ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠠᠵᠢᠨᠪᠤᠶᠠᠨ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠠᠵᠢᠨᠪᠤᠶᠠᠨ ( 1930—— ) ᠬᠢᠨᠠᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠣᠷᠳᠤᠰ ᠬᠣᠲᠠ  ᠵᠢᠨ ᠦᠦᠰᠢᠨ ᠬᠣᠰᠢᠭᠤᠨ ᠤ ᠬᠥᠮᠦᠨ᠃ 1975 ᠣᠨ ᠳᠤ ᠥᠪᠦᠷ ᠮᠣᠩᠭᠤᠯ ᠤ᠋ᠨ ᠪᠠᠭᠰᠢ  ᠵᠢᠨ ᠶᠡᠬᠡ ᠰᠤᠷᠭᠠᠭᠤᠯᠢ ᠲᠡᠭᠦᠰᠭᠡᠵᠦ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠲᠢᠩᠬᠢᠮ ᠳᠦ ᠠᠵᠢᠯ  ᠤᠨ ᠬᠤᠪᠢᠶᠠᠷᠢ ᠠᠪᠴᠠᠢ᠃ 1978 ᠣᠨ ᠳᠤ ᠲᠤᠰ ᠲᠢᠩᠬᠢᠮ ᠦᠨ 《ᠥᠪᠦᠷ ᠮᠣᠩᠭᠤᠯ ᠤ᠋ᠨ ᠰᠤᠷᠭᠠᠨ ᠬᠥᠮᠦᠵᠢᠯ》 ᠰᠡᠳᠭᠦᠯ ᠳ᠋ᠦ᠍ ᠠᠵᠢᠯ ᠰᠢᠯᠵᠢᠵᠦ ᠨᠠᠢᠷᠠᠭᠤᠯᠤᠭᠴᠢ ᠰᠤᠷᠪᠤᠯᠵᠢᠯᠠᠭᠴᠢ  ᠵᠢᠨ ᠠᠵᠢᠯ ᠢᠶᠠᠨ ᠡᠬᠢᠯᠡᠭᠦᠯᠵᠦ᠂ ᠣᠲᠣ ᠬᠣᠷᠢᠶᠠᠨ ᠤ᠋ ᠳᠡᠳ᠋ ᠳᠠᠷᠤᠭ᠎ᠠ᠂ ᠳᠡᠳ᠋ ᠶᠡᠷᠦᠩᠬᠡᠶ ᠨᠠᠢᠷᠠᠭᠤᠯᠤᠭᠴᠢ  ᠵᠢᠨ    ᠲᠤᠰᠢᠶᠠᠯ ᠳᠤ ᠪᠠᠢᠨ᠎ᠠ᠃ ᠬᠣᠷᠵᠢᠨ ᠬᠡᠳᠦᠨ ᠵᠢᠯ ᠦᠨ   ᠲᠦ᠍ᠷᠰᠢ 300 ᠭᠠᠷᠤᠶ ᠬᠤᠭᠤᠴᠠᠭᠠᠨ ᠤ ᠰᠡᠳᠭᠦᠯ ᠢ᠋ ᠨᠠᠢᠷᠠᠭᠤᠯᠵᠤ᠂ ᠬᠢᠨᠠᠵᠤ᠂ 《ᠳᠤᠮᠳᠠᠳᠤ ᠰᠤᠷᠭᠠᠭᠤᠯᠢ  ᠵᠢᠨ ᠰᠤᠷᠤᠭᠴᠢ  ᠵᠢᠨ ᠰᠤᠷᠤᠯᠴᠠᠬᠤ ᠤᠷᠮᠠᠰᠢᠯ  ᠤᠨ  ᠲᠤᠰᠭᠠᠢ ᠥᠭᠦᠯᠡᠬᠦ ᠨᠢ》᠂ 《ᠰᠤᠷᠤᠭᠴᠢᠳ ᠢ ᠪᠠᠶᠠᠷ ᠪᠠᠬᠠᠳᠤᠯ  ᠤᠨ ᠳᠤᠮᠳᠠ ᠰᠤᠷᠤᠯᠴᠠᠭᠤᠯᠤᠶ᠎ᠠ》 ᠵᠡᠷᠭᠡ 40 ᠭᠠᠷᠤᠶ ᠬᠤᠪᠢ ᠰᠤᠷᠭᠠᠨ ᠬᠥᠮᠦᠵᠢᠯ ᠵᠢᠭᠠᠨ ᠰᠤᠷᠭᠠᠯᠲᠠ  ᠵᠢᠨ  ᠲᠤᠰᠭᠠᠢ ᠥᠭᠦᠯᠡᠯ ᠪᠠ 20 ᠭᠠᠷᠤᠶ ᠬᠤᠪᠢ ᠳᠤᠮᠳᠠᠳᠤ ᠪᠠᠭ᠎ᠠ ᠰᠤᠷᠭᠠᠭᠤᠯᠢ  ᠵᠢᠨ ᠬᠡᠯᠡ ᠪᠢᠴᠢᠭ ᠦᠨ ᠯᠠᠪᠯᠠᠬᠤ ᠮᠠᠲ᠋ᠧᠷᠢᠶᠠᠯ ᠢ ᠵᠣᠬᠢᠶᠠᠨ ᠪᠢᠴᠢᠵᠡᠢ᠃ 《ᠬᠢᠴᠢᠶᠡᠯᠯᠡᠭᠡ ᠳᠡᠭᠡᠷ᠎ᠡ ᠰᠤᠷᠤᠭᠴᠢ  ᠵᠢᠨ ᠪᠦᠲᠦᠭᠡᠯᠴᠢ ᠴᠢᠨᠠᠷᠲᠠᠶ ᠠᠰᠠᠭᠤᠯᠲᠠ ᠳᠤᠷᠠᠳᠬᠤ ᠴᠢᠳᠠᠪᠤᠷᠢ ᠶᠢ ᠬᠥᠮᠦᠵᠢᠭᠦᠯᠬᠦ ᠬᠡᠷᠡᠭᠲᠡᠶ》 ᠭᠡᠰᠡᠨ ᠥᠭᠦᠯᠡᠯ ᠨᠢ 1992 ᠣᠨ ᠳᠤ ᠮᠣᠩᠭᠤᠯ ᠤᠯᠤᠰ  ᠤᠨ 《ᠬᠥᠮᠦᠨ ᠪ ᠣᠯᠠᠨᠤ ᠪᠠᠭ᠎ᠠ ᠠᠴᠠ ᠪᠠᠨ》 ᠭᠡᠬᠦ ᠰᠡᠳᠭᠦᠯ ᠳᠡᠭᠡᠷ᠎ᠡ ᠨᠡᠢᠲᠡᠯᠡᠭᠳᠡᠭᠰᠡᠨ ᠪᠠᠢᠨ᠎ᠠ᠃ ᠲᠡᠷᠡ ᠪᠠᠰᠠ 《ᠬᠡᠯᠡ ᠪᠢᠴᠢᠭ ᠦᠨ ᠬᠢᠴᠢᠶᠡᠯᠯᠡᠭᠡ  ᠵᠢᠨ ᠠᠷᠭ᠎ᠠ ᠰᠦᠪᠡᠭᠴᠢᠯᠡᠯ》᠂ 《ᠪᠠᠭ᠎ᠠ ᠰᠤᠷᠭᠠᠭᠤᠯᠢ  ᠵᠢᠨ ᠰᠤᠷᠤᠭᠴᠢᠳ  ᠤᠨ ᠵᠣᠬᠢᠶᠠᠯ  ᠤᠨ ᠰᠣᠩᠭᠤᠮᠠᠯ ᠤ᠋ᠨ ᠦᠨᠡᠯᠡᠯᠲᠡ》 ᠵᠡᠷᠭᠡ 7 ᠳᠡᠪᠲᠡᠷ 50 ᠭᠠᠷᠤᠶ ᠲᠦᠮᠡᠨ ᠦᠰᠥᠭ ᠦᠨ ᠨᠣᠮ ᠢ ᠵᠣᠬᠢᠶᠠᠨ ᠨᠠᠢᠷᠠᠭᠤᠯᠵᠤ ᠬᠡᠪᠯᠡᠭᠦᠯᠦᠭᠰᠡᠨ ᠪᠥᠭᠡᠳ 《ᠮᠦᠩᠬᠡᠳᠡᠯᠡᠶ  ᠵᠢᠨ ᠦᠯᠢᠭᠡᠷ》᠂ 《ᠪᠡᠭᠡᠵᠢᠩ ᠤᠯᠢᠶᠠᠰᠤᠨ ᠤ ᠦᠭᠡ》᠂ 《ᠨᠠᠷᠠᠨ ᠤ ᠬᠡᠷᠡᠯ ᠨᠠᠮᠢᠷᠠᠭ᠎ᠠ ᠬᠤᠷ᠎ᠠ》 ᠵᠡᠷᠭᠡ ᠮᠡᠳᠡᠭᠡᠯᠡᠯ ᠦᠨ ᠤᠷᠠᠨ ᠵᠣᠬᠢᠶᠠᠯ᠂ ᠰᠢᠯᠦᠭ ᠳᠠᠭᠤᠤ  ᠵᠢᠨ ᠦᠭᠡ ᠪᠡᠨ ᠤᠩᠰᠢᠭᠴᠢᠳ ᠲᠠᠢ ᠵᠣᠯᠭᠠᠭᠤᠯᠤᠭᠰᠠᠨ ᠪᠠᠢᠨ᠎ᠠ᠃ ᠣᠷᠴᠢᠮ  ᠤᠨ ᠬᠡᠳᠦᠨ ᠵᠢᠯ ᠪᠠᠰᠠ 《ᠳᠤᠮᠳᠠᠳᠤ ᠤᠯᠤᠰ  ᠤᠨ ᠴᠥᠭᠡᠨ ᠲᠣᠭᠠᠨᠲᠦ᠍ ᠦᠨᠳᠦᠰᠦᠲᠡᠨ ᠦ ᠰᠣᠶᠤᠯ ᠤ᠋ᠨ ᠲᠣᠮᠣ ᠲᠣᠯᠢ》 ( ᠬᠢᠲᠠᠳ ᠬᠡᠪᠯᠡᠯ )᠂ 《ᠳᠤᠮᠳᠠᠳᠤ ᠤᠯᠤᠰ  ᠤᠨ ᠦᠨᠳᠦᠰᠦᠲᠡᠨ ᠦ ᠪᠦᠷᠢᠨ ᠲᠣᠯᠢ》 《ᠬᠢᠲᠠᠳ ᠬᠡᠪᠯᠡᠯ )᠂ 《ᠮᠣᠩᠭᠤᠯ ᠦᠨᠳᠦᠰᠦᠲᠡᠨ ᠦ ᠲᠣᠮᠣ ᠲᠣᠯᠢ》 《ᠬᠢᠲᠠᠳ ᠬᠡᠪᠯᠡᠯ ) ᠵᠡᠷᠭᠡ ᠤᠯᠤᠰ  ᠤᠨ ᠲᠠᠰ  ᠤᠨ ᠲᠣᠮᠣ ᠲᠣᠯᠢ ᠶᠢ ᠨᠠᠢᠷᠠᠭᠤᠯᠬᠤ ᠠᠵᠢᠯ ᠳᠤ ᠣᠷᠣᠯᠴᠠᠵᠠᠶ᠃ 《ᠬᠡᠯᠡ ᠪᠢᠴᠢᠭ ᠦᠨ ᠬᠢᠴᠢᠶᠡᠯᠯᠡᠭᠡ  ᠵᠢᠨ ᠠᠷᠭ᠎ᠠ ᠰᠦᠪᠡᠭᠴᠢᠯᠡᠯ》 ᠭᠡᠬᠦ ᠨᠣᠮ ᠨᠢ 1997 ᠣᠨ ᠳᠤ ᠪᠦᠬᠥ ᠣᠷᠤᠨ ᠤ᠋ ᠠᠩᠬᠠᠳᠤᠭᠠᠷ ᠤᠳᠠᠭᠠᠨ ᠤ ᠦᠨᠳᠦᠰᠦᠲᠡᠨ ᠦ ᠰᠤᠷᠭᠠᠨ ᠬᠥᠮᠦᠵᠢᠯ ᠦ᠋ᠨ ᠰᠢᠯᠢᠳᠡᠭ ᠥᠭᠦᠯᠡᠯ ᠵᠢᠴᠢ ᠡᠷᠳᠡᠮ ᠰᠢᠨᠵᠢᠯᠡᠭᠡᠨ ᠦ ᠪᠦᠲᠦᠭᠡᠯ ᠦᠨ ᠰᠢᠯᠭᠠᠷᠠᠭᠤᠯᠤᠯᠲᠠ ᠳᠤ ᠨᠢᠭᠡᠳᠦᠭᠡᠷ ᠲᠠᠰ  ᠤᠨ ᠱᠠᠩᠨᠠᠯ ᠣᠯᠵᠤ᠂ 《ᠮᠡᠳᠡᠯᠭᠡ ᠬᠢᠭᠡᠳ ᠬᠡᠷᠡᠭᠯᠡᠯᠲᠡ ᠶᠢ ᠤᠯᠠᠮ ᠨᠢᠭᠡ ᠠᠯᠬᠤᠮ ᠨᠢᠭᠡᠳᠭᠡᠶ᠎ᠡ》 ᠵᠡᠷᠭᠡ ᠥᠭᠦᠯᠡᠯ ᠦ᠋ᠳ ᠨᠢ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠨᠡᠢᠭᠡᠮᠯᠢᠭ ᠱᠠᠩᠨᠠᠯ ᠢ ᠣᠯᠵᠤ ᠥᠩᠭᠡᠷᠡᠵᠡᠢ᠃ ᠰᠠᠵᠢᠨᠪᠤᠶᠠᠨ ᠨᠥᠬᠦᠷ ᠪᠠᠰᠠ ᠪᠦᠬᠥ ᠤᠯᠤᠰ  ᠤᠨ ᠮᠣᠩᠭᠤᠯ ᠰᠡᠳᠭᠦᠯ ᠦ᠋ᠨ ᠰᠤᠳᠤᠯᠬᠤ ᠬᠤᠷᠠᠯ  ᠤᠨ 《ᠰᠢᠯᠢᠳᠡᠭ ᠨᠠᠢᠷᠠᠭᠤᠯᠤᠭᠴᠢ》 ᠴᠣᠯᠠ ᠬᠦᠷᠲᠡᠵᠦ᠂ ᠥᠪᠡᠷᠲᠡᠭᠡᠨ ᠵᠠᠰᠠᠬᠤ ᠣᠷᠤᠨ ᠤ᠋ ᠰᠤᠷᠭᠠᠨ ᠬᠥᠮᠦᠵᠢᠯ ᠦ᠋ᠨ ᠲᠢᠩᠬᠢᠮ ᠦᠨ 《ᠰᠢᠯᠢᠳᠡᠭ ᠨᠠᠮ  ᠤᠨ ᠭᠡᠰᠢᠭᠦᠨ》᠂ 《ᠰᠢᠯᠢᠳᠡᠭ ᠭᠠᠵᠠᠷ  ᠤᠨ ᠲᠠᠰ  ᠤᠨ ᠳᠠᠷᠤᠭ᠎ᠠ》᠂ 《ᠦᠨᠳᠦᠰᠦᠲᠡᠨ ᠦ ᠪᠦᠯᠬᠦᠮᠳᠡᠯ ᠳᠠᠪᠰᠢᠯᠲᠠ  ᠵᠢᠨ ᠲᠡᠷᠢᠭᠦᠨ ᠦ ᠬᠤᠪᠢ ᠬᠥᠮᠦᠨ》 ᠵᠡᠷᠭᠡ ᠢᠷᠠᠭᠤ ᠠᠯᠳᠠᠷ ᠢ ᠣᠯᠵᠠᠢ᠃ ᠣᠲᠣ ᠪᠠᠰᠠ ᠥᠪᠡᠷᠲᠡᠭᠡᠨ ᠵᠠᠰᠠᠬᠤ ᠣᠷᠤᠨ ᠤ᠋ ᠰᠤᠷᠭᠠᠨ ᠬᠥᠮᠦᠵᠢᠯ ᠦ᠋ᠨ ᠰᠤᠳᠤᠯᠭᠠᠨ ᠤ ᠨᠡᠢᠭᠡᠮᠯᠢᠭ ᠦᠨ ᠬᠡᠷᠡᠭ ᠡᠷᠬᠢᠯᠡᠭᠴᠢ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦᠨ ᠵᠢᠭᠠᠨ ᠰᠤᠷᠭᠠᠯᠲᠠ  ᠵᠢᠨ ᠰᠤᠳᠤᠯᠭᠠᠨ ᠤ ᠨᠡᠢᠭᠡᠮᠯᠢᠭ ᠦᠨ ᠳᠡᠳ᠋ ᠳᠠᠷᠤᠭ᠎ᠠ ᠵᠡᠷᠭᠡ ᠨᠡᠢᠭᠡᠮ ᠦᠨ    ᠲᠤᠰᠢᠶᠠᠯ ᠢ ᠬᠠᠷᠢᠭᠤᠴᠠᠵᠤ ᠪᠣᠶ᠃