ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠤᠩᠳᠤᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠤᠩᠳᠤᠢ ( 1941—— 1994 ) ᠬᠢᠨᠠᠨ ᠨᠠᠢᠷᠠᠭᠤᠯᠤᠭᠴᠢ᠂ ᠰᠢᠯᠦᠭᠴᠢ᠃ ᠥᠪᠦᠷ ᠮᠣᠩᠭᠤᠯ ᠤ᠋ᠨ ᠵᠢᠷᠢᠮ ᠠᠢᠮᠠᠭ  ᠤᠨ ᠬᠣᠷᠴᠢᠨ ᠵᠡᠭᠦᠨ ᠭᠠᠷ ᠤᠨ ᠬᠣᠢᠲᠤ ᠬᠣᠰᠢᠭᠤᠨ ᠳᠤ ᠲᠥᠷᠦᠵᠡᠢ᠃ 1964 ᠣᠨ ᠤ 8 ᠰᠠᠷ᠎ᠠ ᠳᠤ ᠥᠪᠦᠷ ᠮᠣᠩᠭᠤᠯ ᠤ᠋ᠨ ᠪᠠᠭᠰᠢ  ᠵᠢᠨ ᠳᠡᠭᠡᠳᠦ ᠰᠤᠷᠭᠠᠭᠤᠯᠢ  ᠵᠢᠨ ᠮᠣᠩᠭᠤᠯ ᠬᠡᠯᠡ ᠤᠳᠭ᠎ᠠ ᠵᠣᠬᠢᠶᠠᠯ  ᠤᠨ ᠰᠠᠯᠪᠤᠷᠢ ᠠᠴᠠ ᠲᠡᠭᠦᠰ ᠴᠤ᠌᠂ ᠥᠪᠦᠷ ᠮᠣᠩᠭᠤᠯ ᠤ᠋ᠨ ᠮᠣᠩᠭᠤᠯ ᠬᠡᠯᠡ ᠪᠢᠴᠢᠭ ᠦᠨ    ᠲᠤᠰᠭᠠᠢ ᠮᠡᠷᠭᠡᠵᠢᠯ ᠦᠨ ᠰᠤᠷᠭᠠᠭᠤᠯᠢ ᠳᠤ ᠪᠠᠭᠰᠢᠯᠠᠵᠠᠢ᠃ 1965 ᠣᠨ ᠤ 10 ᠰᠠᠷ᠎ᠠ ᠳᠤ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦᠨ ᠬᠣᠷᠢᠶᠠᠨ ᠤ᠋ ᠮᠣᠩᠭᠤᠯ ᠬᠡᠯᠡ ᠪᠢᠴᠢᠭ ᠨᠠᠢᠷᠠᠭᠤᠯᠬᠤ ᠲᠠᠰᠤᠭ    ᠲᠦ᠍ ᠰᠢᠯᠵᠢᠨ ᠢᠷᠡᠭᠡᠳ ᠨᠠᠢᠷᠠᠭᠤᠯᠤᠭᠴᠢ᠂ ᠳᠡᠳ᠋ ᠶᠡᠷᠦᠩᠬᠡᠶ ᠨᠠᠢᠷᠠᠭᠤᠯᠤᠭᠴᠢ ᠪᠠᠢᠵᠤ ᠨᠠᠰᠤ ᠡ ᠴᠤ᠌ᠰᠯᠡᠲᠡᠯ᠎ᠡ ᠠᠵᠢᠯᠯᠠᠵᠠᠶ᠃ ᠬᠥᠬᠡᠬᠣᠲᠠ  ᠵᠢᠨ ᠰᠢᠨ᠎ᠡ ᠬᠣᠲᠠ ᠲᠣᠭᠣᠷᠢᠭ  ᠤᠨ ᠠᠷᠪᠠᠨ ᠬᠣᠶᠠᠳᠤᠭᠠᠷ ᠬᠤᠭᠤᠴᠠᠭᠠᠨ ᠤ ᠠᠷᠠᠳ  ᠤᠨ ᠲᠥᠯᠦᠭᠡᠯᠡᠭᠴᠢᠳ ᠦ᠋ᠨ ᠶᠡᠬᠡ ᠬᠤᠷᠠᠯ  ᠤᠨ ᠲᠥᠯᠦᠭᠡᠯᠡᠭᠴᠢ᠂ ᠪᠦᠬᠥ ᠤᠯᠤᠰ  ᠤᠨ ᠮᠣᠩᠭᠤᠯ ᠰᠤᠷᠬᠤ ᠪᠢᠴᠢᠭ ᠬᠢᠨᠠᠬᠤ ᠵᠥᠪᠯᠡᠯ ᠦ᠋ᠨ ᠳᠡᠳ᠋ ᠡᠷᠬᠢᠯᠡᠭᠴᠢ᠂ ᠳᠤᠮᠳᠠᠳᠤ ᠤᠯᠤᠰ  ᠤᠨ ᠬᠡᠪᠯᠡᠯ ᠦᠨ ᠨᠡᠢᠭᠡᠮᠯᠢᠭ ᠦᠨ ᠦᠨᠳᠦᠰᠦᠲᠡᠨ ᠦ ᠬᠡᠪᠯᠡᠯ ᠦᠨ ᠠᠵᠢᠯ  ᠤᠨ ᠵᠥᠪᠯᠡᠯ ᠦ᠋ᠨ ᠳᠡᠳ᠋ ᠨᠠᠷᠢᠨ ᠪᠢᠴᠢᠭ ᠦᠨ ᠳᠠᠷᠤᠭ᠎ᠠ᠂ ᠳᠤᠮᠳᠠᠳᠤ ᠤᠯᠤᠰ  ᠤᠨ ᠣᠲᠣ ᠦᠶ᠎ᠡ  ᠵᠢᠨ ᠤᠷᠠᠨ ᠵᠣᠬᠢᠶᠠᠯ ᠰᠤᠳᠤᠯᠬᠤ ᠨᠡᠢᠭᠡᠮᠯᠢᠭ ᠦᠨ ᠳᠡᠳ᠋ ᠳᠠᠷᠤᠭ᠎ᠠ᠂ ᠳᠤᠮᠳᠠᠳᠤ ᠤᠯᠤᠰ  ᠤᠨ ᠵᠣᠬᠢᠶᠠᠯᠴᠢᠳ  ᠤᠨ ᠡᠪᠯᠡᠯ ᠦᠨ ᠭᠡᠰᠢᠭᠦᠨ᠂ ᠳᠤᠮᠳᠠᠳᠤ ᠤᠯᠤᠰ  ᠤᠨ ᠴᠥᠭᠡᠨ ᠲᠣᠭᠠᠨ   ᠲᠦ᠍ ᠦᠨᠳᠦᠰᠦᠲᠡᠨ ᠦ ᠵᠣᠬᠢᠶᠠᠯᠴᠢᠳ  ᠤᠨ ᠨᠡᠢᠭᠡᠮᠯᠢᠭ ᠦᠨ ᠬᠡᠷᠡᠭ ᠡᠷᠬᠢᠯᠡᠭᠴᠢ᠂ ᠳᠤᠮᠳᠠᠳᠤ ᠤᠯᠤᠰ  ᠤᠨ ᠮᠣᠩᠭᠤᠯ ᠤᠷᠠᠨ ᠵᠣᠬᠢᠶᠠᠯ ᠰᠤᠳᠤᠯᠬᠤ ᠨᠡᠢᠭᠡᠮᠯᠢᠭ ᠦᠨ ᠬᠡᠷᠡᠭ ᠡᠷᠬᠢᠯᠡᠭᠴᠢ ᠵᠡᠷᠭᠡ ᠨᠡᠢᠭᠡᠮ ᠦᠨ    ᠲᠤᠰᠢᠶᠠᠯ ᠢ ᠬᠠᠷᠢᠭᠤᠴᠠᠵᠤ ᠪᠠᠢᠪᠠ᠃ ᠰᠤᠩ   ᠲᠦ᠍ᠢ ᠰᠤᠷᠭᠠᠨ ᠬᠥᠮᠦᠵᠢᠯ ᠦ᠋ᠨ ᠬᠡᠪᠯᠡᠯ ᠦᠨ ᠬᠣᠷᠢᠶᠠᠨ ᠤ᠋ ᠮᠣᠩᠭᠤᠯ ᠬᠡᠯᠡᠨ ᠦ ᠨᠡᠢᠭᠡᠮ ᠦᠨ ᠰᠢᠨᠵᠢᠯᠡᠬᠦ ᠤᠬᠠᠭᠠᠨ ᠤ ᠰᠤᠷᠬᠤ ᠪᠢᠴᠢᠭ ᠦᠨ ᠨᠠᠢᠷᠠᠭᠤᠯᠬᠤ᠂ ᠬᠢᠨᠠᠬᠤ ᠠᠵᠢᠯ ᠢ ᠪᠦᠬᠥ ᠲᠠᠯ᠎ᠠ ᠪᠠᠷ ᠬᠠᠷᠢᠭᠤᠴᠠᠨ᠂ ᠰᠤᠷᠬᠤ ᠪᠢᠴᠢᠭ ᠢ ᠢᠵᠢ ᠪᠦᠷᠢᠳᠦᠭᠦᠯᠬᠦ᠂ ᠨᠡᠷ᠎ᠡ ᠲᠣᠮᠢᠶ᠎ᠠ ᠶᠢ ᠨᠢᠭᠡᠳᠭᠡᠬᠦ᠂ ᠳᠤᠮᠳᠠᠳᠤ ᠪᠠᠭ᠎ᠠ ᠰᠤᠷᠭᠠᠭᠤᠯᠢ  ᠵᠢᠨ ᠬᠡᠯᠡ ᠪᠢᠴᠢᠭ ᠵᠢᠭᠠᠬᠤ ᠫᠷᠣᠭ᠌ᠷᠠᠮ ᠢ ᠲᠣᠭᠲᠠᠭᠠᠵᠤ    ᠲᠤᠭᠤᠷᠪᠢᠬᠤ ᠵᠡᠷᠭᠡ ᠲᠠᠯ᠎ᠠ ᠪᠠᠷ ᠶᠡᠬᠡᠬᠡᠨ ᠠᠵᠢᠯ ᠬᠢᠵᠦ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠰᠤᠷᠬᠤ ᠪᠢᠴᠢᠭ ᠦᠨ ᠪᠦᠲᠦᠭᠡᠨ ᠪᠠᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠲᠡᠷᠡ ᠪᠡᠷ ᠬᠢᠨᠠᠵᠤ ᠨᠠᠢᠷᠠᠭᠤᠯᠬᠤ ᠠᠵᠢᠯ  ᠤᠨ ᠵᠠᠪᠰᠠᠷ ᠲᠠᠭᠠᠨ 《ᠳᠤᠷᠠᠳᠭᠠᠯ᠂ ᠪᠤᠯᠠᠰᠢ᠂ ᠰᠢᠪᠠᠭᠤ》᠂ 《ᠬᠠᠢᠷ᠎ᠠ  ᠵᠢᠨ ᠰᠢᠭᠦᠳᠡᠷᠢ》᠂ 《ᠡᠭᠦᠯᠡᠰ》 ᠵᠡᠷᠭᠡ ᠵᠠᠭᠤ ᠭᠠᠷᠤᠶ ᠲᠦᠮᠡᠨ ᠦᠰᠥᠭ ᠪᠦᠬᠦᠶ ᠰᠢᠯᠦᠭ᠂ ᠨᠠᠢᠷᠠᠭᠤᠯᠤᠯ᠂ ᠥᠭᠦᠯᠡᠯᠭᠡ   ᠵᠢᠨ ᠲᠡᠭᠦᠪᠦᠷᠢ ᠬᠡᠪᠯᠡᠭᠦᠯᠦᠭᠰᠡᠨ ᠡᠴᠡ ᠭᠠᠳᠠᠨ᠎ᠠ 《ᠬᠢᠲᠠᠳ ᠮᠣᠩᠭᠤᠯ ᠬᠠᠷᠢᠴᠠᠭᠤᠯᠤᠭᠰᠠᠨ ᠨᠡᠷ᠎ᠡ ᠲᠣᠮᠢᠶᠠᠨ ᠤ  ᠴᠤ᠌ᠪᠤᠷᠠᠯ ᠪᠢᠴᠢᠭ》 ( 10 ᠳᠡᠪᠲᠡᠷ ) ᠢ ᠡᠷᠬᠢᠯᠡᠨ ᠨᠠᠢᠷᠠᠭᠤᠯᠵᠤ ᠬᠡᠪᠯᠡᠭᠦᠯᠪᠡ᠃ 《ᠮᠠᠩᠬᠠᠨ ᠤ ᠨᠣᠭᠤᠭ᠎ᠠ》 ᠭᠡᠬᠦ ᠰᠢᠯᠦᠭ ᠨᠢ 1987 ᠣᠨ ᠳᠤ ᠥᠪᠡᠷᠲᠡᠭᠡᠨ ᠵᠠᠰᠠᠬᠤ ᠣᠷᠤᠨ ᠤ᠋ ᠬᠣᠶᠠᠳᠤᠭᠠᠷ ᠬᠤᠭᠤᠴᠠᠭᠠᠨ ᠤ 《ᠰᠣᠯᠤᠩᠭ᠎ᠠ》 ᠱᠠᠩᠨᠠᠯ  ᠤᠨ ᠬᠣᠶᠠᠳᠤᠭᠠᠷ ᠲᠠᠰ    ᠲᠦ᠍ ᠣᠷᠤᠵᠤ᠂ ᠮᠣᠩᠭᠤᠯ ᠤᠯᠤᠰ  ᠤᠨ ᠬᠡᠪᠯᠡᠭᠰᠡᠨ 《ᠳᠤᠮᠳᠠᠳᠤ ᠤᠯᠤᠰ  ᠤᠨ ᠢᠷᠠᠭᠤ ᠨᠠᠢᠷᠠᠭ》 ᠬᠡᠮᠡᠬᠦ ᠲᠡᠭᠦᠪᠦᠷᠢ ᠳᠦ ᠰᠢᠯᠢᠭᠳᠡᠨ ᠣᠷᠣᠵᠠᠶ᠃ 《ᠠᠪᠤ ᠬᠠᠢᠯᠠᠰᠤ ᠬᠣᠶᠠᠷ ᠲᠠᠭᠠᠨ》 ᠭᠡᠬᠦ ᠰᠢᠯᠦᠭ ᠨᠢ 1990 ᠣᠨ ᠳᠤ ᠥᠪᠡᠷᠲᠡᠭᠡᠨ ᠵᠠᠰᠠᠬᠤ ᠣᠷᠤᠨ ᠤ᠋ ᠭᠤᠷᠪᠠᠳᠤᠭᠠᠷ ᠬᠤᠭᠤᠴᠠᠭᠠᠨ ᠤ 《ᠰᠣᠯᠤᠩᠭ᠎ᠠ》 ᠱᠠᠩᠨᠠᠯ  ᠤᠨ ᠬᠣᠶᠠᠳᠤᠭᠠᠷ ᠲᠠᠰ ᠢ ᠬᠦᠷᠲᠡᠪᠡ᠃ 《ᠳᠤᠷᠠᠳᠭᠠᠯ᠂ ᠪᠤᠯᠠᠰᠢ᠂ ᠰᠢᠪᠠᠭᠤ》 ᠭᠡᠬᠦ ᠰᠢᠯᠦᠭ ᠦᠨ ᠲᠡᠭᠦᠪᠦᠷᠢ ᠨᠢ 1993 ᠣᠨ ᠳᠤ ᠳᠥᠷᠪᠡᠳᠦᠭᠡᠷ ᠬᠤᠭᠤᠴᠠᠭᠠᠨ ᠤ ᠪᠦᠬᠥ ᠤᠯᠤᠰ  ᠤᠨ ᠴᠥᠭᠡᠨ ᠲᠣᠭᠠᠨ   ᠲᠦ᠍ ᠦᠨᠳᠦᠰᠦᠲᠡᠨ ᠦ ᠤᠷᠠᠨ ᠵᠣᠬᠢᠶᠠᠯ  ᠤᠨ ᠰᠢᠯᠢᠳᠡᠭ ᠱᠠᠩᠨᠠᠯ ᠣᠯᠪᠠ᠃ 《ᠠᠢᠵᠠᠮ ᠬᠣᠯᠪᠤᠴᠠ ᠴᠢᠩᠭᠠᠷᠠᠵᠤ ᠪᠠᠢᠭ᠎ᠠ ᠮᠣᠩᠭᠤᠯ ᠰᠢᠯᠦᠭ》 ᠭᠡᠬᠦ ᠥᠭᠦᠯᠡᠯ ᠨᠢ 1989 ᠣᠨ ᠳᠤ ᠮᠣᠩᠭᠤᠯ ᠤᠷᠠᠨ ᠵᠣᠬᠢᠶᠠᠯ  ᠤᠨ ᠰᠤᠳᠤᠯᠤᠯ  ᠤᠨ ᠰᠢᠯᠢᠳᠡᠭ ᠪᠦᠲᠦᠭᠡᠯ ᠦᠨ ᠱᠠᠩᠨᠠᠯ ᠣᠯᠵᠤ᠂ ᠵᠠᠳᠠᠯᠤᠯ ᠰᠢᠨᠵᠢᠯᠡᠯ ᠦᠨ ᠲᠡᠭᠦᠪᠦᠷᠢ ᠪ ᠣᠯᠠᠨᠤ 《ᠡᠭᠦᠯᠡᠰ》 ᠨᠢ 1989 ᠣᠨ ᠳᠤ ᠪᠦᠬᠥ ᠤᠯᠤᠰ  ᠤᠨ ᠨᠠᠢ᠍ᠮᠠᠨ ᠮᠤᠵᠢ ᠣᠷᠤᠨ ᠤ᠋ ᠰᠢᠯᠢᠳᠡᠭ ᠮᠣᠩᠭᠤᠯ ᠨᠣᠮ  ᠤᠨ ᠭᠤᠷᠪᠠᠳᠤᠭᠠᠷ ᠲᠠᠰ  ᠤᠨ ᠱᠠᠩᠨᠠᠯ ᠣᠯᠪᠠ᠃ 《ᠬᠠᠷᠠᠭ᠎ᠠ ᠰᠣᠨᠤᠷ     ᠲᠦ᠍ ᠬᠣ ᠴᠤ᠌ᠷᠤᠭᠰᠠᠨ ᠲᠡᠦᠬᠡ》 ᠭᠡᠬᠦ ᠵᠣᠬᠢᠶᠠᠯ ᠨᠢ ᠪᠦᠬᠥ ᠤᠯᠤᠰ  ᠤᠨ ᠬᠡᠦᠬᠡᠳ ᠪᠠᠭᠠ ᠴᠤ᠌ᠳ  ᠤᠨ ᠰᠣᠨᠢᠨ ᠰᠡᠳᠭᠦᠯ ᠦ᠋ᠨ ᠨᠡᠢᠭᠡᠮᠯᠢᠭ ᠦᠨ 1993 ᠣᠨ ᠤ ᠰᠢᠯᠢᠳᠡᠭ ᠵᠣᠬᠢᠶᠠᠯ  ᠤᠨ ᠰᠢᠯᠭᠠᠷᠠᠭᠤᠯᠤᠯᠲᠠ ᠳᠤ ᠲᠡᠷᠢᠭᠦᠨ ᠱᠠᠩᠨᠠᠯ ᠬᠦᠷᠲᠡᠵᠡᠶ᠃ ᠡᠭᠦᠨ ᠡᠴᠡ ᠭᠠᠳᠠᠨ᠎ᠠ 《 ᠯᠦ᠍ ᠰᠢᠳ ᠦ᠋ᠨ ᠪᠧᠯᠧᠲ ᠦ᠋ᠨ ᠦ᠌ ᠲᠡᠭᠦᠪᠦᠷᠢ》᠂ 《ᠨᠠᠩᠭᠢᠶᠠᠳ ᠬᠢᠲᠠᠳ ᠢᠶᠠᠷ ᠠᠢᠯᠠᠳᠤᠭᠰᠠᠨ ᠲᠡᠭᠦᠪᠦᠷᠢ》᠂ 《ᠳᠡᠯᠡᠬᠡᠶ  ᠵᠢᠨ ᠤᠶᠠᠩᠭ᠎ᠠ  ᠵᠢᠨ ᠰᠢᠯᠦᠭ ᠦᠨ ᠰᠣᠩᠭᠤᠮᠠᠯ》᠂ ᠲᠧᠭᠤᠷ  ᠤᠨ ᠰᠢᠯᠦᠭ 《ᠪᠣᠯᠵᠣᠮᠣᠷ ᠣᠳᠣᠭᠰᠠᠨ ᠲᠡᠭᠦᠪᠦᠷᠢ》᠂ 《ᠴᠡᠴᠡᠷᠯᠢᠭᠴᠢ ᠪᠣᠯᠤᠭᠰᠠᠨ ᠲᠡᠭᠦᠪᠦᠷᠢ》᠂ 《ᠳᠤᠮᠳᠠᠳᠤ ᠤᠯᠤᠰ  ᠤᠨ ᠣᠲᠣ ᠦᠶ᠎ᠡ  ᠵᠢᠨ ᠤᠳᠭ᠎ᠠ ᠵᠣᠬᠢᠶᠠᠯ  ᠤᠨ ᠤᠩᠰᠢᠬᠤ ᠪᠢᠴᠢᠭ》 ᠵᠡᠷᠭᠡ 150 ᠭᠠᠷᠤᠶ ᠲᠦᠮᠡᠨ ᠦᠭᠡ  ᠵᠢᠨ ᠣᠷᠴᠢᠭᠤᠯᠭ᠎ᠠ  ᠵᠢᠨ ᠪᠦᠲᠦᠭᠡᠯ ᠦᠳ ᠪᠣᠶ᠃