ᠨᠡᠷ᠎ᠡ:
ᠰᠠᠢᠭᠷᠳᠠᠨᠢ᠂
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰᠠᠢᠭᠷᠳᠠᠨᠢ᠂ ( 1935—— ) ᠬᠢᠨᠠᠨ ᠣᠷᠴᠢᠭᠤᠯᠤᠭᠴᠢ᠃ ᠥᠪᠦᠷ ᠮᠣᠩᠭᠤᠯ ᠤ᠋ᠨ ᠬᠣᠷᠴᠢᠨ ᠪᠠᠷᠠᠭᠤᠨ ᠭᠠᠷ ᠤᠨ ᠡᠮᠦᠨᠡᠲᠦ ᠬᠣᠰᠢᠭᠤᠨ ᠤ ᠬᠥᠮᠦᠨ᠃ 955 ᠣᠨ ᠳᠤ ᠤᠯᠠᠭᠠᠨᠬᠣᠲᠠ ᠳᠠᠬᠢ ᠪᠠᠭᠰᠢ ᠵᠢᠨ ᠰᠤᠷᠭᠠᠭᠤᠯᠢ ᠠᠴᠠ ᠲᠡᠭᠦᠰ ᠴᠤ᠌᠂ ᠲᠤᠰ ᠰᠤᠷᠭᠠᠭᠤᠯᠢ ᠵᠢᠨ ᠬᠠᠷᠢᠶ᠎ᠠ ᠲᠦ᠍ ᠪᠠᠭ᠎ᠠ ᠰᠤᠷᠭᠠᠭᠤᠯᠢ ᠳᠤ ᠪᠠᠭᠰᠢᠯᠠᠪᠠ᠃ 1959 ᠣᠨ ᠳᠤ ᠥᠪᠦᠷ ᠮᠣᠩᠭᠤᠯ ᠤ᠋ᠨ ᠪᠠᠭᠰᠢ ᠵᠢᠨ ᠳᠡᠭᠡᠳᠦ ᠰᠤᠷᠭᠠᠭᠤᠯᠢ ᠵᠢᠨ ᠵᠠᠬᠢᠳᠠᠯ ᠢᠶᠠᠷ ᠵᠢᠭᠠᠬᠤ ᠶᠡᠬᠡ ᠰᠤᠷᠭᠠᠭᠤᠯᠢ ᠵᠢᠨ ᠮᠣᠩᠭᠤᠯ ᠬᠡᠯᠡ ᠤᠳᠭ᠎ᠠ ᠵᠣᠬᠢᠶᠠᠯ ᠤᠨ ᠰᠠᠯᠪᠤᠷᠢ ᠠᠴᠠ ᠲᠡᠭᠦᠰᠪᠡ᠃ ᠲᠤᠰ ᠵᠢᠯ ᠦᠨ ᠨᠠᠮᠤᠷ ᠬᠣᠷᠴᠢᠨ ᠪᠠᠷᠠᠭᠤᠨ ᠭᠠᠷ ᠤᠨ ᠡᠮᠦᠨᠡᠲᠦ ᠬᠣᠰᠢᠭᠤᠨ ᠤ ᠵᠠᠰᠠᠭ ᠤᠨ ᠣᠷᠳᠤᠨ ᠳ᠋ᠤ᠌ ᠰᠢᠯᠵᠢᠵᠦ ᠨᠢᠭᠡ ᠵᠢᠯ ᠠᠵᠢᠯᠯᠠᠪᠠ᠃ 1960 ᠣᠨ ᠠᠴᠠ 1974 ᠣᠨ ᠬᠦᠷᠲᠡᠯ᠎ᠡ ᠥᠪᠦᠷ ᠮᠣᠩᠭᠤᠯ ᠤ᠋ᠨ ᠮᠣᠩᠭᠤᠯ ᠬᠡᠯᠡ ᠪᠢᠴᠢᠭ ᠦᠨ ᠲᠤᠰᠭᠠᠢ ᠮᠡᠷᠭᠡᠵᠢᠯ ᠦᠨ ᠰᠤᠷᠭᠠᠭᠤᠯᠢ ᠳᠤ ᠪᠠᠭᠰᠢᠯᠠᠪᠠ᠃ 1974 ᠣᠨ ᠤ 9 ᠰᠠᠷ᠎ᠠ ᠠᠴᠠ 1989 ᠣᠨ ᠤ ᠰᠡᠭᠦᠯᠴᠢ ᠪᠣᠯᠲᠠᠯ᠎ᠠ ᠥᠪᠦᠷ ᠮᠣᠩᠭᠤᠯ ᠤ᠋ᠨ ᠡᠳᠦᠷ ᠦᠨ ᠰᠣᠨᠢᠨ ᠤ ᠬᠣᠷᠢᠶᠠᠨ ᠳ᠋ᠤ᠌ ᠠᠵᠢᠯᠯᠠᠵᠤ᠂ 《ᠯᠠᠪᠯᠠᠯᠲᠠ ᠵᠢᠨ ᠮᠡᠳᠡᠭᠡ》 ᠰᠣᠨᠢᠨ ᠤ ᠨᠠᠢᠷᠠᠭᠤᠯᠵᠤ ᠣᠷᠴᠢᠭᠤᠯᠬᠤ ᠬᠡᠯᠲᠡᠰ ᠦᠨ ᠨᠠᠢᠷᠠᠭᠤᠯᠤᠭᠴᠢ᠂ ᠳᠡᠳ᠋ ᠡᠷᠬᠢᠯᠡᠭᠴᠢ ᠪᠣᠯᠵᠤ᠂ 1983 ᠣᠨ ᠤ 6 ᠰᠠᠷ᠎ᠠ ᠳᠤ ᠥᠪᠦᠷ ᠮᠣᠩᠭᠤᠯ ᠤ᠋ᠨ ᠡᠳᠦᠷ ᠦᠨ ᠰᠣᠨᠢᠨ ᠤ ᠬᠣᠷᠢᠶᠠᠨ ᠤ᠋ ᠳᠡᠳ᠋ ᠬᠣᠷᠢᠶᠠᠨ ᠳᠠᠷᠤᠭ᠎ᠠ ᠪᠣᠯᠵᠤ᠂ ᠮᠣᠩᠭᠤᠯ ᠰᠣᠨᠢᠨ ᠤ ᠬᠡᠰᠡᠭ ᠤᠳᠤᠷᠢᠳᠬᠤ ᠠᠵᠢᠯ ᠢ ᠬᠠᠷᠢᠭᠤᠴᠠᠵᠤ᠂ ᠪᠠᠰᠠ ᠪᠦᠬᠥ ᠰᠣᠨᠢᠨ ᠤ ᠬᠣᠷᠢᠶᠠᠨ ᠤ᠋ ᠨᠠᠮ ᠤᠨ ᠠᠵᠢᠯ᠂ ᠠᠵᠢᠯᠲᠠᠨ ᠤ ᠶᠠᠪᠤᠳᠠᠯ ᠢ ᠬᠤᠪᠢᠲᠠᠨ ᠬᠠᠮᠢᠶᠠᠷᠪᠠ᠃ 1990 ᠣᠨ ᠠᠴᠠ ᠥᠪᠦᠷ ᠮᠣᠩᠭᠤᠯ ᠤ᠋ᠨ ᠮᠣᠩᠭᠤᠯ ᠬᠡᠯᠡ ᠪᠢᠴᠢᠭ ᠦᠨ ᠠᠵᠢᠯ ᠤᠨ ᠵᠥᠪᠯᠡᠯ ᠦ᠋ᠨ ᠳᠡᠳ᠋ ᠡᠷᠬᠢᠯᠡᠭᠴᠢ ᠪᠡᠷ ᠰᠢᠯᠵᠢᠵᠦ᠂ 1996 ᠣᠨ ᠳᠤ ᠨᠠᠰ ᠤᠨ ᠤ ᠠᠮᠠᠷᠠᠯᠲᠠ ᠪᠠᠨ ᠠᠪᠤᠪᠠ᠃ 《ᠡᠷᠢᠶᠡᠨ ᠬᠣᠲᠠ —— ᠡᠬᠡ ᠤᠯᠤᠰ ᠤᠨ 《ᠴᠣᠩᠬᠤ》》᠂ 《ᠲᠠᠯ᠎ᠠ ᠨᠤᠲᠤᠭ ᠤᠨ ᠬᠥᠪᠡᠭᠦᠨ ᠦ᠌ ᠦᠵᠡᠭᠦᠯᠦᠭᠰᠡᠨ ᠲᠠᠩᠰᠤᠭ ᠨᠡᠮᠡᠷᠢ —— ᠴᠡᠭᠡ ᠵᠠᠰᠠᠯᠭ᠎ᠠ ᠶᠢ ᠡᠭᠦᠳᠦᠭᠴᠢ ᠵᠠᠮᠰᠤ ᠡᠮᠴᠢ ᠶᠢ ᠰᠤᠷᠪᠤᠯᠵᠢᠯᠠᠭᠠᠳ》᠂ 《ᠦᠨᠳᠦᠰᠦᠲᠡᠨ ᠦ ᠣᠷᠤᠨ ᠤ᠋ ᠨᠠᠮ ᠤᠨ ᠰᠣᠨᠢᠨ ᠤ ᠣᠷᠤᠨ ᠨᠤᠲᠤᠭ ᠪᠠ ᠦᠨᠳᠦᠰᠦᠲᠡᠨ ᠦ ᠣᠨᠴᠠᠯᠢᠭ ᠤᠨ ᠲᠤᠰᠭᠠᠢ》᠂ 《ᠥᠭᠡᠷᠡᠴᠢᠯᠡᠯᠲᠡ ᠬᠢᠬᠦ ᠦᠬᠡᠶ ᠪᠣᠯ ᠳᠤᠮᠳᠠᠳᠤ ᠤᠯᠤᠰ ᠤᠨ ᠣᠨᠴᠠᠯᠢᠭ ᠪᠦᠬᠦᠶ ᠨᠡᠢᠭᠡᠮ ᠵᠢᠷᠤᠮ ᠢ ᠪᠦᠲᠦᠭᠡᠨ ᠪᠠᠢᠭᠤᠯᠵᠤ ᠦᠯᠥ ᠲᠠᠢᠯ ᠤᠨᠠᠮ —— ᠥᠭᠡᠷᠡᠴᠢᠯᠡᠯᠲᠡ ᠵᠢᠨ ᠲᠤᠰᠭᠠᠢ ᠬᠡᠳᠦᠨ ᠲᠠᠯ᠎ᠠ ᠵᠢᠨ ᠭᠦᠨ ᠤᠬᠠᠭᠠᠨᠴᠢ ᠪᠣᠳᠤᠯᠬᠢᠯᠠᠯᠲᠠ》᠂ 《ᠴᠢᠳᠠᠪᠤᠷᠢᠲᠠᠨ ᠢ ᠬᠠᠮᠢᠶᠠᠷᠬᠤ ᠠᠵᠢᠯ ᠢᠶᠠᠨ ᠥᠭᠡᠷᠡᠴᠢᠯᠡᠵᠦ ᠪᠦᠲᠦᠭᠡᠯᠴᠢ ᠴᠢᠨᠠᠷ ᠢ ᠨᠢ ᠪᠦᠷᠢᠨ ᠲᠡᠭᠦᠯᠳᠡᠷ ᠪᠠᠳᠠᠷᠠᠭᠤᠯᠰᠤᠭᠠᠢ》 ᠵᠡᠷᠭᠡ ᠬᠢᠲᠠᠳ ᠴᠢᠮᠡᠭᠡᠯᠡᠯ᠂ ᠥᠭᠦᠯᠡᠯ ᠢ᠋ᠶ᠋ᠡᠨ ᠣᠷᠤᠨ ᠤ᠋ ᠳᠣᠲᠤᠭᠠᠳᠤ ᠭᠠᠳᠠᠭᠠᠳᠤ ᠵᠢᠨ ᠰᠣᠨᠢᠨ ᠰᠡᠳᠭᠦᠯ ᠳ᠋ᠦ᠍ ᠨᠡᠢᠲᠡᠯᠡᠭᠦᠯᠪᠡ᠃ ᠮᠣᠩᠭᠤᠯ ᠢ᠋ᠶ᠋ᠠᠷ ᠬᠡᠳᠦᠨ ᠠᠷᠪᠠᠨ ᠴᠢᠮᠡᠭᠡᠯᠡᠯ᠂ ᠨᠠᠢᠷᠠᠭᠤᠯᠤᠯ᠂ ᠰᠢᠯᠦᠭ ᠪᠠ ᠥᠭᠦᠯᠡᠯ ᠪᠢᠴᠢᠵᠦ᠂ ᠣᠷᠤᠨ ᠤ᠋ ᠳᠣᠲᠤᠷᠠᠬᠢ ᠮᠣᠩᠭᠤᠯ ᠰᠣᠨᠢᠨ ᠰᠡᠳᠭᠦᠯ ᠳ᠋ᠦ᠍ ᠨᠡᠢᠲᠡᠯᠡᠭᠦᠯᠪᠡ᠃ 《ᠮᠣᠩᠭᠤᠯ ᠬᠡᠯᠡᠨ ᠦ ᠪᠢᠴᠢᠯᠭᠡ ᠳᠠᠭᠤᠳᠠᠯᠭ᠎ᠠ ᠬᠤᠳᠭᠤᠯᠳᠤᠬᠤ ᠦᠭᠡᠰ ᠦᠨ ᠲᠣᠯᠢ》 ᠭᠡᠬᠦ ᠨᠣᠮ ᠬᠡᠪᠯᠡᠭᠦᠯᠵᠦ᠂ 《ᠳᠤᠮᠳᠠᠳᠤ ᠤᠯᠤᠰ ᠤᠨ ᠣᠲᠣ ᠦᠶ᠎ᠡ ᠵᠢᠨ ᠤᠳᠭ᠎ᠠ ᠵᠣᠬᠢᠶᠠᠯ ᠤᠨ ᠲᠡᠦᠬᠡ》᠂ 《ᠮᠣᠩᠭᠤᠯ ᠦᠨᠳᠦᠰᠦᠲᠡᠨ ᠦ ᠤᠳᠭ᠎ᠠ ᠵᠣᠬᠢᠶᠠᠯ ᠤᠨ ᠲᠡᠦᠬᠡ》 ᠶᠢ ᠨᠠᠢᠷᠠᠭᠤᠯ ᠤᠨ ᠣᠷᠴᠢᠭᠤᠯᠵᠤ ᠵᠢᠭᠠᠬᠤ ᠮᠠᠲ᠋ᠧᠷᠢᠶᠠᠯ ᠪᠣᠯᠭᠠᠨ ᠲᠠᠷᠬᠠᠭᠠᠵᠤ᠂ ᠮᠡᠯᠴᠢᠨᠭᠦᠦ ᠵᠢᠨ 《ᠡᠯᠡᠰᠦᠨ ᠨᠤᠲᠤᠭ ᠤᠨ ᠬᠠᠪᠤᠷ》 ᠭᠡᠬᠦ ᠨᠣᠮ ᠪᠠ 《ᠯᠢ ᠽᠢ ᠴᠧᠩ》 ᠭᠡᠬᠦ ᠷᠣᠮᠠᠨ ᠤ ᠬᠡᠰᠡᠭ ᠪᠦᠯᠦᠭ ᠢ ᠣᠷᠴᠢᠭᠤᠯᠵᠤ ᠬᠡᠪᠯᠡᠭᠦᠯᠵᠦ᠂ 《 ᠴᠠᠭᠠᠭᠴᠢᠨ ᠭᠠᠬᠠᠶ ᠵᠢᠯ ᠦᠨ ᠬᠤᠪᠢᠰᠭᠠᠯ》᠂ 《ᠭᠠᠳᠠᠭᠠᠳᠤ ᠶᠢ ᠳᠠᠭᠤᠷᠢᠶᠠᠬᠤ ᠬᠥᠳᠡᠯᠭᠡᠭᠡᠨ》 ᠵᠡᠷᠭᠡ ᠨᠣᠮ ᠤᠨ ᠣᠷᠴᠢᠭᠤᠯᠭ᠎ᠠ ᠶᠢ ᠬᠢᠨᠠᠪᠠ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠰᠣᠨᠢᠨ ᠤ ᠦᠢᠯᠡᠰ ᠦᠨ ᠨᠡᠢᠭᠡᠮᠯᠢᠭ ᠦᠨ ᠳᠠᠷᠤᠭ᠎ᠠ᠂ ᠣᠷᠴᠢᠭᠤᠯᠭ᠎ᠠ ᠵᠢᠨ ᠠᠵᠢᠯᠲᠠᠨ ᠤ ᠨᠡᠢᠭᠡᠮᠯᠢᠭ ᠦᠨ ᠳᠡᠳ᠋ ᠬᠡᠷᠡᠭ ᠡᠷᠬᠢᠯᠡᠭᠴᠢᠳ ᠦᠨ ᠳᠠᠷᠤᠭ᠎ᠠ᠂ ᠨᠡᠷ᠎ᠡ ᠲᠣᠮᠢᠶᠠᠨ ᠤ ᠺᠣᠮᠢᠰ ᠤᠨ ᠳᠡᠳ᠋ ᠡᠷᠬᠢᠯᠡᠭᠴᠢ᠂ ᠮᠣᠩᠭᠤᠯ ᠣᠷᠴᠢᠭᠤᠯᠭ᠎ᠠ ᠵᠢᠨ ᠳᠡᠭᠡᠳᠦ ᠵᠡᠷᠭᠡ ᠵᠢᠨ ᠮᠡᠷᠭᠡᠵᠢᠯ ᠦᠨ ᠴᠣᠯᠠ ᠶᠢ ᠬᠢᠨᠠᠨ ᠲᠣᠭᠲᠠᠭᠠᠬᠤ ᠺᠣᠮᠢᠰ ᠤᠨ ᠳᠡᠳ᠋ ᠡᠷᠬᠢᠯᠡᠭᠴᠢ᠂ 《ᠮᠣᠩᠭᠤᠯ ᠬᠡᠯᠡ ᠪᠢᠴᠢᠭ》 ᠰᠡᠳᠭᠦᠯ ᠦ᠋ᠨ ᠶᠡᠷᠦᠩᠬᠡᠶ ᠨᠠᠢᠷᠠᠭᠤᠯᠤᠭᠴᠢ ᠵᠡᠷᠭᠡ ᠲᠤᠰᠢᠶᠠᠯ ᠲᠠᠢ ᠪᠠᠢᠪᠠ᠃
Copyight 2016 by nmgmzw.gov.cn All Rights Reserved