ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠢᠷᠡᠮᠦ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠢᠷᠡᠮᠦ ( 1938—— 1999 ) ᠳᠡᠭᠡᠳᠦ ᠵᠡᠷᠭᠡ  ᠵᠢᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠬᠣᠷᠴᠢᠨ ᠪᠠᠷᠠᠭᠤᠨ ᠭᠠᠷ ᠤᠨ ᠡᠮᠦᠨᠡᠲᠦ ᠬᠣᠰᠢᠭᠤᠨ ᠤ ᠬᠥᠮᠦᠨ᠃ 1964 ᠣᠨ ᠳᠤ ᠥᠪᠦᠷ ᠮᠣᠩᠭᠤᠯ ᠤ᠋ᠨ ᠶᠡᠬᠡ ᠰᠤᠷᠭᠠᠭᠤᠯᠢ  ᠵᠢᠨ ᠮᠣᠩᠭᠤᠯ ᠬᠡᠯᠡ ᠤᠳᠭ᠎ᠠ ᠵᠣᠬᠢᠶᠠᠯ  ᠤᠨ ᠰᠠᠯᠪᠤᠷᠢ ᠠᠴᠠ ᠲᠡᠭᠦᠰ ᠴᠤ᠌ ᠥᠪᠦᠷ ᠮᠣᠩᠭᠤᠯ ᠤ᠋ᠨ ᠡᠳᠦᠷ ᠦᠨ ᠰᠣᠨᠢᠨ ᠤ ᠬᠣᠷᠢᠶᠠᠨ ᠤ᠋ ᠮᠣᠩᠭᠤᠯ ᠨᠠᠢᠷᠠᠭᠤᠯᠬᠤ ᠬᠡᠯᠲᠡᠰ ᠲᠦ ᠠᠵᠢᠯ ᠬᠤᠪᠢᠶᠠᠭᠳᠠᠪᠠ᠃ ᠰᠣᠨᠢᠨ ᠤ ᠬᠣᠷᠢᠶᠠᠨ ᠳ᠋ᠤ᠌ ᠤᠷᠢᠳ ᠬᠣᠵᠢᠳ ᠰᠤᠷᠪᠤᠯᠵᠢᠯᠠᠭᠴᠢ᠂ ᠮᠣᠩᠭᠤᠯ ᠨᠠᠢᠷᠠᠭᠤᠯᠬᠤ ᠬᠡᠯᠲᠡᠰ ᠦᠨ ᠨᠠᠢᠷᠠᠭᠤᠯᠤᠭᠴᠢ᠂ ᠮᠣᠩᠭᠤᠯ ᠨᠠᠢᠷᠠᠭᠤᠯᠬᠤ ᠬᠡᠯᠲᠡᠰ ᠦᠨ ᠤᠯᠤᠰ ᠲᠦᠷᠥ ᠬᠠᠤᠯᠢ ᠴᠠᠭᠠᠵᠠ  ᠵᠢᠨ ᠬᠡᠯᠲᠡᠰ ᠦᠨ ᠤᠯᠤᠰ ᠲᠦᠷᠥ ᠬᠠᠤᠯᠢ ᠴᠠᠭᠠᠵᠠ  ᠵᠢᠨ ᠳᠡᠳ᠋ᠳᠠᠷᠤᠭ᠎ᠠ ᠪᠣᠯᠵᠤ᠂ 1982 ᠣᠨ ᠠᠴᠠ 1998 ᠣᠨ ᠬᠦᠷᠲᠡᠯ᠎ᠡ ᠤᠯᠤᠰ ᠲᠦᠷᠥ ᠬᠠᠤᠯᠢ ᠴᠠᠭᠠᠵᠠ  ᠵᠢᠨ ᠬᠡᠯᠲᠡᠰ ᠦᠨ ᠳᠡᠳ᠋ ᠡᠷᠬᠢᠯᠡᠭᠴᠢ  ᠵᠢᠨ    ᠲᠤᠰᠢᠶᠠᠯ ᠲᠠᠢ ᠠᠵᠢᠯᠯᠠᠪᠠ᠃ 1971 ᠣᠨ ᠳᠤ ᠳᠤᠮᠳᠠᠳᠤ ᠤᠯᠤᠰ  ᠤᠨ ᠡᠪ ᠬᠠᠮᠲᠤ ᠨᠠᠮ ᠳᠤ ᠣᠷᠤᠪᠠ᠃ ᠭᠤᠴᠢ ᠭᠠᠷᠤᠶ ᠵᠢᠯ ᠦᠨ   ᠲᠦ᠍ᠷᠰᠢ ᠦᠯᠡᠮᠵᠢᠬᠡᠨ ᠡᠬᠡ ᠪᠢᠴᠢᠭ ᠨᠠᠢᠷᠠᠭᠤᠯᠵᠤ ᠬᠢᠨᠠᠭᠰᠠᠨ ᠤ ᠬᠠᠮᠲᠤ ᠮᠢᠩᠭ᠎ᠠ ᠭᠠᠷᠤᠶ ᠮᠡᠳᠡᠭᠡ ᠴᠢᠮᠡᠭᠡ᠂ ᠰᠤᠷᠪᠤᠯᠵᠢᠯᠠᠭ᠎ᠠ ᠴᠢᠮᠡᠭᠡᠯᠡᠯ᠂ ᠣᠨᠴᠠ ᠪᠢᠴᠢᠯᠭᠡ᠂ ᠥᠭᠦᠯᠡᠯ ᠰᠢᠭᠦᠮᠵᠢ ᠪᠢᠴᠢᠪᠡ᠃ ᠲᠡᠭᠦᠨ ᠦ ᠪᠢᠴᠢᠭᠰᠡᠨ ᠰᠣᠨᠢᠨ ᠮᠡᠳᠡᠭᠡᠨ ᠦ ᠭᠣᠣᠯ ᠪᠦᠲᠦᠭᠡᠯ ᠦᠳ ᠲᠦ᠄ 《ᠨᠠᠮ  ᠤᠨ ᠰᠤᠷᠲᠠᠯ ᠢ ᠰᠠᠢᠵᠢᠷᠠᠭᠤᠯᠬᠤ  ᠵᠢᠨ ᠵᠠᠩᠭᠢᠯᠠᠭ᠎ᠠ ᠨᠢ ᠡᠯ᠎ᠡ ᠱᠠᠲᠤᠨ ᠤ ᠤᠳᠤᠷᠢᠳᠤᠯᠭ᠎ᠠ ᠳᠤ ᠪᠣᠶ》᠂ 《ᠤᠯᠤᠰ ᠲᠦᠷᠥ ᠲᠦᠪᠰᠢᠨ᠂ ᠲᠦᠷᠥ  ᠵᠢᠨ ᠪᠣᠳᠤᠯᠭ᠎ᠠ ᠲᠣᠭᠲᠠᠭ ᠤᠨ ᠪᠠᠢᠬᠤ ᠪᠣᠯ ᠮᠠᠯ ᠠᠵᠤ ᠠᠬᠤᠶ  ᠵᠢᠨ ᠬᠥᠭᠵᠢᠯᠲᠡ   ᠵᠢᠨ ᠴᠢᠬᠤᠯᠠ ᠪᠠ   ᠲᠦ᠍ᠯᠠᠭ᠎ᠠ ᠮᠥᠨ》 ( 1979 ᠣᠨ )᠂ 《ᠵᠠᠯᠠᠢᠳ ᠬᠣᠰᠢᠭᠤᠨ ᠤ ᠲᠠᠷᠢᠶᠠᠯᠠᠬᠤ ᠮᠠᠯᠵᠢᠬᠤ ᠣᠷᠤᠨ ᠤ᠋ ᠲᠠᠪ ᠤᠨ ᠶᠡᠬᠡ ᠬᠤᠪᠢᠷᠠᠯᠲᠠ》 ( 1979 ᠣᠨ ) 《ᠰᠢᠨ᠎ᠡ ᠳᠤᠮᠳᠠᠳᠤ ᠤᠯᠤᠰ ᠲᠠᠢ ᠵᠡᠷᠭᠡ ᠪᠡᠷ ᠥᠰᠦᠭᠰᠡᠨ ᠬᠥᠮᠦᠨ》 ( 1984 ᠣᠨ )᠂ 《ᠬᠢᠯᠢ ᠬᠢᠵᠠᠭᠠᠷ ᠪᠣᠯ ᠮᠢᠨᠤ ᠬᠣᠶᠠᠳᠤᠭᠠᠷ ᠡᠬᠡ ᠨᠤᠲᠤᠭ ᠮᠥᠨ》 ( 1987 ᠣᠨ )᠂ 《ᠤᠯᠠᠭᠠᠨᠭᠦᠦ ᠳᠡᠳ᠋ ᠲᠡᠷᠢᠭᠦᠯᠡᠭᠴᠢ ᠮᠠᠯᠵᠵᠢᠨ ᠲᠦᠮᠡᠨ ᠢ ᠡᠷᠭᠢᠵᠦ ᠦᠵᠡᠭᠰᠡᠨ ᠪᠥᠭᠡᠳ ᠴᠢᠩᠭᠢᠰ ᠦᠨ ᠣᠩᠭᠣᠨ ᠢ ᠪᠠᠷᠠᠯᠠᠪᠠ》 ( 1987 ᠣᠨ ) ᠵᠡᠷᠭᠡ ᠪᠣᠶ᠃