ᠨᠡᠷ᠎ᠡ:
ᠰᠤᠩᠷᠠᠵᠠᠪ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰᠤᠩᠷᠠᠵᠠᠪ ( 1938~ ) ᠳᠡᠭᠡᠳᠦ ᠵᠡᠷᠭᠡ ᠵᠢᠨ ᠨᠠᠢᠷᠠᠭᠤᠯᠤᠭᠴᠢ᠃ ᠥᠪᠦᠷ ᠮᠣᠩᠭᠤᠯ ᠤ᠋ᠨ ᠬᠣᠷᠴᠢᠨ ᠵᠡᠭᠦᠨ ᠭᠠᠷ ᠤᠨ ᠳᠤᠮᠳᠠᠳᠤ ᠬᠣᠰᠢᠭᠤᠨ ᠤ ᠬᠥᠮᠦᠨ᠃ 1956 ᠣᠨ ᠳᠤ ᠥᠪᠦᠷ ᠮᠣᠩᠭᠤᠯ ᠤ᠋ᠨ ᠮᠣᠩᠭᠤᠯ ᠬᠡᠯᠡ ᠪᠢᠴᠢᠭ ᠦᠨ ᠲᠤᠰᠭᠠᠢ ᠮᠡᠷᠭᠡᠵᠢᠯ ᠦᠨ ᠰᠤᠷᠭᠠᠭᠤᠯᠢ 《ᠶᠡᠬᠡ ᠰᠤᠷᠭᠠᠭᠤᠯᠢ ᠵᠢᠨ ᠲᠤᠰᠭᠠᠢ ᠮᠡᠷᠭᠡᠵᠢᠯ ᠦᠨ ᠠᠩᠭᠢ ) ᠠᠴᠠ ᠲᠡᠭᠦᠰ ᠴᠤ᠌ ᠥᠪᠦᠷ ᠮᠣᠩᠭᠤᠯ ᠤ᠋ᠨ ᠡᠳᠦᠷ ᠦᠨ ᠰᠣᠨᠢᠨ ᠤ ᠬᠣᠷᠢᠶᠠᠨ ᠳ᠋ᠤ᠌ ᠠᠵᠢᠯ ᠬᠤᠪᠢᠶᠠᠭᠳᠠᠪᠠ᠃ 1959 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ ᠤᠨᠵᠢᠨ ᠤ᠋ ᠬᠣᠷᠢᠷᠬ ᠳᠤ ᠤᠷᠢᠳ ᠬᠣᠵᠢᠳ ᠮᠣᠩᠭᠤᠯ ᠨᠠᠢᠷᠠᠭᠤᠯᠬᠤ ᠬᠡᠨᠲᠡᠰ ᠦᠨ ᠠᠨ?ᠷᠠᠭᠤᠯᠤᠭᠴᠢ᠂ ᠰᠤᠷᠪᠤᠯᠵᠢᠯᠠᠭᠴᠢ᠂ ᠮᠣᠩᠭᠤᠯ ᠨᠠᠢᠷᠠᠭᠤᠯᠬᠤ ᠬᠡᠯᠲᠡᠰ ᠦᠨ ᠴᠠᠭ ᠤᠨ ᠪᠠᠢᠳᠠᠯ ᠤᠨ ᠬᠡᠯᠲᠡᠰ ᠦᠨ ᠳᠡᠳ᠋ ᠡᠷᠬᠢᠯᠡᠭᠴᠢ᠂ ᠡᠷᠬᠢᠯᠡᠭᠴᠢ ᠵᠢᠨ ᠠᠵᠢᠯ ᠬᠢᠵᠦ᠂ 1983 ᠣᠨ ᠠᠴᠠ ᠬᠣᠢᠰᠢ ᠰᠣᠨᠢᠨ ᠤ ᠬᠣᠷᠢᠶᠠᠨ ᠤ᠋ ᠳᠡᠳ᠋ ᠬᠣᠷᠢᠶᠠᠨ ᠳᠠᠷᠤᠭ᠎ᠠ᠂ ᠰᠣᠨᠢᠨ ᠤ ᠬᠣᠷᠢᠶᠠᠨ ᠤ᠋ ᠨᠠᠮ ᠤᠨ ᠬᠣᠷᠢᠶᠠᠨ ᠤ᠋ ᠳᠡᠳ᠋ ᠱᠦᠵᠢ᠂ ᠲᠣᠭᠣᠷᠵᠢᠨ ᠪᠠᠢᠴᠠᠭᠠᠭᠴᠢ ᠵᠡᠷᠭᠡ ᠲᠤᠰᠢᠶᠠᠯ ᠬᠠᠷᠢᠭᠤᠴᠠᠪᠠ᠃ ᠰᠣᠨᠢᠨ ᠤ ᠬᠣᠷᠢᠶᠠᠨ ᠤ᠋ ᠤᠳᠤᠷᠢᠳᠬᠤ ᠪᠠᠭ ᠲᠦ᠍ ᠪᠠᠢᠬᠤ ᠳᠠᠭᠠᠨ ᠭᠣᠣᠯᠳᠠᠭᠤ ᠮᠣᠩᠭᠤᠯ ᠰᠣᠨᠢᠨ ᠠᠵᠢᠯ ᠢ ᠬᠠᠮᠢᠶᠠᠷ ᠴᠤ᠌᠂ ᠰᠣᠨᠢᠨ ᠮᠡᠳᠡᠭᠡᠨ ᠦ ᠥᠭᠡᠷᠡᠴᠢᠯᠡᠯᠲᠡ ᠶ᠋ᠢ ᠪᠠᠷᠢᠮᠲᠠᠯᠠᠨ᠂ ᠮᠣᠩᠭᠤᠯ ᠰᠣᠨᠢᠨ ᠳᠤ 《ᠭᠠᠷᠠᠭ ᠤᠨ ᠨᠢᠭᠤᠷ》᠂ 《ᠭᠠᠷᠠᠭ ᠤᠨ ᠬᠡᠪᠯᠡᠯ》 ᠭᠠᠷᠭᠠᠬᠤ ᠪᠠ 《ᠨᠡᠢᠭᠡᠮ ᠭᠠᠷᠠᠭ ᠤᠨ ᠬᠡᠪᠯᠡᠯ》᠂ 《ᠠᠵᠤ ᠠᠬᠤᠶ ᠭᠠᠷᠠᠭ ᠤᠨ ᠬᠡᠪᠯᠡᠯ》 ᠢ ᠡᠭᠦᠰᠭᠡᠨ ᠡᠷᠬᠢᠯᠡᠬᠦ ᠳᠦ ᠴᠥᠮ ᠵᠢᠯᠤᠭᠤᠳᠬᠤ ᠦᠢᠯᠡᠳᠦᠯ ᠦᠵᠡᠭᠦᠯᠪᠡ᠃ ᠤᠳᠠᠭᠠᠨ ᠵᠢᠯ ᠰᠣᠨᠢᠨ ᠮᠡᠳᠡᠭᠡᠨ ᠦ ᠠᠵᠢᠯ ᠢ ᠡᠷᠬᠢᠯᠡᠬᠦ ᠳᠡᠭᠡᠨ ᠰᠣᠨᠢᠨ ᠮᠡᠳᠡᠭᠡᠨ ᠦ ᠣᠨᠤᠯ ᠤ᠋ᠨ ᠰᠤᠳᠤᠯᠤᠯ ᠢ ᠬᠢᠴᠢᠶᠡᠵᠦ᠂ ᠠᠷᠪᠠᠭᠠᠳ ᠲᠦᠮᠡᠨ ᠦᠰᠥᠭ ᠪᠦᠬᠦᠶ ᠰᠣᠨᠢᠨ ᠮᠡᠳᠡᠭᠡᠨ ᠦ ᠣᠨᠤᠯ ᠤ᠋ᠨ ᠥᠭᠦᠯᠡᠯ ᠪᠢᠴᠢᠪᠡ᠃ ᠤᠷᠢᠳ ᠬᠣᠵᠢᠳ 《ᠴᠥᠭᠡᠨ ᠲᠣᠭᠠᠨ ᠲᠦ᠍ ᠦᠨᠳᠦᠰᠦᠲᠡᠨ ᠦ ᠦᠰᠥᠭ ᠪᠢᠴᠢᠭ ᠦᠨ ᠰᠣᠨᠢᠨ ᠤ ᠦᠨᠳᠦᠰᠦᠲᠡᠨ ᠦ ᠣᠨᠴᠠᠯᠢᠭ᠂ ᠭᠠᠵᠠᠷ ᠣᠷᠤᠨ ᠤ᠋ ᠣᠨᠴᠠᠯᠢᠭ᠂ ᠴᠠᠭ ᠦᠶ᠎ᠡ ᠵᠢᠨ ᠣᠨᠴᠠᠯᠢᠭ ᠢ ᠬᠡᠷᠬᠢᠨ ᠲᠣᠪᠣᠢᠯᠭᠠᠬᠤ ᠪᠣᠶ》᠂ 《ᠴᠥᠭᠡᠨ ᠲᠣᠭᠠᠨ ᠲᠦ᠍ ᠦᠨᠳᠦᠰᠦᠲᠡᠨ ᠦ ᠦᠰᠥᠭ ᠪᠢᠴᠢᠭ ᠦᠨ ᠰᠣᠨᠢᠨ ᠤ ᠲᠤᠰ ᠦᠨᠳᠦᠰᠦᠲᠡᠨ ᠦ ᠤᠯᠤᠰ ᠲᠦᠷᠥ᠂ ᠠᠵᠤ ᠠᠬᠤᠶ᠂ ᠰᠣᠶᠤᠯ ᠪᠠ ᠪᠦᠬᠦᠢᠯᠡ ᠨᠡᠢᠭᠡᠮ ᠦᠨ ᠬᠥᠭᠵᠢᠯᠲᠡ ᠳ᠋ᠦ᠍ ᠦᠵᠡᠭᠦᠯᠬᠦ ᠦᠢᠯᠡᠳᠦᠯ》᠂ 《ᠮᠣᠩᠭᠤᠯ ᠬᠡᠯᠡᠨ ᠦ 《 ᠰᠣᠨᠢᠨ ᠮᠡᠳᠡᠭᠡᠨ ᠦ ᠰᠤᠳᠤᠯᠤᠯ》 ᠰᠡᠳᠭᠦᠯ ᠦ᠋ᠨ ᠬᠡᠪᠯᠡᠯ ᠡᠬᠢᠯᠡᠬᠦ ᠦᠭᠡ》᠂ 《 ᠰᠢᠨᠵᠢᠯᠡᠬᠦ ᠤᠬᠠᠭᠠᠨᠴᠢ ᠣᠨᠤᠯ ᠢ᠋ᠶ᠋ᠠᠷ ᠬᠥᠮᠦᠰ ᠢ᠋ ᠵᠡᠪᠰᠡᠭᠯᠡᠵᠦ ᠵᠥᠪ ᠶᠠᠷᠢᠶ᠎ᠠ ᠬᠡᠯᠡᠯᠴᠡᠭᠡ ᠪᠡᠷ ᠬᠥᠮᠦᠰ ᠢ᠋ ᠵᠢᠯᠤᠭᠤᠳ ᠴᠤ᠌ ᠮᠣᠩᠭᠤᠯ ᠰᠣᠨᠢᠨ ᠢᠶᠠᠨ ᠨᠠᠩ ᠰᠠᠢ ᠲᠦ᠍ᠷ ᠡᠷᠬᠢᠯᠡᠬᠦ ᠪᠡᠷ ᠴᠢᠷᠮᠠᠢᠰᠤᠭᠠᠢ》᠂ 《ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯ ᠤᠨ ᠮᠡᠳᠡᠭᠡᠯᠡᠬᠦ ᠠᠵᠢᠯ ᠢᠶᠠᠨ ᠰᠠᠢ ᠲᠦ᠍ᠷ ᠬᠢᠰᠦᠭᠡᠢ》 ᠵᠡᠷᠭᠡ ᠥᠭᠦᠯᠡᠯ ᠢ᠋ᠶ᠋ᠡᠨ 《 ᠰᠣᠨᠢᠨ ᠮᠡᠳᠡᠭᠡᠨ ᠦ ᠰᠤᠳᠤᠯᠤᠯ》᠂ 《 ᠰᠣᠨᠢᠨ ᠮᠡᠳᠡᠭᠡᠯᠡᠯ ᠦᠨ ᠰᠦᠪᠡᠭᠴᠢᠯᠡᠯ》 ᠰᠡᠳᠭᠦᠯ ᠳ᠋ᠦ᠍ ᠨᠡᠢᠲᠡᠯᠡᠭᠦᠯᠪᠡ᠃ 40 ᠭᠠᠷᠤᠶ ᠵᠢᠯ ᠦᠨ ᠲᠦ᠍ᠷᠰᠢ ᠦᠯᠡᠮᠵᠢᠬᠡᠨ ᠮᠡᠳᠡᠭᠡ᠂ ᠴᠢᠮᠡᠭᠡᠯᠡᠯ᠂ ᠰᠤᠷᠪᠤᠯᠵᠢᠯᠠᠭ᠎ᠠ᠂ ᠰᠢᠭᠦᠮᠵᠢ᠂ ᠪᠠᠢᠴᠠᠭᠠᠯᠲᠠ ᠵᠢᠨ ᠮᠡᠳᠡᠭᠦᠯᠦᠯᠲᠡ ᠪᠠ ᠣᠷᠴᠢᠭᠤᠯᠭ᠎ᠠ ᠵᠢᠨ ᠡᠬᠡ ᠪᠢᠴᠢᠭ ᠢᠶᠡᠨ ᠰᠣᠨᠢᠨ ᠳᠤ ᠨᠡᠢᠲᠡᠯᠡᠭᠦᠯᠪᠡ᠃ 1986 ᠣᠨ ᠳᠤ ᠬᠠᠮᠲᠤᠷᠠᠨ ᠪᠢᠴᠢᠭᠰᠡᠨ 《ᠲᠠᠯ᠎ᠠ ᠨᠤᠲᠤᠭ ᠲᠦ᠍ ᠳᠡᠯᠭᠡᠷᠡᠭᠰᠡᠨ ᠠᠩᠬᠢᠯᠤᠮ᠎ᠠ ᠴᠡᠴᠡᠭ》 ᠭᠡᠬᠦ ᠴᠢᠮᠡᠭᠡᠯᠡᠯ ᠨᠢ ᠥᠪᠦᠷ ᠮᠣᠩᠭᠤᠯ ᠤ᠋ᠨ ᠰᠠᠵᠢᠨ ᠰᠣᠨᠢᠨ ᠮᠡᠳᠡᠭᠡᠨ ᠦ ᠨᠢᠭᠡᠳᠦᠭᠡᠷ ᠲᠠᠰ ᠤᠨ ᠱᠠᠩᠨᠠᠯ .. 1987 ᠣᠨ ᠳᠤ ᠪᠢᠴᠢᠭᠰᠡᠨ 《ᠬᠠᠷᠢᠴᠠᠭᠤᠯᠤᠯ ᠪᠠ ᠪᠣᠳᠤᠯᠭᠠᠰᠢᠷᠠᠯ》 ᠭᠡᠬᠦ ᠵᠣᠬᠢᠶᠠᠯ ᠨᠢ ᠥᠪᠦᠷ ᠮᠣᠩᠭᠤᠯ ᠤ᠋ᠨ ᠰᠠᠵᠢᠨ ᠮᠡᠳᠡᠭᠡᠨ ᠦ ᠨᠢᠭᠡᠳᠦᠭᠡᠷ ᠲᠠᠰ ᠤᠨ ᠱᠠᠩᠨᠠᠯ ᠪᠠ ᠪᠦᠬᠥ ᠤᠯᠤᠰ ᠤᠨ ᠮᠣᠩᠭᠤᠯ ᠰᠣᠨᠢᠨ ᠤ ᠰᠠᠵᠢᠨ ᠰᠣᠨᠢᠨ ᠮᠡᠳᠡᠭᠡᠨ ᠦ ᠬᠣᠶᠠᠳᠤᠭᠠᠷ ᠲᠠᠰ ᠤᠨ ᠱᠠᠩᠨᠠᠯ ᠬᠦᠷᠲᠡᠪᠡ᠃ 《ᠨᠥᠬᠦᠷᠯᠡᠯ ᠦ᠋ᠨ ᠴᠡᠴᠡᠭ ᠥᠩᠭᠡ ᠢᠯᠭᠠᠷᠠᠨ ᠮᠥᠷᠦᠢᠴᠡᠨ ᠮᠢᠷᠠᠯᠵᠠᠨ ᠳᠡᠯᠭᠡᠷᠡᠨᠡᠮ —— ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠲᠦ᠍ ᠠᠢᠯᠴᠢᠯᠠᠭᠰᠠᠨ ᠰᠤᠯᠠ ᠲᠡᠮᠳᠡᠭᠯᠡᠯ》᠂ 《ᠠᠷᠠᠳ ᠤᠨ ᠰᠡᠳᠭᠢᠯ ᠳ᠋ᠦ᠍ ᠰᠦᠮᠪᠦᠷᠯᠡᠭᠰᠡᠨ ᠠᠷᠤᠤᠬᠠᠨ ᠬᠥᠰᠢᠶ᠎ᠡ》 ᠵᠡᠷᠭᠡ ᠴᠢᠮᠡᠭᠡᠯᠡᠯ ᠦᠳ ᠨᠢ ᠴᠤ᠌ ᠰᠠᠵᠢᠨ ᠨᠥᠯᠦᠭᠡ ᠲᠦ᠍ᠰᠬᠠᠯ ᠲᠠᠢ᠃ ᠥᠪᠦᠷ ᠮᠣᠩᠭᠤᠯ ᠤ᠋ᠨ ᠰᠤᠷᠪᠤᠯᠵᠢᠯᠠᠭᠴᠢᠳ ᠤᠨ ᠨᠡᠢᠭᠡᠮᠯᠢᠭ ᠦᠨ ᠪᠠᠢᠩᠭᠤ ᠵᠢᠨ ᠭᠡᠰᠢᠭᠦᠨ᠂ ᠳᠡᠳ᠋ ᠲᠡᠷᠢᠭᠦᠯᠡᠭᠴᠢ᠂ ᠪᠦᠬᠥ ᠤᠯᠤᠰ ᠤᠨ ᠮᠣᠩᠭᠤᠯ ᠰᠣᠨᠢᠨ ᠤ ᠰᠠᠵᠢᠨ ᠰᠣᠨᠢᠨ ᠮᠡᠳᠡᠭᠡ ᠰᠢᠯᠭᠠᠷᠠᠭᠤᠯᠬᠤ ᠺᠣᠮᠢᠰ ᠤᠨ ᠡᠷᠬᠢᠯᠡᠭᠴᠢ ᠭᠡᠰᠢᠭᠦᠨ᠂ 《 ᠰᠣᠨᠢᠨ ᠮᠡᠳᠡᠭᠡᠨ ᠦ ᠰᠤᠳᠤᠯᠤᠯ》᠂ 《 ᠰᠣᠨᠢᠨ ᠮᠡᠳᠡᠭᠡᠯᠡᠯ ᠦᠨ ᠰᠦᠪᠡᠭᠴᠢᠯᠡᠯ》 ᠰᠡᠳᠭᠦᠯ ᠦ᠋ᠨ ᠮᠣᠩᠭᠤᠯ ᠬᠡᠪᠯᠡᠯ ᠦᠨ ᠭᠣᠣᠯ ᠨᠠᠢᠷᠠᠭᠤᠯᠤᠭᠴᠢ ᠪᠠᠷ ᠠᠵᠢᠯᠯᠠᠵᠤ ᠪᠠᠢᠪᠠ᠃ ᠭᠣᠣᠯ ᠨᠠᠢᠷᠠᠭᠤᠯᠤᠭᠴᠢ ᠵᠢᠨ ᠬᠤᠪᠢ ᠪᠠᠷ 《ᠰᠢᠯᠢᠳᠡᠭ ᠰᠣᠨᠢᠨ ᠮᠡᠳᠡᠭᠡᠯᠡᠯ ᠦᠨ ᠲᠡᠭᠦᠪᠦᠷᠢ》᠂ ᠨᠠᠢᠷᠠᠭᠤᠯᠬᠤ ᠺᠣᠮᠢᠰ ᠤᠨ ᠳᠡᠳ᠋ ᠡᠷᠬᠢᠯᠡᠭᠴᠢ ᠵᠢᠨ ᠬᠤᠪᠢ ᠪᠠᠷ 《ᠥᠪᠦᠷ ᠮᠣᠩᠭᠤᠯ ᠤ᠋ᠨ ᠡᠳᠦᠷ ᠦᠨ ᠰᠣᠨᠢᠨ ᠤ ᠳᠡᠪᠵᠢᠨ ᠵᠢᠯ》 ( ᠬᠢᠲᠠᠳ ᠬᠡᠪᠯᠡᠯ ) ᠭᠡᠬᠦ ᠨᠣᠮ ᠢ ᠬᠡᠪᠯᠡᠭᠦᠯᠪᠡ᠃
Copyight 2016 by nmgmzw.gov.cn All Rights Reserved