ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠠ ᠺᠦᠩ ᠯᠢᠶᠣᠣ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

( 1907 ~ 1988 ) ᠰᠣᠨᠢᠨ ᠮᠡᠳᠡᠭᠡ ᠬᠡᠪᠯᠡᠯ ᠦᠨ ᠠᠵᠢᠯᠲᠠᠨ᠂ ᠨᠡᠢᠭᠡᠮ ᠦᠨ ᠵᠢᠳᠭᠦᠯᠲᠡᠨ᠃ ᠳᠡᠭᠡᠳᠦᠰ ᠦᠨ ᠨᠤᠲᠤᠭ ᠨᠢ ᠥᠪᠦᠷ ᠮᠣᠩᠭᠤᠯ ᠤ᠋ᠨ ᠣᠩᠨᠢᠭᠤᠳ ᠬᠣᠰᠢᠭᠤ᠂ ᠲᠦᠷᠥᠭᠰᠡᠨ ᠭᠠᠵᠠᠷ ᠴᠧᠩᠳᠦ ᠬᠣᠲᠠ᠃ ᠮᠣᠩᠭᠤᠯ ᠨᠡᠷ᠎ᠡ ᠨᠢ ᠰᠠᠵᠢᠨᠲᠠᠶ᠂ ᠪᠢᠴᠢᠭ ᠦᠨ ᠨᠡᠷ᠎ᠡ ᠯᠢᠶᠣᠣ ᠯᠢᠶᠣᠣ᠂ ᠢ ᠴᠢᠤ ᠪᠢᠶᠣᠣ᠃ ᠳᠤᠮᠳᠠᠳᠤ ᠤᠯᠤᠰ  ᠤᠨ ᠡᠪ ᠬᠠᠮᠲᠤ ᠨᠠᠮ  ᠤᠨ ᠭᠡᠰᠢᠭᠦᠨ᠃ ᠲᠡᠷᠡ ᠬᠠᠷᠠᠬᠠᠨ ᠪᠠᠭ᠎ᠠ ᠠᠴᠠ ᠪᠠᠨ ᠬᠠᠲᠠᠭᠤᠵᠢᠯᠲᠠᠶ ᠰᠤᠷᠤᠯᠴᠠᠵᠤ᠂ 1927 ᠣᠨ ᠠᠴᠠ ᠡᠬᠢᠯᠡᠨ ᠪᠡᠭᠡᠵᠢᠩ ᠳᠦ ᠰᠣᠨᠢᠨ ᠮᠡᠳᠡᠭᠡᠨ ᠦ ᠠᠵᠢᠯ ᠬᠢᠵᠦ᠂ ᠤᠷᠢᠳ ᠬᠣᠵᠢᠳ 《ᠪᠡᠭᠡᠵᠢᠩ ᠦᠨ ᠦᠳᠡᠰᠢ  ᠵᠢᠨ ᠰᠣᠨᠢᠨ》᠂ 《ᠳᠡᠯᠡᠬᠡᠶ  ᠵᠢᠨ ᠡᠳᠦᠷ ᠦᠨ ᠰᠣᠨᠢᠨ》 ᠤ ᠨᠠᠢᠷᠠᠭᠤᠯᠤᠭᠴᠢ᠂ ᠰᠤᠷᠪᠤᠯᠵᠢᠯᠠᠭᠴᠢ᠂ 《ᠳᠡᠯᠡᠬᠡᠶ  ᠵᠢᠨ ᠵᠢᠷᠤᠭ   ᠲᠦ᠍ ᠰᠡᠳᠭᠦᠯ》 ᠦᠨ ᠶᠡᠷᠦᠩᠬᠡᠶ ᠨᠠᠢᠷᠠᠭᠤᠯᠤᠭᠴᠢ ᠪᠠᠷ ᠠᠵᠢᠯᠯᠠᠵᠤ ᠪᠠᠢᠭ᠎ᠠ ᠬᠤᠭᠤᠴᠠᠭᠠᠨ ᠳᠠᠭᠠᠨ ᠢᠷᠭᠡᠨ ᠤᠯᠤᠰ  ᠤᠨ ᠳᠡᠭᠡᠳᠦ ᠰᠤᠷᠭᠠᠭᠤᠯᠢ ᠵᠢᠨ ᠰᠣᠨᠢᠨ ᠮᠡᠳᠡᠭᠡᠨ ᠦ ᠰᠠᠯᠪᠤᠷᠢ᠂ ᠪᠡᠭᠡᠵᠢᠩ ᠦᠨ ᠰᠣᠨᠢᠨ ᠮᠡᠳᠡᠭᠡᠨ  ᠲᠤᠰᠭᠠᠢ ᠮᠡᠷᠭᠡᠵᠢᠯ ᠦᠨ ᠰᠤᠷᠭᠠᠭᠤᠯᠢ ᠳᠤ ᠰᠣᠨᠢᠨ ᠮᠡᠳᠡᠭᠡᠨ ᠦ ᠬᠢᠴᠢᠶᠡᠯ ᠵᠢᠭᠠᠵᠤ ᠪᠠᠢᠪᠠ᠃ 1935 ᠣᠨ ᠤ L1 ᠳ᠋ᠦ᠍ᠭᠡᠷ ᠰᠠᠷ᠎ᠠ ᠳᠤ ᠰ᠌ᠠᠩᠬᠠᠶ ᠬᠣᠲᠠ ᠳᠤ ᠬᠦᠷ ᠴᠤ᠌᠂ 《ᠯᠢ ᠪᠦᠦ ᠰᠣᠨᠢᠨ》 ᠤ ᠳᠠᠭᠠᠯᠲᠠ ᠰᠣᠨᠢᠨ ᠪ ᠣᠯᠠᠨᠤ 《ᠵᠢᠵᠢᠭ ᠴᠠᠶ  ᠵᠢᠨ ᠮᠤᠬᠤᠯᠠᠭ》 ᠰᠡᠳᠭᠦᠯ ᠦ᠋ᠨ ᠭᠣᠣᠯ ᠨᠠᠢᠷᠠᠭᠤᠯᠤᠭᠴᠢ ᠪᠠᠷ ᠠᠵᠢᠯᠯᠠᠵᠤ᠂ ᠰᠡᠭᠦᠯᠡᠷ ᠨᠢ ᠲᠤᠰ ᠰᠣᠨᠢᠨ ᠤ ᠶᠡᠷᠦᠩᠬᠡᠶ ᠨᠠᠢᠷᠠᠭᠤᠯᠤᠭᠴᠢ ᠪᠣᠯᠵᠠᠢ᠃ ᠡᠨᠡ ᠬᠤᠭᠤᠴᠠᠭᠠᠨ ᠳᠤ ᠲᠡᠷᠡ ᠶᠠᠫᠣᠨ ᠢ ᠡᠰᠡᠷᠭᠦᠴᠡᠨ ᠮᠥᠬᠦᠯ ᠡᠴᠡ ᠠᠪᠤᠷᠠᠬᠤ ᠬᠥᠳᠡᠯᠭᠡᠭᠡᠨ ᠳ᠋ᠦ᠍ ᠢᠳᠡᠪᠬᠢᠲᠡᠶ ᠣᠷᠤᠯᠴᠠᠨ᠂ ᠰ᠌ᠠᠩᠬᠠᠶ ᠬᠣᠲᠠ ᠳᠠᠬᠢ ᠶᠠᠫᠣᠨ ᠢ ᠡᠰᠡᠷᠭᠦᠴᠡᠨ ᠮᠥᠬᠦᠯ ᠡᠴᠡ ᠠᠪᠤᠷᠠᠬᠤ ᠨᠡᠢᠭᠡᠮᠯᠢᠭ ᠦᠨ ᠤᠬᠠᠭᠤᠯᠬᠤ ᠬᠡᠯᠲᠡᠰ ᠦᠨ ᠬᠠᠷᠢᠭᠤᠴᠠᠯᠭᠠᠲᠠᠨ ᠪᠣᠯᠵᠠᠢ᠃ ᠰ᠌ᠠᠩᠬᠠᠶ ᠬᠣᠲᠠ ᠶᠠᠫᠣᠨ ᠳᠤ ᠡᠵᠡᠯᠡᠭᠳᠡᠭᠰᠡᠨ ᠦ ᠳᠠᠷᠠᠭ᠎ᠠ᠂ 《ᠯᠢ ᠪᠦᠦ ᠰᠣᠨᠢᠨ》 ᠠᠷᠭ᠎ᠠ ᠪᠤᠰᠤ ᠬᠡᠪᠯᠡᠯ ᠵᠣᠭᠰᠤᠪᠠ᠃ ᠰᠡᠭᠦᠯᠡᠷ ᠨᠢ ᠰᠢᠶᠠᠩᠭᠠᠩ ᠳᠤ ᠬᠦᠷ ᠴᠤ᠌᠂ 《ᠯᠢ ᠪᠦᠦ ᠰᠣᠨᠢᠨ》 ᠢᠶᠠᠨ ᠳᠠᠬᠵᠢᠨ ᠡᠷᠬᠢᠯᠡᠵᠡᠢ᠃ 1938 ᠣᠨ ᠳᠤ 《 ᠰᠢᠨᠵᠢᠶᠠᠩ  ᠤᠨ ᠡᠳᠦᠷ ᠦᠨ ᠰᠣᠨᠢᠨ》 ᠤ ᠬᠣᠷᠢᠶᠠᠨ ᠤ᠋ ᠬᠣᠷᠢᠶᠠᠨ ᠳᠠᠷᠤᠭ᠎ᠠ  ᠵᠢᠨ    ᠲᠤᠰᠢᠶᠠᠯ ᠢ ᠬᠠᠷᠢᠭᠤᠴᠠᠵᠠᠶ᠃ ᠰᠡᠭᠦᠯᠡᠷ ᠨᠢ  ᠴᠤ᠌ᠩᠴᠢᠩ ᠬᠣᠲᠠᠨ᠎ᠠ ᠬᠦᠷ ᠴᠤ᠌ 《ᠰᠵᠢᠨ ᠰ᠌ᠣ ᠪᠦᠦ ᠰᠣᠨᠢᠨ》 ᠤ ᠳᠠᠭᠠᠭᠠᠮᠠᠯ ᠪᠣᠯᠪᠠ᠃ 1941 ᠣᠨ ᠳᠤ ᠳᠤᠮᠳᠠᠳᠤ ᠤᠯᠤᠰ  ᠤᠨ ᠠᠷᠠᠳᠴᠢᠯᠠᠭᠰᠠᠨ ᠬᠣᠯᠪᠤᠭ᠎ᠠ ᠳ᠋ᠤ᠌ ᠣᠷᠤᠯᠴᠠᠨ᠂ ᠲᠤᠰ ᠬᠣᠯᠪᠤᠭᠠᠨ ᠤ᠋ ᠠᠯᠪᠠᠨ ᠪᠠᠢᠭᠤᠯᠭ᠎ᠠ  ᠵᠢᠨ ᠰᠣᠨᠢᠨ ᠪ ᠣᠯᠠᠨᠤ 《ᠭᠤᠸᠠᠩ ᠮᠢᠩ ᠪᠦᠦ ᠰᠣᠨᠢᠨ》 ᠤ ᠶᠡᠷᠦᠩᠬᠡᠶ ᠳᠠᠭᠠᠭᠠᠮᠠᠯ ᠪᠣᠯᠵᠠᠢ᠃ 1943 ᠣᠨ ᠤ 5 ᠰᠠᠷ᠎ᠠ ᠠᠴᠠ 1945 ᠣᠨ ᠤ 6 ᠰᠠᠷ᠎ᠠ ᠪᠣᠯᠲᠠᠯ᠎ᠠ᠂ ᠭᠣᠮᠢᠨᠳᠠᠩ  ᠤᠨ ᠲᠥᠪᠯᠡᠷᠡᠭᠦᠯᠦᠨ ᠬᠣᠷᠢᠬᠤ ᠭᠠᠵᠠᠷ    ᠲᠦ᠍ ᠬᠣᠶᠠᠷ ᠵᠢᠯ 《ᠤᠯᠤᠰ ᠲᠦᠷᠥ  ᠵᠢᠨ ᠶᠠᠯᠠᠲᠠᠨ》 ᠤ ᠠᠮᠢᠳᠤᠷᠠᠯ ᠥᠩᠭᠡᠷᠡᠭᠦᠯᠵᠡᠢ᠃ ᠬᠣᠷᠢᠭᠳᠠᠵᠤ ᠪᠠᠢᠬᠤ ᠬᠤᠭᠤᠴᠠᠭᠠᠨ ᠳᠠᠭᠠᠨ 《 ᠰᠢᠨᠵᠢᠯᠡᠬᠦ ᠤᠬᠠᠭᠠᠨ ᠤ ᠰᠣᠨᠢᠨ ᠮᠡᠳᠡᠭᠡᠨ ᠦ ᠤᠬᠠᠭᠠᠨ ᠤ ᠲᠣᠢᠮᠤ》 ᠭᠡᠳᠡᠭ ᠵᠣᠬᠢᠶᠠᠯ ᠢᠶᠠᠨ ᠪᠢᠴᠢᠵᠦ ᠳᠠᠭᠤᠰᠬᠠᠵᠠᠶ᠃ ᠭᠵᠢᠨᠳᠠᠨ ᠠᠴᠠ ᠭᠠᠷᠤᠭᠰᠠᠨ ᠤ ᠳᠠᠷᠠᠭ᠎ᠠ ᠰᠢᠶᠠᠩᠭᠠᠩ ᠳᠤ ᠬᠦᠷ ᠴᠤ᠌᠂ 《ᠬᠤᠸᠠ ᠰ᠌ᠠᠩ ᠪᠦᠦ ᠰᠣᠨᠢᠨ》 ᠤ ᠶᠡᠷᠦᠩᠬᠡᠶ ᠳᠠᠭᠠᠭᠠᠮᠠᠯ  ᠤᠨ    ᠲᠤᠰᠢᠶᠠᠯ ᠬᠠᠷᠢᠭᠤᠴᠠᠵᠠᠶ᠃ 1949 ᠣᠨ ᠤ 4 ᠰᠠᠷ᠎ᠠ ᠳᠤ ᠪᠧᠶᠢᠫᠢᠩ 《ᠪᠡᠭᠡᠵᠢᠩ ) ᠬᠣᠲᠠᠨ ᠳᠤ ᠬᠦᠷ ᠴᠤ᠌ ᠢᠷᠡᠭᠡᠳ᠂ 6 ᠰᠠᠷ᠎ᠠ  ᠳ  ᠤᠨᠢ ᠬᠣ ᠢᠦᠢ ᡁᠢ ᠲᠡᠢ ᠬᠠᠮᠲᠤ ᠳᠤᠮᠳᠠᠳᠤ ᠤᠯᠤᠰ  ᠤᠨ ᠠᠷᠠᠳᠴᠢᠯᠠᠭᠰᠠᠨ ᠬᠣᠯᠪᠤᠭ᠎ᠠ   ᠵᠢᠨ ᠠᠯᠪᠠᠨ ᠪᠠᠢᠭᠤᠯᠭ᠎ᠠ  ᠵᠢᠨ ᠰᠣᠨᠢᠨ ᠪ ᠣᠯᠠᠨᠤ 《ᠭᠤᠸᠠᠩ ᠮᠢᠩ ᠡᠳᠦᠷ ᠦᠨ ᠰᠣᠨᠢᠨ》 ᠢ ᠡᠭᠦᠳᠦᠨ ᠡᠷᠬᠢᠯᠡᠵᠦ᠂ ᠲᠤᠰ ᠰᠣᠨᠢᠨ ᠤ ᠨᠠᠷᠢᠨ ᠪᠢᠴᠢᠭ ᠦᠨ ᠳᠠᠷᠤᠭ᠎ᠠ  ᠵᠢᠨ    ᠲᠤᠰᠢᠶᠠᠯ ᠢ ᠬᠠᠷᠢᠭᠤᠴᠠᠵᠠᠶ᠃ ᠪᠠᠰᠠ ᠳᠤᠮᠳᠠᠳᠤ ᠤᠯᠤᠰ  ᠤᠨ ᠠᠷᠠᠳ  ᠤᠨ ᠤᠯᠤᠰ ᠲᠦᠷᠥ  ᠵᠢᠨ ᠵᠥᠪᠯᠡᠯᠭᠡᠨ ᠦ᠌ ᠠᠩᠬᠠᠳᠤᠭᠠᠷ ᠪᠦᠭᠦᠳᠡ ᠬᠤᠷᠠᠯᠳᠤᠭᠠᠨ ᠳᠤ ᠣᠷᠣᠯᠴᠠᠵᠠᠶ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠤ ᠳᠠᠷᠠᠭ᠎ᠠ᠂ ᠰᠠ ᠺᠦᠩ ᠯᠢᠶᠣᠣ ᠤᠷᠢᠳ ᠬᠣᠵᠢᠳ ᠰᠣᠨᠢᠨ ᠮᠡᠳᠡᠭᠡᠨ ᠦ ᠶᠡᠷᠦᠩᠬᠡᠶ ᠵᠠᠬᠢᠷᠭ᠎ᠠ  ᠵᠢᠨ ᠳᠡᠳ᠋ ᠵᠠᠬᠢᠷᠭᠠᠨ ᠳᠠᠷᠤᠭ᠎ᠠ ᠪᠥᠭᠡᠳ ᠰᠣᠨᠢᠨ ᠮᠡᠳᠡᠭᠡᠨ ᠦ ᠬᠡᠷᠡᠯ ᠵᠢᠷᠤᠭ  ᠤᠨ ᠲᠣᠪᠴᠢᠶᠠᠨ ᠤ ᠳᠠᠷᠤᠭ᠎ᠠ᠂ ᠬᠡᠪᠯᠡᠯ ᠦᠨ ᠶᠡᠷᠦᠩᠬᠡᠶ ᠵᠠᠬᠢᠷᠭᠠᠨ ᠤ ᠳᠡᠳ᠋ ᠵᠠᠬᠢᠷᠭᠠᠨ ᠳᠠᠷᠤᠭ᠎ᠠ᠂ ᠤᠯᠤᠰ  ᠤᠨ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠦ᠋ᠨ ᠳᠡᠳ᠋ ᠡᠷᠬᠢᠯᠡᠭᠴᠢ᠂ ᠪᠦᠬᠥ ᠤᠯᠤᠰ  ᠤᠨ ᠤᠯᠤᠰ ᠲᠦᠷᠥ  ᠵᠢᠨ ᠵᠥᠪᠯᠡᠯᠭᠡᠨ ᠦ᠌ ᠨᠠᠷᠢᠨ ᠪᠢᠴᠢᠭ ᠦᠨ ᠳᠠᠷᠤᠭ᠎ᠠ᠂ ᠳᠤᠮᠳᠠᠳᠤ ᠤᠯᠤᠰ  ᠤᠨ ᠠᠷᠠᠳᠴᠢᠯᠠᠭᠰᠠᠨ ᠬᠣᠯᠪᠤᠭᠠᠨ ᠤ᠋ ᠲᠥᠪ ᠬᠣᠷᠢᠶᠠᠨ ᠤ᠋ ᠪᠠᠢᠩᠭᠤ  ᠵᠢᠨ ᠭᠡᠰᠢᠭᠦᠨ᠂ ᠳᠡᠳ᠋ ᠲᠡᠷᠢᠭᠦᠯᠡᠭᠴᠢ᠂ ᠪᠦᠬᠥ ᠤᠯᠤᠰ  ᠤᠨ ᠠᠷᠠᠳ  ᠤᠨ ᠲᠥᠯᠦᠭᠡᠯᠡᠭᠴᠢᠳ ᠦ᠋ᠨ ᠶᠡᠬᠡ ᠬᠤᠷᠠᠯ  ᠤᠨ 1 ᠳ᠋ᠦ᠍ᠭᠡᠷ᠂ 2 ᠳ᠋ᠤᠭᠠᠷ ᠤᠳᠠᠭᠠᠨ ᠤ ᠶᠡᠬᠡ ᠬᠤᠷᠠᠯ  ᠤᠨ ᠲᠥᠯᠦᠭᠡᠯᠡᠭᠴᠢ᠂ 2 ᠳ᠋ᠤᠭᠠᠷ ᠬᠤᠭᠤᠴᠠᠭᠠᠨ ᠤ ᠪᠦᠬᠥ ᠤᠯᠤᠰ  ᠤᠨ ᠤᠯᠤᠰ ᠲᠦᠷᠥ  ᠵᠢᠨ ᠵᠥᠪᠯᠡᠯᠭᠡᠨ ᠦ᠌ ᠭᠡᠰᠢᠭᠦᠨ᠂ 3 ᠳ᠋ᠤᠭᠠᠷ ᠬᠤᠭᠤᠴᠠᠭ᠎ᠠ ᠠᠴᠠ 6 ᠳ᠋ᠤᠭᠠᠷ ᠬᠤᠭᠤᠴᠠᠭᠠᠨ ᠤ ᠪᠦᠬᠥ ᠤᠯᠤᠰ  ᠤᠨ ᠤᠯᠤᠰ ᠲᠦᠷᠥ  ᠵᠢᠨ ᠵᠥᠪᠯᠡᠯᠭᠡᠨ ᠦ᠌ ᠪᠠᠢᠩᠭᠤ  ᠵᠢᠨ ᠭᠡᠰᠢᠭᠦᠨ ᠵᠡᠷᠭᠡ    ᠲᠤᠰᠢᠶᠠᠯ ᠬᠠᠷᠢᠭᠤᠴᠠᠵᠠᠶ᠃ 1950 ᠣᠨ ᠠᠴᠠ ᠡᠬᠢᠯᠡᠨ᠂ ᠦᠨᠳᠦᠰᠦᠲᠡᠨ ᠦ ᠰᠣᠶᠤᠯ ᠤ᠋ᠨ ᠠᠵᠢᠯ ᠢ ᠬᠠᠷᠢᠭᠤᠴᠠᠨ ᠬᠢᠵᠦ᠂ ᠤᠷᠢᠳ ᠬᠣᠵᠢᠳ ᠦᠨᠳᠦᠰᠦᠲᠡᠨ ᠦ ᠬᠡᠪᠯᠡᠯ ᠦᠨ ᠬᠣᠷᠢᠶ᠎ᠠ᠂ 《ᠦᠨᠳᠦᠰᠦᠲᠡᠨ ᠦ ᠵᠢᠷᠤᠭ   ᠲᠦ᠍ ᠰᠡᠳᠭᠦᠯ》᠂ 《ᠦᠨᠳᠦᠰᠦᠲᠡᠨ ᠦ ᠪᠦᠯᠬᠦᠮᠳᠡᠯ ᠰᠡᠳᠭᠦᠯ》᠂ ᠦᠨᠳᠦᠰᠦᠲᠡᠨ ᠦ ᠳᠠᠭᠤᠤ ᠪᠥᠵᠢᠭ ᠦ᠋ᠨ ᠪᠦᠯᠬᠦᠮ᠂ ᠦᠨᠳᠦᠰᠦᠲᠡᠨ ᠦ ᠰᠣᠶᠤᠯ ᠤ᠋ᠨ ᠣᠷᠳᠤᠨ᠂ ᠲᠥᠪ ᠦ᠋ᠨ ᠦᠨᠳᠦᠰᠦᠲᠡᠨ ᠦ ᠬᠡᠯᠡ ᠪᠢᠴᠢᠭ ᠦᠨ ᠣᠷᠴᠢᠭᠤᠯᠭ᠎ᠠ  ᠵᠢᠨ ᠲᠣᠪᠴᠢᠶ᠎ᠠ ᠵᠡᠷᠭᠡ ᠪᠠᠢᠭᠤᠯᠭ᠎ᠠ ᠶᠢ ᠡᠭᠦᠳᠬᠦ ᠠᠵᠢᠯ ᠪᠠ ᠤᠳᠤᠷᠢᠳᠬᠤ ᠠᠵᠢᠯ ᠢ ᠭᠦᠢᠴᠡᠳᠭᠡᠵᠡᠢ᠃ ᠡᠬᠡ ᠪᠢᠴᠢᠭ ᠬᠢᠨᠠᠵᠤ᠂ ᠲᠥᠯᠦᠪᠯᠡᠯᠭᠡ ᠲᠣᠭᠲᠠᠭᠠᠨ᠂ ᠰᠢᠳᠪᠦᠷᠢ ᠲᠣᠭᠲᠠᠭᠠᠬᠤ ᠳᠤ ᠣᠷᠤᠯᠴᠠᠨ᠂ ᠪᠦᠯᠬᠦᠮ ᠳᠠᠭᠠᠭᠤᠯ ᠤᠨ ᠴᠥᠭᠡᠨ ᠲᠣᠭᠠᠨ   ᠲᠦ᠍ ᠦᠨᠳᠦᠰᠦᠲᠡᠨ ᠦ ᠣᠷᠤᠨ ᠢ᠋ ᠲᠣᠬᠤᠨᠢᠭᠤᠯᠵᠤ᠂ ᠭᠠᠳᠠᠭᠠ ᠳ᠋ᠡᠬᠢ ᠭᠠᠷ ᠴᠤ᠌ ᠠᠢᠯᠴᠢᠯᠠᠯᠲᠠ ᠬᠢᠵᠦ᠂ ᠦᠨᠳᠦᠰᠦᠲᠡᠨ ᠦ ᠳᠠᠪᠰᠢᠯᠲᠠ ᠪᠠ ᠪᠦᠯᠬᠦᠮᠳᠡᠯ ᠢ ᠠᠬᠢᠭᠤᠯ ᠤᠨ᠂ ᠦᠨᠳᠦᠰᠦᠲᠡᠨ ᠦ ᠰᠣᠶᠤᠯ ᠤ᠋ᠨ ᠦᠢᠯᠡᠰ ᠦᠨ ᠬᠥᠭᠵᠢᠯᠲᠡ ᠪᠣᠯ ᠤᠨ ᠣᠯᠠᠨ ᠤᠯᠤᠰ  ᠤᠨ ᠰᠣᠶᠤᠯ ᠤ᠋ᠨ ᠰᠣᠯᠢᠯᠴᠠᠭᠠᠨ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠢᠨ᠎ᠠ᠃ ᠡᠭᠦᠨ ᠡᠴᠡ ᠭᠠᠳᠠᠨ᠎ᠠ ᠲᠡᠷᠡ ᠪᠠᠰᠠ ᠠᠷᠠᠳ  ᠤᠨ ᠤᠷᠠᠨ ᠵᠢᠷᠤᠭ  ᠤᠨ ᠬᠡᠪᠯᠡᠯ ᠦᠨ ᠬᠣᠷᠢᠶ᠎ᠠ  ᠵᠢᠨ ᠬᠣᠷᠢᠶᠠᠨ ᠳᠠᠷᠤᠭ᠎ᠠ  ᠵᠢᠨ    ᠲᠤᠰᠢᠶᠠᠯ ᠪᠣᠯ ᠤᠨ ᠳᠤᠮᠳᠠᠳᠤ ᠤᠯᠤᠰ  ᠤᠨ ᠤᠷᠠᠨ ᠪᠢᠴᠢᠯᠭᠡ  ᠵᠢᠨ ᠨᠡᠢᠭᠡᠮᠯᠢᠭ ᠵᠢᠴᠢ ᠷᠦᠩ ᠪᠦᠦ ᠵᠠᠶ  ᠵᠢᠨ ᠤᠳᠤᠷᠢᠳᠬᠤ ᠠᠵᠢᠯ ᠢ ᠬᠠᠷᠢᠭᠤᠴᠠᠭᠰᠠᠨ ᠪᠠᠢᠨ᠎ᠠ᠃ ᠪᠠᠰᠠ 《ᠰᠢᠶᠠᠩᠭᠠᠩ ᠠᠴᠠ ᠰᠢᠨᠵᠢᠶᠠᠩ ᠬᠦᠷᠲᠡᠯ᠎ᠡ》᠂ 《ᠰᠢᠶᠠᠩᠭᠠᠩ ᠡᠵᠡᠯᠡᠭᠳᠡᠭᠰᠡᠨ ᠡᠳᠦᠷ ᠦᠨ ᠲᠡᠮᠳᠡᠭᠯᠡᠯ》᠂ 《ᠬᠣᠶᠠᠷ ᠵᠢᠯ ᠦᠨ ᠤᠯᠤᠰ ᠲᠦᠷᠥ  ᠵᠢᠨ ᠶᠠᠯᠠᠲᠠᠨ ᠤ ᠠᠮᠢᠳᠤᠷᠠᠯ》᠂ 《ᠤᠬᠠᠭᠤᠯᠭ᠎ᠠ  ᠵᠢᠨ ᠰᠡᠳᠭᠢᠴᠡ   ᠵᠢᠨ ᠰᠤᠳᠤᠯᠤᠯ》 ᠵᠡᠷᠭᠡ ᠨᠣᠮ ᠪᠢᠴᠢᠵᠦ ᠣᠷᠴᠢᠭᠤᠯᠵᠠᠢ᠃ 《ᠳᠤᠮᠳᠠᠳᠤ ᠤᠯᠤᠰ  ᠤᠨ ᠲᠣᠮᠣ ᠨᠡᠪᠲᠡᠷᠬᠡᠶ ᠲᠣᠯᠢ . ᠰᠣᠨᠢᠨ ᠮᠡᠳᠡᠭᠡ ᠬᠡᠪᠯᠡᠯ ᠦᠨ ᠪᠣᠲᠢ》  ᠵᠢᠨ ᠭᠣᠣᠯ ᠨᠠᠢᠷᠠᠭᠤᠯᠤᠭᠴᠢ ᠪᠣᠯᠵᠤ ᠪᠠᠢᠵᠠᠢ᠃ ( ᠲᠦᠮᠡᠨ )