ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠢᠤᠶ ᠰᠢᠤᠸᠠᠶ ᠸᠧᠨ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠢᠤᠶ ᠰᠢᠤᠸᠠᠶ ᠸᠧᠨ ( 1940~ ) ᠬᠢᠨᠠᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠵᠢᠷᠢᠮ ᠠᠢᠮᠠᠭ  ᠤᠨ ᠬᠣᠷᠴᠢᠨ ᠵᠡᠭᠦᠨ ᠭᠠᠷ ᠤᠨ ᠳᠤᠮᠳᠠᠳᠤ ᠬᠣᠰᠢᠭᠤᠨ ᠤ ᠬᠥᠮᠦᠨ᠂ ᠳᠤᠮᠳᠠᠳᠤ ᠤᠯᠤᠰ  ᠤᠨ ᠡᠪ ᠬᠠᠮᠲᠤ ᠨᠠᠮ  ᠤᠨ ᠭᠡᠰᠢᠭᠦᠨ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦᠨ ᠬᠣᠷᠢᠶᠠᠨ ᠤ᠋ ᠳᠡᠳ᠋ ᠳᠠᠷᠤᠭ᠎ᠠ᠂ ᠳᠡᠳ᠋ ᠶᠡᠷᠦᠩᠬᠡᠶ ᠨᠠᠢᠷᠠᠭᠤᠯᠤᠭᠴᠢ ᠪᠠᠢᠪᠠ .. ᠪᠦᠬᠥ ᠤᠯᠤᠰ  ᠤᠨ ᠳᠤᠮᠳᠠᠳᠤ ᠪᠠᠭ᠎ᠠ ᠰᠤᠷᠭᠠᠭᠤᠯᠢ  ᠵᠢᠨ ᠮᠣᠩᠭᠤᠯ ᠰᠤᠷᠬᠤ ᠪᠢᠴᠢᠭ ᠬᠢᠨᠠᠬᠤ ᠵᠥᠪᠯᠡᠯ ᠦ᠋ᠨ ᠭᠡᠰᠢᠭᠦᠨ᠂ ᠥᠪᠦᠷ ᠮᠣᠩᠭᠤᠯ ᠤ᠋ᠨ ᠳᠤᠮᠳᠠᠳᠤ ᠪᠠᠭ᠎ᠠ ᠰᠤᠷᠭᠠᠭᠤᠯᠢ  ᠵᠢᠨ ᠰᠤᠷᠬᠤ ᠪᠢᠴᠢᠭ ᠢ ᠬᠢᠨᠠᠨ ᠲᠣᠭᠲᠠᠭᠠᠬᠤ ᠵᠥᠪᠯᠡᠯ ᠦ᠋ᠨ ᠭᠡᠰᠢᠭᠦᠨ᠂ ᠥᠪᠦᠷ ᠮᠣᠩᠭᠤᠯ ᠤ᠋ᠨ ᠦᠭᠡ ᠬᠡᠯᠡᠨ ᠦ ᠨᠡᠢᠭᠡᠮᠯᠢᠭ ᠦᠨ ᠳᠡᠳ᠋ ᠬᠡᠷᠡᠭ ᠡᠷᠬᠢᠯᠡᠭᠴᠢ᠂ ᠤᠮᠠᠷᠠᠲᠦ᠍  ᠵᠢᠨ ᠦᠨᠳᠦᠰᠦᠲᠡᠨ ᠦ ᠰᠣᠶᠤᠯ ᠤ᠋ᠨ ᠥᠪ ᠢ᠋ ᠰᠤᠳᠤᠯᠬᠤ ᠵᠥᠪᠯᠡᠯ ᠦ᠋ᠨ ᠳᠡᠳ᠋ ᠡᠷᠬᠢᠯᠡᠭᠴᠢ ᠵᠡᠷᠭᠡ    ᠲᠤᠰᠢᠶᠠᠯ ᠢ ᠬᠠᠷᠢᠭᠤᠴᠠᠵᠤ ᠶᠠᠪᠤᠪᠠ᠃ ᠭᠣᠣᠯ ᠪ ᠣᠯᠠᠨᠤ ᠠᠮᠵᠢᠯᠲᠠ ᠪᠦᠲᠦᠭᠡᠯ ᠳᠦ᠄ ᠣᠷᠳᠣ ᠬᠤᠭᠤᠴᠠᠭ᠎ᠠ ᠪᠠᠷ ᠮᠣᠩᠭᠤᠯ ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ  ᠵᠢᠨ 《ᠬᠢᠲᠠᠳ ᠬᠡᠯᠡ》  ᠵᠢᠨ ᠰᠤᠷᠬᠤ ᠪᠢᠴᠢᠭ᠂ ᠰᠤᠷᠭᠠᠨ ᠬᠥᠮᠦᠵᠢᠯ ᠦ᠋ᠨ ᠨᠣᠮ ᠪᠢᠴᠢᠭ ᠢ ᠨᠠᠢᠷᠠᠭᠤᠯ ᠤᠨ ᠪᠢᠴᠢᠭᠰᠡᠨ ᠪᠠ ᠰᠤᠳᠤᠯᠪᠠ᠂ 1981—— 1983 ᠣᠨ ᠳᠤ ᠤᠯᠤᠰ  ᠤᠨ ᠰᠤᠷᠭᠠᠨ ᠬᠥᠮᠦᠵᠢᠯ ᠦ᠋ᠨ ᠵᠠᠮ ᠤᠨ ᠤ ᠤᠷᠢᠯᠭ᠎ᠠ ᠪᠠᠷ ᠪᠦᠬᠥ ᠤᠯᠤᠰ  ᠤᠨ ᠳᠡᠭᠡᠳᠦ ᠵᠡᠷᠭᠡ  ᠵᠢᠨ ᠰᠤᠷᠭᠠᠭᠤᠯᠢ ᠳᠤ ᠰᠤᠷᠤᠭᠴᠢ ᠡᠯᠰᠡᠬᠦ 《ᠬᠢᠲᠠᠳ ᠬᠡᠯᠡ》  ᠵᠢᠨ ᠨᠢᠭᠡᠳᠦᠯᠲᠡᠶ ᠰᠡᠳᠦᠪ ᠭᠠᠷᠭᠠᠬᠤ ᠠᠵᠢᠯ ᠳᠤ ᠣᠷᠣᠯᠴᠠᠵᠠᠶ᠃ 198) ᠣᠨ ᠳᠤ ᠤᠯᠤᠰ  ᠤᠨ ᠰᠤᠷᠭᠠᠨ ᠬᠥᠮᠦᠵᠢᠯ ᠦ᠋ᠨ ᠵᠠᠮ ᠤᠨ ᠤ ᠤᠷᠢᠯᠭ᠎ᠠ ᠪᠠᠷ 《ᠪᠦᠬᠦᠯᠢ ᠡᠳᠦᠷ ᠦᠨ ᠳᠦᠷᠢᠮᠲᠦ ᠴᠥᠭᠡᠨ ᠲᠣᠭᠠᠨ   ᠲᠦ᠍ ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ  ᠵᠢᠨ ᠬᠢᠲᠠᠳ ᠬᠡᠯᠡ ᠪᠢᠴᠢᠭ ᠦᠨ ᠵᠢᠭᠠᠨ ᠰᠤᠷᠭᠠᠬᠤ ᠫᠷᠣᠭ᠌ᠷᠠᠮ》 ᠢ ᠨᠠᠢᠷᠠᠭᠤᠯ ᠤᠨ ᠪᠢᠴᠢᠪᠡ᠂ ᠡᠨᠡ ᠫᠷᠣᠭ᠌ᠷᠠᠮ ᠢ ᠳᠤᠮᠳᠠᠳᠤ ᠤᠯᠤᠰ    ᠲᠦ᠍ ᠪᠦᠬᠦᠯᠢ ᠡᠳᠦᠷ ᠦᠨ ᠳᠦᠷᠢᠮᠲᠦ ᠴᠥᠭᠡᠨ ᠲᠣᠭᠠᠨᠲᠦ᠍ ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ ᠳᠤ 20 ᠭᠠᠷᠤᠶ ᠵᠢᠯ ᠬᠡᠷᠡᠭᠯᠡᠭᠰᠡᠨ ᠪᠠᠢᠨ᠎ᠠ᠃ 1995 ᠣᠨ ᠤ 7 ᠰᠠᠷ᠎ᠠ ᠳᠤ ᠤᠯᠤᠰ  ᠤᠨ ᠰᠤᠷᠭᠠᠨ ᠬᠥᠮᠦᠵᠢᠯ ᠦ᠋ᠨ ᠵᠥᠪᠯᠡᠯ ᠦ᠋ᠨ ᠣᠯᠭᠤᠭᠰᠠᠨ 《ᠪᠦᠬᠥ ᠤᠯᠤᠰ  ᠤᠨ ᠴᠥᠭᠡᠨ ᠲᠣᠭᠠᠨᠲᠦ᠍ ᠦᠨᠳᠦᠰᠦᠲᠡᠨ ᠦ ᠵᠢᠭᠠᠬᠤ ᠮᠠᠲ᠋ᠧᠷᠢᠶᠠᠯ  ᠤᠨ ᠪᠦᠲᠦᠭᠡᠨ ᠪᠠᠢᠭᠤᠯᠤᠯᠲᠠ  ᠵᠢᠨ ᠲᠡᠷᠢᠭᠦᠨ ᠦ ᠠᠵᠢᠯᠲᠠᠨ》 ᠤ ᠴᠣᠯᠠ ᠬᠦᠷᠲᠡᠪᠡ᠃ 1997 ᠣᠨ ᠳᠤ ᠤᠯᠤᠰ  ᠤᠨ ᠰᠤᠷᠭᠠᠨ ᠬᠥᠮᠦᠵᠢᠯ ᠦ᠋ᠨ ᠵᠠᠮ ᠤᠨ ᠤ ᠤᠷᠢᠯᠭ᠎ᠠ ᠪᠠᠷ 《ᠳᠤᠮᠳᠠᠳᠤ ᠤᠯᠤᠰ  ᠤᠨ ᠴᠥᠭᠡᠨ ᠲᠣᠭᠠᠨᠲᠦ᠍ ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ  ᠵᠢᠨ ᠬᠢᠲᠠᠳ ᠬᠡᠯᠡᠨ ᠦ ᠬᠢᠴᠢᠶᠡᠯ ᠦᠨ ᠪᠠᠷᠢᠮᠵᠢᠶ᠎ᠠ》 ᠶᠢ ᠨᠠᠢᠷᠠᠭᠤᠯ ᠤᠨ ᠪᠢᠴᠢᠵᠡᠢ᠃ 《ᠰᠣ᠋ . ᠬᠥᠮᠦᠵᠢᠯ )