ᠨᠡᠷ᠎ᠡ:
ᠰᠠᠷᠠᠪ᠂
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰᠠᠷᠠᠪ᠂ ? . ( 1935~ ) ᠬᠢᠨᠠᠨ ᠨᠠᠢᠷᠠᠭᠤᠯᠤᠭᠴᠢ᠂ ᠨᠠᠢᠷᠠᠭᠤᠯᠤᠯ ᠤᠨ ᠵᠣᠬᠢᠶᠠᠯᠴᠢ᠃ ᠥᠪᠦᠷ ᠮᠣᠩᠭᠤᠯ ᠤ᠋ᠨ ᠵᠢᠷᠢᠮ ᠠᠢᠮᠠᠭ ᠤᠨ ᠬᠣᠷᠴᠢᠨ ᠵᠡᠭᠦᠨ ᠭᠠᠷ ᠤᠨ ᠬᠣᠢᠲᠤ ᠬᠣᠰᠢᠭᠤᠨ ᠳᠤ ᠲᠥᠷᠦᠵᠡᠢ᠃ 1956 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ 1957 ᠣᠨ ᠤ ᠵᠤᠨ ᠥᠪᠦᠷ ᠮᠣᠩᠭᠤᠯ ᠤ᠋ᠨ ᠪᠠᠭᠰᠢ ᠵᠢᠨ ᠳᠡᠭᠡᠳᠦ ᠰᠤᠷᠭᠠᠭᠤᠯᠢ ᠠᠴᠠ ᠲᠡᠭᠦᠰ ᠴᠤ᠌᠂ ᠰᠠᠯᠪᠤᠷᠢ ᠳᠠᠭᠠᠨ ᠦᠯᠡᠳᠡᠵᠦ ᠪᠠᠭᠰᠢᠯᠠᠬᠤ ᠠᠵᠢᠯ ᠬᠢᠵᠠᠶ᠃ 1962 ᠣᠨ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ᠋ ᠤᠬᠠᠭᠤᠯᠬᠤ ᠬᠡᠯᠲᠡᠰ ᠲᠦ ᠠᠵᠢᠯ ᠰᠢᠯᠵᠢᠵᠦ᠂ 1973 ᠣᠨ ᠳᠤ 《ᠥᠪᠦᠷ ᠮᠣᠩᠭᠤᠯ ᠤ᠋ᠨ ᠵᠠᠯᠠᠭᠤ ᠴᠤ᠌ᠳ ᠰᠡᠳᠭᠦᠯ ᠦ᠋ᠨ ᠬᠣᠷᠢᠶᠠᠨ》 ᠤ ᠳᠡᠳ᠋ ᠶᠡᠷᠦᠩᠬᠡᠶ ᠨᠠᠢᠷᠠᠭᠤᠯᠤᠭᠴᠢ ᠪᠠᠷ ᠲᠣᠮᠢᠯᠠᠭᠳᠠᠵᠤ᠂ 《ᠥᠪᠦᠷ ᠮᠣᠩᠭᠤᠯ ᠤ᠋ᠨ ᠵᠠᠯᠠᠭᠤ ᠴᠤ᠌ᠳ ᠰᠡᠳᠭᠦᠯ》 ᠢ ᠳᠠᠬᠵᠢᠨ ᠰᠡᠷᠭᠦᠭᠡᠬᠦ ᠠᠵᠢᠯ ᠢ ᠡᠷᠬᠢᠯᠡᠨ ᠬᠢᠵᠦ᠂ ᠬᠡᠪᠯᠡᠯ ᠡᠬᠢᠯᠡᠭᠦᠯᠦᠭᠡᠳ ᠬᠣᠵᠢᠮ ᠨᠢ ᠶᠡᠷᠦᠩᠬᠡᠶ ᠨᠠᠢᠷᠠᠭᠤᠯᠤᠭᠴᠢ ᠪᠠᠷ ᠠᠵᠢᠯᠯᠠᠵᠠᠶ᠃ ᠡᠭᠦᠨ ᠦ ᠬᠠᠮᠲᠤ 1978 ᠣᠨ ᠳᠤ ᠪᠠᠰᠠ 《ᠴᠣᠮᠣᠷᠯᠢᠭ》 ᠰᠡᠳᠭᠦᠯ ᠦ᠋ᠨ ᠬᠣᠷᠢᠶᠠᠨ ᠤ᠋ ᠶᠡᠷᠦᠩᠬᠡᠶ ᠨᠠᠢᠷᠠᠭᠤᠯᠤᠭᠴᠢ ᠪᠠᠷ ᠲᠣᠮᠢᠯᠠᠭᠳᠠᠨ 《ᠴᠣᠮᠣᠷᠯᠢᠭ》 ᠰᠡᠳᠭᠦᠯ ᠢ᠋ ᠳᠠᠬᠵᠢᠨ ᠰᠡᠷᠭᠦᠭᠡᠬᠦ ᠠᠵᠢᠯ ᠢ ᠡᠷᠬᠢᠯᠡᠨ ᠬᠢᠵᠦ ᠬᠡᠪᠯᠡᠯ ᠡᠬᠢᠯᠡᠭᠦᠯᠵᠡᠢ᠃ 1978 ᠣᠨ ᠳᠤ ᠳᠤᠮᠳᠠᠳᠤ ᠤᠯᠤᠰ ᠤᠨ ᠡᠪ ᠬᠠᠮᠲᠤ ᠵᠠᠯᠠᠭᠤ ᠴᠤ᠌ᠳ ᠤᠨ ᠡᠪᠯᠡᠯ ᠦᠨ ᠥᠪᠦᠷ ᠮᠣᠩᠭᠤᠯ ᠤ᠋ᠨ ᠬᠣᠷᠢᠶ᠎ᠠ ᠠᠴᠠ ᠬᠢᠲᠠᠳ ᠬᠡᠯᠡ ᠪᠡᠷ ᠬᠡᠦᠬᠡᠳ ᠦ᠋ᠨ ᠰᠡᠳᠭᠦᠯ ᠭᠠᠷᠭᠠᠬᠤ ᠪᠠᠷ ᠲᠣᠭᠲᠠᠬᠤ ᠳᠤ ᠲᠡᠷᠡ ᠡᠭᠦᠰᠭᠡᠨ ᠪᠠᠢᠭᠤᠯᠬᠤ ᠠᠵᠢᠯ ᠢ ᠭᠠᠷᠳᠠᠨ ᠪᠡᠯᠡᠳᠭᠡᠵᠦ᠂ 1980 ᠣᠨ ᠳᠤ ᠬᠡᠪᠯᠡᠯ ᠡᠬᠢᠯᠡᠭᠦᠯᠵᠡᠢ᠃ 《ᠥᠪᠦᠷ ᠮᠣᠩᠭᠤᠯ ᠤ᠋ᠨ ᠵᠠᠯᠠᠭᠤ ᠴᠤ᠌ᠳ》 ᠰᠡᠳᠭᠦᠯ 《ᠮᠣᠩᠭᠤᠯ᠂ ᠬᠢᠲᠠᠳ ᠬᠣᠶᠠᠷ ᠰᠡᠳᠭᠦᠯ )᠂ 《ᠴᠣᠮᠣᠷᠯᠢᠭ》 ᠰᠡᠳᠭᠦᠯ᠂ 《ᠮᠢᠶᠣᠣ ᠮᠢᠶᠣᠣ》 ᠰᠡᠳᠭᠦᠯ 《ᠬᠢᠲᠠᠳ ) ᠳᠥᠷᠪᠡᠨ ᠰᠡᠳᠭᠦᠯ ᠢ᠋ ᠨᠡᠢᠯᠡᠭᠦᠯᠦᠨ 《ᠥᠪᠦᠷ ᠮᠣᠩᠭᠤᠯ ᠤ᠋ᠨ ᠵᠠᠯᠠᠭᠤ ᠴᠤ᠌ᠳ ᠪᠠᠭ᠎ᠠ ᠴᠤ᠌ᠳ ᠤᠨ ᠰᠡᠳᠭᠦᠯ ᠦ᠋ᠨ ᠬᠣᠷᠢᠶ᠎ᠠ》 ᠭᠡᠵᠦ ᠪᠠᠢᠭᠤᠯᠤᠭᠠᠳ᠂ ᠲᠤᠰ ᠬᠣᠷᠢᠶᠠᠨ ᠤ᠋ ᠬᠣᠷᠢᠶᠠᠨ ᠳᠠᠷᠤᠭ᠎ᠠ᠂ ᠶᠡᠷᠦᠩᠬᠡᠶ ᠨᠠᠢᠷᠠᠭᠤᠯᠤᠭᠴᠢ ᠪᠥᠭᠡᠳ ᠳᠤᠮᠳᠠᠳᠤ ᠤᠯᠤᠰ ᠤᠨ ᠡᠪ ᠬᠠᠮᠲᠤ ᠵᠠᠯᠠᠭᠤ ᠴᠤ᠌ᠳ ᠤᠨ ᠡᠪᠯᠡᠯ ᠦᠨ ᠥᠪᠦᠷ ᠮᠣᠩᠭᠤᠯ ᠤ᠋ᠨ ᠬᠣᠷᠢᠶᠠᠨ ᠤ᠋ ᠪᠠᠢᠩᠭᠤ ᠵᠢᠨ ᠭᠡᠰᠢᠭᠦᠨ ᠢᠶᠡᠷ ᠰᠣᠩᠭᠤᠭᠳᠠᠨ ᠠᠵᠢᠯᠯᠠᠵᠠᠶ᠃ 1983 ᠣᠨ ᠳᠤ 《ᠨᠠᠮ ᠤᠨ ᠬᠥᠮᠦᠵᠢᠯ》 ᠰᠡᠳᠭᠦᠯ ᠦ᠋ᠨ ᠬᠣᠷᠢᠶᠠᠨ ᠤ᠋ ᠮᠣᠩᠭᠤᠯ ᠨᠠᠢᠷᠠᠭᠤᠯᠬᠤ ᠬᠡᠷ ᠦᠨ ᠡᠷᠬᠢᠯᠡᠭᠴᠢ ᠪᠡᠷ ᠲᠣᠮᠢᠯᠠᠭᠳᠠᠵᠤ᠂ ᠳᠠᠷᠠᠭ᠎ᠠ ᠨᠢ ᠬᠣᠷᠢᠶᠠᠨ ᠤ᠋ ᠳᠡᠳ᠋ ᠶᠡᠷᠦᠩᠬᠡᠶ ᠨᠠᠢᠷᠠᠭᠤᠯᠤᠭᠴᠢ ᠪᠠᠷ ᠠᠵᠢᠯᠯᠠᠵᠤ᠂ 1996 ᠣᠨ ᠳᠤ ᠠᠮᠠᠷᠠᠯᠲᠠ ᠳᠠᠭᠠᠨ ᠭᠠᠷᠪᠠ᠃ ᠲᠡᠷᠡ ᠤᠷᠢᠳ ᠬᠣᠵᠢᠳ ᠳᠤᠮᠳᠠᠳᠤ ᠤᠯᠤᠰ ᠤᠨ ᠴᠥᠭᠡᠨ ᠲᠣᠭᠠᠨ ᠲᠦ᠍ ᠦᠨᠳᠦᠰᠦᠲᠡᠨ ᠦ ᠵᠣᠬᠢᠶᠠᠯᠴᠢᠳ ᠤᠨ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠮᠣᠩᠭᠤᠯ ᠰᠡᠳᠭᠦᠯ ᠦ᠋ᠨ ᠨᠡᠢᠭᠡᠮᠯᠢᠭ ᠦᠨ ᠳᠠᠷᠤᠭ᠎ᠠ᠂ ᠥᠪᠦᠷ ᠮᠣᠩᠭᠤᠯ ᠤ᠋ᠨ ᠬᠤᠭᠤᠴᠠᠭ᠎ᠠ ᠲᠦ᠍ ᠰᠡᠳᠭᠦᠯ ᠦ᠋ᠨ ᠨᠡᠢᠭᠡᠮᠯᠢᠭ ᠦᠨ ᠳᠠᠷᠤᠭ᠎ᠠ ᠵᠡᠷᠭᠡ ᠨᠡᠢᠭᠡᠮ ᠦᠨ ᠵᠡᠷᠭᠡ ᠲᠤᠰᠢᠶᠠᠯ ᠢ ᠬᠠᠷᠢᠭᠤᠴᠠᠵᠤ ᠥᠩᠭᠡᠷᠡᠪᠡ᠃
Copyight 2016 by nmgmzw.gov.cn All Rights Reserved