ᠨᠡᠷ᠎ᠡ:
ᠰᠠᠢᠰᠢᠶᠠᠯᠲᠤ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰᠠᠢᠰᠢᠶᠠᠯᠲᠤ ( 1926—— ) ᠳᠡᠭᠡᠳᠦ ᠵᠡᠷᠭᠡ ᠵᠢᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠬᠣᠷᠴᠢᠨ ᠪᠠᠷᠠᠭᠤᠨ ᠭᠠᠷ ᠤᠨ ᠡᠮᠦᠨᠡᠲᠦ ᠬᠣᠰᠢᠭᠤ ᠵᠢᠨ ᠤᠯᠠᠭᠠᠨ ᠡᠷᠭᠢ ᠭᠠᠴᠠᠭ᠎ᠠ ᠳᠤ ᠲᠥᠷᠦᠵᠡᠢ᠃ ᠬᠠᠷ᠎ᠠ ᠪᠠᠭ᠎ᠠ ᠨᠠᠰᠤᠨ ᠤᠨ ᠠᠴᠠ ᠪᠠᠨ ᠦᠯᠢᠭᠡᠷ ᠳᠠᠭᠤᠤ ᠳᠤ ᠠᠪᠢᠶᠠᠰ ᠲᠠᠢ᠂ ᠵᠢᠷᠭᠤᠭᠠᠨ ᠨᠠᠰ ᠤᠨ ᠳᠠᠭᠠᠨ ᠬᠤᠭᠤᠷ ᠲᠠᠲᠠᠵᠤ ᠰᠤᠷᠪᠠ᠃ ᠡᠬᠢᠯᠡᠬᠦ ᠳᠡᠭᠡᠨ ᠬᠡᠷ ᠦᠨ ᠰᠤᠷᠭᠠᠭᠤᠯᠢ ᠳᠤ ᠪᠢᠴᠢᠭ ᠦᠵᠡᠵᠦ᠂ 1943 ᠣᠨ ᠳᠤ ᠰᠵᠢᠨᠵᠢᠩ ( ᠴᠠᠩ ᠴᠤ᠌ᠨ ) ᠦᠨ ᠬᠥᠭᠵᠢᠮ ᠦ᠋ᠨ ᠳᠡᠭᠡᠳᠦ ᠰᠤᠷᠭᠠᠭᠤᠯᠢ ᠳᠤ ᠣᠷᠤᠵᠤ ᠡᠷᠡᠦ ᠬᠤᠭᠤᠷ᠂ ᠲᠡᠭᠦᠯᠳᠡᠷ ᠬᠤᠭᠤᠷ ᠤᠨ ᠡᠷᠳᠡᠮ ᠰᠤᠷᠪᠠ᠃ 1945 ᠣᠨ ᠳᠤ ᠠᠵᠢᠯ ᠳᠤ ᠣᠷᠤᠵᠤ ᠬᠣᠷᠴᠢᠨ ᠪᠠᠷᠠᠭᠤᠨ ᠭᠠᠷ ᠤᠨ ᠡᠮᠦᠨᠡᠲᠦ ᠬᠣᠰᠢᠭᠤᠨ ᠤ ᠤᠬᠠᠭᠤᠯᠬᠤ ᠬᠡᠯᠲᠡᠰ ᠲᠦ ᠠᠵᠢᠯᠯᠠᠪᠠ᠃ 1946 ᠣᠨ ᠤ ᠰᠡᠭᠦᠯᠴᠢ ᠪᠡᠷ ᠵᠡᠭᠦᠨ ᠬᠣᠢᠲᠤ ᠣᠷᠤᠨ ᠤ᠋ ᠴᠡᠷᠢᠭ ᠵᠠᠰᠠᠭ ᠤᠨ ᠶᠡᠬᠡ ᠰᠤᠷᠭᠠᠭᠤᠯᠢ ᠳᠤ ᠰᠤᠷᠤᠯᠴᠠᠵᠤ᠂ 1947 ᠣᠨ ᠳᠤ ᠥᠪᠦᠷ ᠮᠣᠩᠭᠤᠯ ᠤ᠋ᠨ ᠤᠷᠠᠨ ᠰᠠᠢᠬᠠᠨ ᠤ ᠪᠦᠯᠬᠦᠮ ᠳᠦ ᠠᠵᠢᠯ ᠬᠤᠪᠢᠶᠠᠭᠳᠠᠨ ᠬᠥᠭᠵᠢᠮ ᠦ᠋ᠨ ᠠᠩᠭᠢ ᠵᠢᠨ ᠳᠠᠷᠤᠭ᠎ᠠ ᠵᠢᠨ ᠲᠤᠰᠢᠶᠠᠯ ᠬᠦᠯᠢᠶᠡᠪᠡ᠃ 1949 ᠣᠨ ᠳᠤ ᠬᠥᠯᠦᠨ ᠨᠤᠨ ᠠᠢᠮᠠᠭ ᠤᠨ ᠤᠷᠠᠨ ᠰᠠᠢᠬᠠᠨ ᠤ ᠪᠦᠯᠬᠦᠮ ᠦᠨ ᠳᠠᠷᠤᠭ᠎ᠠ ᠪᠣᠯᠵᠤ᠂ 1950 ᠣᠨ ᠳᠤ ᠥᠪᠦᠷ ᠮᠣᠩᠭᠤᠯ ᠤ᠋ᠨ ᠣᠷᠤᠨ ᠤ᠋ ᠤᠷᠠᠨ ᠰᠠᠢᠬᠠᠨ ᠤ ᠪᠦᠯᠬᠦᠮ ᠦᠨ ᠳᠡᠳ᠋ ᠳᠠᠷᠤᠭ᠎ᠠ ᠪᠣᠯᠪᠠ᠃ 1951 ᠣᠨ ᠳᠤ ᠥᠪᠦᠷ ᠮᠣᠩᠭᠤᠯ ᠤ᠋ᠨ ᠠᠷᠠᠳ ᠤᠨ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ ᠵᠢᠨ ᠬᠣᠶᠠᠳᠤᠭᠠᠷ ᠬᠣᠷᠢᠶ᠎ᠠ ᠳᠤ ᠤᠳᠭ᠎ᠠ ᠤᠷᠠᠯᠢᠭ ᠤᠨ ᠨᠡᠪᠲᠡᠷᠡᠭᠦᠯᠭᠡ ᠡᠷᠬᠢᠯᠡᠵᠡᠢ᠃ 1956 ᠣᠨ ᠳᠤ ᠥᠪᠦᠷ ᠮᠣᠩᠭᠤᠯ ᠤ᠋ᠨ ᠷᠠᠳᠢᠣ᠋ ᠬᠣᠷᠢᠶᠠᠨ ᠤ᠋ ᠮᠣᠩᠭᠤᠯ ᠨᠠᠢᠷᠠᠭᠤᠯᠬᠤ ᠬᠡᠯᠲᠡᠰ ᠦᠨ ᠤᠳᠭ᠎ᠠ ᠤᠷᠠᠯᠢᠭ ᠤᠨ ᠳᠡᠳ᠋ ᠳᠠᠷᠤᠭ᠎ᠠ ᠪᠣᠯᠵᠠᠢ᠃ ᠦᠨᠳᠦᠰᠦᠲᠡᠨ ᠦ ᠪᠡᠨ ᠷᠠᠳᠢᠣ᠋ ᠤᠳᠭ᠎ᠠ ᠤᠷᠠᠯᠢᠭ ᠤᠨ ᠦᠢᠯᠡᠰ ᠢ ᠬᠥᠭᠵᠢᠭᠦᠯᠬᠦ ᠵᠢᠨ ᠲᠥᠯᠦᠭᠡ ᠲᠡᠷᠡ ᠲᠥᠪ ᠦ᠋ᠨ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ ᠵᠢᠨ ᠳᠠᠭᠤᠤ ᠬᠥᠭᠵᠢᠮ ᠦ᠋ᠨ ᠳᠤ ᠲᠠᠢ ᠬᠠᠮᠲᠤᠷᠠᠵᠤ ᠬᠣᠷᠴᠢᠨ ᠨᠤᠲᠤᠭ ᠢᠶᠠᠷ ᠶᠠᠪᠤᠵᠤ᠂ ᠠᠷᠠᠳ ᠤᠨ ᠳᠠᠭᠤᠤ ᠬᠥᠭᠵᠢᠮ ᠢ᠋ ᠬᠣᠷᠢᠶᠠᠨ ᠰᠢᠩᠭᠡᠭᠡᠵᠦ᠂ 50 ᠴᠠᠭ ᠤᠨ ᠤᠳᠭ᠎ᠠ ᠤᠷᠠᠯᠢᠭ ᠤᠨ ᠫᠷᠣᠭ᠌ᠷᠠᠮ ᠪᠦᠲᠦᠭᠡᠵᠦ᠂ ᠲᠤᠰᠭᠠᠢ ᠵᠢᠨ ᠦᠶ᠎ᠡ ᠵᠢᠨ ᠥᠨᠳᠦᠷ ᠲᠡᠮᠳᠡᠭᠯᠡᠯ ᠢ ᠡᠭᠦᠳᠪᠡ᠃ ᠷᠠᠳᠢᠣ᠋ ᠨᠡᠪᠲᠡᠷᠡᠭᠦᠯᠭᠡ ᠳᠦ ᠶᠡᠷᠦ ᠨᠢ ᠳᠠᠭᠤᠤ ᠬᠥᠭᠵᠢᠮ ᠴᠥᠭᠡᠨ ᠪᠤᠰᠤ ᠴᠠᠭ ᠢ ᠡᠵᠡᠯᠡᠬᠦ ᠴᠢᠬᠤᠯᠠᠴᠢᠯᠠᠯ ᠠᠴᠠ ᠲᠡᠷᠡ ᠰᠠᠨᠠᠭᠤᠯᠭ᠎ᠠ ᠭᠠᠷᠭᠠᠵᠤ᠂ 1957 ᠣᠨ ᠳᠤ ᠥᠪᠦᠷ ᠮᠣᠩᠭᠤᠯ ᠤ᠋ᠨ ᠷᠠᠳᠢᠣ᠋ ᠬᠣᠷᠢᠶᠠᠨ ᠤ᠋ ᠳᠠᠭᠤᠤ ᠬᠥᠭᠵᠢᠮ ᠦ᠋ᠨ ᠲᠣᠭᠯᠠᠯᠲᠠ ᠵᠢᠨ ᠠᠨᠬᠢ ᠪᠠᠢᠭᠤᠯᠵᠤ᠂ ᠤᠳᠭ᠎ᠠ ᠤᠷᠠᠯᠢᠭ ᠤᠨ ᠫᠷᠣᠭ᠌ᠷᠠᠮ ᠦᠨ ᠢᠷᠡᠯᠲᠡ ᠶᠢ ᠪᠠ ᠲᠦ᠍ᠯᠠᠬᠤ ᠰᠠᠭᠤᠷᠢ ᠲᠠᠯᠪᠢᠵᠠᠶ᠃ ᠮᠣᠩᠭᠤᠯ ᠰᠣᠶᠤᠯ ᠤ᠋ᠨ ᠥᠪ ᠬᠥᠷᠦᠩᠭᠡ ᠶ᠋ᠢ ᠬᠥᠭᠵᠢᠭᠦᠯᠬᠦ ᠲᠠᠯ᠎ᠠ ᠪᠠᠷ ᠬᠤᠭᠤᠷ ᠤᠨ ᠦᠯᠢᠭᠡᠷ ᠢ ᠷᠠᠳᠢᠣ᠋ ᠳᠤ ᠰᠢᠩᠭᠡᠭᠡᠬᠦ ᠠᠵᠢᠯ ᠢ ᠠᠳᠭᠤᠵᠤ 《ᠲᠠᠯ᠎ᠠ ᠨᠤᠲᠤᠭ ᠤᠨ ᠫᠤᠤ ᠵᠢᠨ ᠳᠠᠭ ᠤᠨ》᠂ 《ᠲᠡᠮᠦᠷ ᠵᠠᠮ ᠤᠨ ᠫᠠᠷᠲ᠋ᠢᠽᠠᠨ ᠠᠩᠭᠢ》 ᠵᠡᠷᠭᠡ ᠵᠣᠬᠢᠶᠠᠯ ᠢ ᠬᠤᠭᠤᠷ ᠤᠨ ᠦᠯᠢᠭᠡᠷ ᠪᠣᠯᠭᠠᠬᠤ ᠳᠤ ᠶᠡᠬᠡᠬᠡᠨ ᠬᠦ ᠴᠤ᠌ ᠭᠠᠷᠭᠠᠵᠤ᠂ ᠤᠳᠭ᠎ᠠ ᠤᠷᠠᠯᠢᠭ ᠲᠦ᠍ 《ᠦᠯᠢᠭᠡᠷ》 ᠷᠠᠳᠢᠣ᠋ ᠪᠤᠯᠤᠩ ᠭᠠᠷᠭᠠᠵᠠᠢ᠃ ᠷᠠᠳᠢᠣ᠋ ᠵᠦ ᠴᠤ᠌ᠭᠡ ᠪᠤᠶᠤ ᠱᠣᠭ ᠶᠠᠷᠢᠶ᠎ᠠ ᠨᠡᠪᠲᠡᠷᠡᠭᠦᠯᠭᠡ ᠶᠢ ᠵᠣᠬᠢᠶᠠᠨ ᠪᠠᠢᠭᠤᠯᠬᠤ ᠳᠤ ᠴᠤ᠌ ᠬᠦ ᠴᠤ᠌ᠨ ᠭᠠᠷᠭᠠᠵᠤ ᠮᠣᠩᠭᠤᠯ ᠷᠠᠳᠢᠣ᠋ ᠤᠳᠭ᠎ᠠ ᠤᠷᠠᠯᠢᠭ ᠤᠨ ᠫᠷᠣᠭ᠌ᠷᠠᠮ ᠦᠨ ᠡᠯᠪᠡᠭᠵᠵᠢᠨ ᠪᠠᠶᠠᠯᠢᠭᠵᠢᠬᠤ ᠳᠤ ᠦᠢᠯᠡᠳᠦᠯ ᠦᠵᠡᠭᠦᠯᠵᠡᠢ᠃ 1983 ᠣᠨ ᠳᠤ ᠮᠣᠩᠭᠤᠯ ᠶᠡᠷᠦᠩᠬᠡᠶ ᠨᠠᠢᠷᠠᠭᠤᠯᠬᠤ ᠭᠠᠵᠠᠷ ᠤᠨ ᠳᠡᠳ᠋ ᠡᠷᠬᠢᠯᠡᠭᠴᠢ ᠪᠣᠯᠵᠤ᠂ ᠤᠳᠭ᠎ᠠ ᠤᠷᠠᠯᠢᠭ ᠤᠨ ᠬᠡᠯᠲᠡᠰ ᠦᠨ ᠠᠵᠢᠯ ᠢ ᠪᠦᠬᠥ ᠲᠠᠯ᠎ᠠ ᠪᠠᠷ ᠬᠠᠷᠢᠭᠤᠴᠠᠭᠰᠠᠨ ᠤ ᠳᠠᠷᠠᠭ᠎ᠠ ᠮᠣᠩᠭᠤᠯ ᠷᠠᠳᠢᠣ᠋ ᠤᠳᠭ᠎ᠠ ᠤᠷᠠᠯᠢᠭ ᠤᠨ ᠨᠡᠪᠲᠡᠷᠡᠭᠦᠯᠭᠡ ᠥᠭᠡᠷᠡᠴᠢᠯᠡᠯᠲᠡ ᠨᠡᠭᠡᠭᠡᠯᠲᠡ ᠬᠢᠬᠦ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠦ ᠠᠯᠢ ᠣᠯᠠᠨ ᠠᠵᠢᠯ ᠬᠢᠭᠰᠡᠨ ᠪᠥᠭᠡᠳ ᠪᠦᠬᠥ ᠤᠯᠤᠰ ᠤᠨ ᠴᠥᠭᠡᠨ ᠲᠣᠭᠠᠨ ᠲᠦ᠍ ᠦᠨᠳᠦᠰᠦᠲᠡᠨ ᠦ ᠤᠳᠭ᠎ᠠ ᠤᠷᠠᠯᠢᠭ ᠤᠨ ᠨᠡᠪᠲᠡᠷᠡᠭᠦᠯᠭᠡ ᠵᠢᠨ ᠡᠷᠳᠡᠮ ᠰᠢᠨᠵᠢᠯᠡᠭᠡᠨ ᠦ ᠬᠤᠷᠠᠯ ᠢ ᠭᠠᠷᠳᠠᠨ ᠬᠢᠵᠦ ᠠᠮᠵᠢᠯᠲᠠ ᠲᠠᠢ ᠶᠠᠪᠤᠭᠤᠯᠵᠠᠢ᠃ ᠲᠡᠷᠡ ᠪᠠᠰᠠ 《ᠠᠷᠠᠳ ᠤᠨ ᠳᠠᠭᠤᠤ ᠬᠥᠭᠵᠢᠮ ᠢ᠋ᠶ᠋ᠡᠷ ᠦᠨᠳᠦᠰᠦᠲᠡᠨ ᠦ ᠤᠳᠭ᠎ᠠ ᠤᠷᠠᠯᠢᠭ ᠤᠨ ᠨᠡᠪᠲᠡᠷᠡᠭᠦᠯᠭᠡ ᠶᠢ ᠪᠠᠶᠠᠯᠢᠭᠵᠢᠭᠤᠯᠬᠤ ᠲᠤᠰᠭᠠᠢ》᠂ 《ᠷᠠᠳᠢᠣ᠋ ᠵᠦ ᠴᠤ᠌ᠭᠡ ᠵᠢᠨ ᠣᠨᠴᠠᠯᠢᠭ ᠪᠣᠯ ᠤᠨ ᠲᠡᠭᠦᠨ ᠦ ᠭᠤᠷᠪᠠᠨ ᠦᠨᠳᠦᠰᠦᠨ ᠨᠠᠢᠷᠠᠭ ᠢ ᠬᠡᠷᠬᠢᠨ ᠠᠳᠭᠤᠬᠤ ᠲᠤᠰᠭᠠᠢ》 ᠭᠡᠬᠦ ᠥᠭᠦᠯᠡᠯ ᠨᠡᠢᠲᠡᠯᠡᠭᠰᠡᠨ ᠪᠥᠭᠡᠳ 《ᠪᠠᠯᠭᠠᠨᠰᠠᠩ ᠤᠨ ᠦᠯᠢᠭᠡᠷ ᠦᠨ ᠲᠡᠭᠦᠪᠦᠷᠢ》᠂ 《ᠭᠠᠳᠠ ᠮᠡᠢᠷᠡᠨ》 ᠵᠡᠷᠭᠡ ᠨᠣᠮ ᠲᠤᠭᠤᠷᠪᠢᠨ ᠬᠡᠪᠯᠡᠭᠦᠯᠵᠡᠢ᠃ ᠲᠡᠭᠦᠨ ᠦ ᠵᠣᠬᠢᠶᠠᠭᠰᠠᠨ 《ᠠ ᠯᠢ ᠱᠠᠨ ᠠᠭᠤᠯᠠᠨ ᠤ ᠳᠠᠭᠤᠯᠠᠯ》 ᠭᠡᠬᠦ ᠷᠠᠳᠢᠣ᠋ ᠵᠦ ᠴᠤ᠌ᠭᠡ ᠪᠦᠬᠥ ᠤᠯᠤᠰ ᠤᠨ ᠴᠥᠭᠡᠨ ᠲᠣᠭᠠᠨᠲᠦ᠍ ᠦᠨᠳᠦᠰᠦᠲᠡᠨ ᠦ ᠷᠠᠳᠢᠣ᠋ ᠵᠦ ᠴᠤ᠌ᠭᠡ ᠵᠢᠨ ᠰᠢᠯᠢᠳᠡᠭ ᠪᠦᠲᠦᠭᠡᠯ ᠦᠨ ᠱᠠᠩᠨᠠᠯ ᠬᠦᠷᠲᠡᠵᠡᠶ᠃ ( ᠰ᠌ᠣᠩᠬᠣᠷ )
Copyight 2016 by nmgmzw.gov.cn All Rights Reserved