦᠭ ᠡᠷᠳᠡᠮ ᠴᠢᠳᠠᠪᠤᠷᠢᠲᠠᠶ ᠡᠷᠲᠡᠨ ᠦ ᠨᠣᠮ ᠪᠢᠴᠢᠭ ᠴᠤ᠌ᠭᠯᠠᠭᠤᠯᠬᠤ ᠲᠤᠰᠭᠠᠢ ᠮᠡᠷᠭᠡᠵᠢᠯᠲᠡᠳ ᠢ ᠬᠥᠮᠦᠵᠢᠭᠦᠯᠦᠨ ᠭᠠᠷᠭᠠᠵᠤ᠂ ᠮᠠᠰᠢ ᠣᠯᠠᠨ ᠡᠷᠲᠡᠨ ᠦ ᠨᠣᠮ ᠪᠢᠴᠢᠭ ᠢ ᠠᠪᠤᠷᠠᠵᠤ ᠠᠪᠤᠭᠰᠠᠨ ᠪᠠᠢᠨ᠎ᠠ᠃ ( ᠲᠦᠮᠡᠨ )
Copyight 2016 by nmgmzw.gov.cn All Rights Reserved