ᠨᠡᠷ᠎ᠡ:
ᠰᠦᠷᠦᠩ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰᠦᠷᠦᠩ ( 1927 ~ ) ᠬᠢᠨᠠᠨ ᠣᠷᠴᠢᠭᠤᠯᠤᠭᠴᠢ᠃ ᠨᠣᠷᠪᠣᠰᠣᠶᠷᠣᠩ᠂ ᠨᠣᠷᠪᠤ ᠭᠡᠰᠡᠨ ᠨᠡᠷ᠎ᠡ ᠬᠡᠷᠡᠭᠯᠡᠵᠦ ᠥᠩᠭᠡᠷᠡᠪᠡ᠃ ᠥᠪᠦᠷ ᠮᠣᠩᠭᠤᠯ ᠤ᠋ᠨ ᠬᠥᠯᠦᠨ ᠪᠤᠢᠷ ᠠᠢᠮᠠᠭ ᠤᠨ ᠡᠸᠡᠩᠬᠢ ᠬᠣᠰᠢᠭᠤᠨ ᠳᠤ ᠲᠦᠷᠥᠪᠡ᠃ 1943 ᠣᠨ ᠳᠤ ᠶᠠᠫᠣᠨ ᠳᠤ ᠣᠴᠢᠵᠤ᠂ ᠮᠥᠷᠢ ᠤᠺᠠ ᠬᠣᠲᠠ ᠵᠢᠨ ᠢᠸᠠᠲ᠋ᠠᠶ ᠪᠠᠭᠰᠢ ᠵᠢᠨ ᠰᠤᠷᠭᠠᠭᠤᠯᠢ ᠪᠠ ᠨᠢᠭᠠᠲ᠋ᠠ ᠬᠣᠶᠠᠳᠤᠭᠠᠷ ᠪᠠᠭᠰᠢ ᠵᠢᠨ ᠰᠤᠷᠭᠠᠭᠤᠯᠢ ᠳᠤ ᠰᠤᠷᠤᠯᠴᠠᠵᠠᠶ᠃ 1945 ᠣᠨ ᠳᠤ ᠤᠯᠤᠰ ᠲᠠᠭᠠᠨ ᠪᠤᠴᠠᠵᠤ ᠢᠷᠡᠪᠡ᠃ 1946 ᠣᠨ ᠳᠤ ᠠᠵᠢᠯ ᠤᠨ ᠪᠠᠢᠷᠢ ᠳᠤ ᠭᠠᠷ ᠴᠤ᠌᠂ ᠪᠠᠭᠰᠢ ᠵᠢᠨ ᠠᠵᠢᠯ᠂ ᠵᠠᠰᠠᠭ ᠵᠠᠬᠢᠷᠭᠠᠨ ᠤ ᠠᠵᠢᠯ ᠬᠢᠪᠡ᠃ 1948 ᠣᠨ ᠳᠤ᠂ ᠥᠪᠦᠷ ᠮᠣᠩᠭᠤᠯ ᠤ᠋ᠨ ᠴᠡᠷᠢᠭ ᠵᠠᠰᠠᠭ ᠤᠨ ᠶᠡᠬᠡ ᠰᠤᠷᠭᠠᠭᠤᠯᠢ ᠳᠤ ᠰᠤᠷᠤᠯᠴᠠᠵᠤ᠂ ᠲᠡᠭᠦᠰᠦᠭᠰᠡᠨ ᠦ ᠬᠣ ᠰᠢᠨ᠎ᠡ ᠥᠪᠦᠷ ᠮᠣᠩᠭᠤᠯ ᠤ᠋ᠨ ᠬᠥᠯᠦᠨ ᠨ ᠤᠨ ᠠᠢᠮᠠᠭ ᠤᠨ ᠵᠠᠰᠠᠭ ᠤᠨ ᠣᠷᠳᠤᠨ ᠤ᠋ ᠰᠣᠶᠤᠯ ᠰᠤᠷᠭᠠᠨ ᠬᠥᠮᠦᠵᠢᠯ ᠦ᠋ᠨ ᠭᠠᠵᠠᠷ ᠠᠵᠢᠯᠯᠠᠵᠠᠶ᠃ 1949 ᠣᠨ ᠤ l ] ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠵᠢᠨ ᠰᠤᠷᠭᠠᠨ ᠬᠥᠮᠦᠵᠢᠯ ᠦ᠋ᠨ ᠲᠤᠰᠭᠠᠢ ᠮᠡᠷᠭᠡᠵᠢᠯ ᠦᠨ ᠬᠢᠴᠢᠶᠡᠯ ᠢ ᠬᠣᠶᠠᠷ ᠵᠢᠯ ᠰᠤᠷᠤᠯᠴᠠᠵᠤ ᠢᠷᠡᠭᠰᠡᠨ ᠦ ᠬᠣ ᠰᠢᠨ᠎ᠡ ᠥᠪᠦᠷ ᠮᠣᠩᠭᠤᠯ ᠤ᠋ᠨ ᠰᠣᠶᠤᠯ ᠰᠤᠷᠭᠠᠨ ᠬᠥᠮᠦᠵᠢᠯ ᠦ᠋ᠨ ᠬᠡᠯᠲᠡᠰ ᠲᠦ ᠠᠵᠢᠯᠯᠠᠵᠤ᠂ 《ᠥᠪᠦᠷ ᠮᠣᠩᠭᠤᠯ ᠤ᠋ᠨ ᠰᠤᠷᠭᠠᠨ ᠬᠥᠮᠦᠵᠢᠯ》 ᠰᠡᠳᠭᠦᠯ ᠢ᠋ ᠡᠷᠬᠢᠯᠡᠨ ᠪᠠᠢᠭᠤᠯᠪᠠ᠃ 1953 ᠣᠨ ᠠᠴᠠ ᠨᠠᠢᠷᠠᠭᠤᠯᠬᠤ᠂ ᠣᠷᠴᠢᠭᠤᠯᠬᠤ ᠠᠵᠢᠯ ᠬᠢᠵᠦ᠂ 《ᠥᠪᠦᠷ ᠮᠣᠩᠭᠤᠯ ᠤ᠋ᠨ ᠰᠤᠷᠭᠠᠨ ᠬᠥᠮᠦᠵᠢᠯ》 ( ᠮᠣᠩᠭᠤᠯ ᠬᠡᠪᠯᠡᠯ ) ᠰᠡᠳᠭᠦᠯ ᠦ᠋ᠨ ᠬᠠᠷᠢᠭᠤᠴᠠᠯᠭᠠᠲᠠᠨ᠂ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶᠠᠨ ᠤ᠋ ᠰᠤᠷᠬᠤ ᠪᠢᠴᠢᠭ ᠨᠠᠢᠷᠠᠭᠤᠯᠬᠤ ᠬᠡᠷ ᠦᠨ ᠳᠡᠳ᠋ ᠡᠷᠬᠢᠯᠡᠭᠴᠢ᠂ ᠤᠳᠭ᠎ᠠ ᠵᠣᠬᠢᠶᠠᠯ ᠤᠷᠠᠯᠢᠭ ᠤᠨ ᠪᠢᠴᠢᠭ ᠨᠠᠢᠷᠠᠭᠤᠯᠬᠤ ᠬᠡᠷ ᠦᠨ ᠡᠷᠬᠢᠯᠡᠭᠴᠢ ᠪᠠᠢᠬᠤ ᠳᠠᠭᠠᠨ ᠣᠷᠴᠢᠭᠤᠯᠬᠤ᠂ ᠬᠢᠨᠠᠵᠤ ᠲᠣᠭᠲᠠᠭᠠᠬᠤ ᠮᠡᠲᠦ ᠵᠢᠨ ᠠᠵᠢᠯ ᠢ ᠵᠣᠬᠢᠶᠠᠨ ᠪᠠᠢᠭᠤᠯᠵᠤ ᠮᠠᠰᠢ ᠣᠯᠠᠨ ᠡᠷᠲᠡ ᠡᠳᠦᠭᠡ ᠭᠠᠳᠠᠭᠠᠳᠤ ᠳᠣᠲᠤᠭᠠᠳᠤ ᠵᠢᠨ ᠰᠢᠯᠢᠳᠡᠭ ᠵᠣᠬᠢᠶᠠᠯ ᠪᠦᠲᠦᠭᠡᠯ ᠢ ᠬᠡᠪᠯᠡᠭᠦᠯᠪᠡ᠃ 1961 ᠣᠨ ᠳᠤ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶ᠎ᠠ ᠵᠢᠨ ᠳᠡᠳ᠋ ᠶᠡᠷᠦᠩᠬᠡᠶ ᠨᠠᠢᠷᠠᠭᠤᠯᠤᠭᠴᠢ ᠵᠢᠨ ᠲᠤᠰᠢᠶᠠᠯ ᠳᠤ ᠳᠠᠪᠰᠢᠵᠤ᠂ ᠤᠯᠤᠰ ᠲᠦᠷᠥ᠂ ᠤᠳᠭ᠎ᠠ ᠤᠷᠠᠯᠢᠭ᠂ ᠰᠣᠶᠤᠯ ᠰᠤᠷᠭᠠᠨ ᠬᠥᠮᠦᠵᠢᠯ ᠪᠣᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠮᠣᠩᠭᠤᠯ ᠪᠢᠴᠢᠭ ᠢ ᠬᠢᠨᠠᠵᠤ ᠲᠣᠭᠲᠠᠭᠠᠬᠤ᠂ ᠣᠷᠴᠢᠭᠤᠯᠭ᠎ᠠ ᠵᠢᠨ ᠬᠢᠨᠠᠨ ᠬᠠᠷᠭᠤᠭᠤᠯᠤᠯᠲᠠ ᠶᠢ ᠬᠠᠷᠢᠭᠤᠴᠠᠵᠤ ᠪᠠᠢᠪᠠ᠃ ᠡᠨᠡ ᠬᠤᠭᠤᠴᠠᠭᠠᠨ ᠳᠤ ᠪᠦᠬᠥ ᠤᠯᠤᠰ ᠤᠨ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠪᠣᠯ ᠤᠨ ᠮᠠᠤ ᠽᠸ ᠳ᠋ᠦᠩ᠂ ᠵᠧᠦ ᠡᠸᠨ ᠯᠠᠶ᠂ ᠯᠢ ᠰᠢᠶᠠᠨ ᠨᠢᠶᠠᠨ᠂ ᠤᠯᠠᠭᠠᠨᠭᠦᠦ ᠵᠡᠷᠭᠡ ᠨᠠᠮ᠂ ᠲᠦᠷᠥ ᠵᠢᠨ ᠤᠳᠤᠷᠢᠳᠬᠤ ᠨᠤᠭᠤᠳ ᠭᠠᠳᠠᠭᠠᠳᠤ ᠵᠢᠨ ᠵᠣᠴᠢᠳ ᠢ ᠭᠦᠯᠢᠶᠡᠨ ᠠᠪ ᠴᠤ᠌ ᠠᠭᠤᠯᠵᠠᠬᠤ ᠳᠤ ᠪᠢᠷ ᠪᠠ ᠠᠮᠠᠨ ᠣᠷᠴᠢᠭᠤᠯᠭ᠎ᠠ ᠬᠢᠵᠦ ᠥᠩᠭᠡᠷᠡᠭᠰᠡᠨ ᠢ᠋ᠶ᠋ᠡᠷ ᠪᠠᠷᠠᠬᠤ ᠦᠬᠡᠶ ᠮᠠᠨ ᠤ ᠤᠯᠤᠰ ᠤᠨ ᠨᠠᠮ ᠲᠦᠷᠥ ᠵᠢᠨ ᠲᠥᠯᠦᠭᠡᠯᠡᠭᠴᠢᠳ ᠦ᠋ᠨ ᠪᠦᠯᠬᠦᠮ ᠭᠠᠳᠠᠭ᠎ᠠ ᠳ᠋ᠡᠬᠢ ᠭᠠᠷ ᠴᠤ᠌ ᠠᠢᠯᠴᠢᠯᠠᠬᠤ ᠳᠤ ᠣᠷᠴᠢᠭᠤᠯᠤᠭᠴᠢ ᠪᠣᠯᠵᠤ ᠶᠠᠪᠤᠵᠠᠢ᠃ 1959 ᠣᠨ ᠳᠤ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠢᠭᠡᠮᠯᠢᠭ ᠦᠨ ᠥᠪᠦᠷ ᠮᠣᠩᠭᠤᠯ ᠳ᠋ᠠᠬᠢ ᠰᠠᠯᠪᠤᠷᠢ ᠬᠤᠷᠠᠯ ᠤᠨ ᠭᠡᠰᠢᠭᠦᠨ ᠪᠣᠯᠵᠤ᠂ ᠳᠠᠷᠠᠭ᠎ᠠ ᠵᠢᠯ ᠨᠢ ᠲᠤᠰ ᠰᠠᠯᠪᠤᠷᠢ ᠬᠤᠷᠠᠯ ᠤᠨ ᠬᠡᠷᠡᠭ ᠮᠡᠳᠡᠭᠴᠢ ᠪᠣᠯᠵᠠᠢ᠃ 962 ᠣᠨ ᠳᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠤᠳᠭ᠎ᠠ ᠵᠣᠬᠢᠶᠠᠯ ᠤᠨ ᠣᠷᠴᠢᠭᠤᠯᠭ᠎ᠠ ᠵᠢᠨ ᠨᠢᠭᠡᠳᠦᠭᠡᠷ ᠲᠠᠰ ᠤᠨ ᠱᠠᠩᠨᠠᠯ ᠬᠦᠷᠲᠡᠪᠡ᠃ 1973 ᠣᠨ ᠳᠤ᠂ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶ᠎ᠠ ᠵᠢᠨ ᠳᠡᠳ᠋ ᠬᠣᠷᠢᠶᠠᠨ ᠳᠠᠷᠤᠭ᠎ᠠ᠂ ᠳᠡᠳ᠋ ᠶᠡᠷᠦᠩᠬᠡᠶ ᠨᠠᠢᠷᠠᠭᠤᠯᠤᠭᠴᠢ ᠪᠣᠯᠵᠠᠢ᠃ 1975 ᠣᠨ ᠳᠤ᠂ ᠲᠥᠪ ᠦ᠋ᠨ ᠦᠨᠳᠦᠰᠦᠲᠡᠨ ᠦ ᠬᠡᠯᠡ ᠪᠢᠴᠢᠭ ᠤᠬᠠᠭᠤᠯᠬᠤ ᠲᠣᠪᠴᠢᠶᠠᠨ ᠳᠤ ᠠᠵᠢᠯ ᠰᠢᠯᠵᠢᠵᠦ᠂ ᠮᠣᠩᠭᠤᠯ ᠬᠡᠯᠡ ᠪᠡᠷ ᠣᠷᠴᠢᠭᠤᠯᠬᠤ ᠬᠡᠷ ᠦᠨ ᠡᠷᠬᠢᠯᠡᠭᠴᠢ᠂ ᠳᠡᠳ᠋ ᠲᠣᠪᠴᠢᠶᠠᠨ ᠳᠠᠷᠤᠭ᠎ᠠ ᠵᠢᠨ ᠲᠤᠰᠢᠶᠠᠯ ᠬᠠᠷᠢᠭᠤᠴᠠᠵᠤ᠂ ᠮᠠᠷᠺᠰ ᠯᠧᠨᠢᠨ ᠦ ᠵᠣᠬᠢᠶᠠᠯ᠂ ᠮᠠᠤ ᠽᠸ ᠳ᠋ᠦᠩ ᠦᠨ ᠵᠣᠬᠢᠶᠠᠯ ᠪᠣᠯ ᠤᠨ ᠮᠠᠨ ᠤ ᠤᠯᠤᠰ ᠤᠨ ᠠᠬᠠᠮᠠᠳ ᠦᠶ᠎ᠡ ᠵᠢᠨ ᠦᠭᠡᠢᠭᠦᠦ ᠠᠩᠭᠢ ᠵᠢᠨ ᠬᠤᠪᠢᠰᠬᠠᠯᠴᠢᠳ ᠵᠢᠴᠢ ᠨᠠᠮ ᠪᠠ ᠲᠦᠷᠥ ᠵᠢᠨ ᠴᠢᠬᠤᠯᠠ ᠰᠤᠷᠪᠤᠯᠵᠢ ᠪᠢᠴᠢᠭ ᠢ ᠣᠷᠴᠢᠭᠤᠯᠬᠤ᠂ ᠬᠢᠨᠠᠵᠤ ᠲᠣᠭᠲᠠᠭᠠᠬᠤ ᠠᠵᠢᠯ ᠢ ᠬᠠᠷᠢᠭᠤᠴᠠᠵᠤ ᠪᠠᠢᠭᠰᠠᠨ ᠬᠤᠭᠤᠴᠠᠭᠠᠨ ᠳᠠᠭᠠᠨ ᠳᠤᠮᠳᠠᠳᠤ ᠤᠯᠤᠰ ᠤᠨ ᠣᠷᠴᠢᠭᠤᠯᠤᠭᠴᠢᠳ ᠤᠨ ᠨᠡᠢᠭᠡᠮᠯᠢᠭ ᠦᠨ ᠬᠡᠷᠡᠭ ᠮᠡᠳᠡᠭᠴᠢ᠂ ᠪᠡᠭᠡᠵᠢᠩ ᠦᠨ ᠣᠷᠴᠢᠭᠤᠯᠤᠭᠴᠢᠳ ᠤᠨ ᠨᠡᠢᠭᠡᠮᠯᠢᠭ ᠦᠨ ᠳᠡᠳ᠋ ᠳᠠᠷᠤᠭ᠎ᠠ ᠵᠢᠨ ᠲᠤᠰᠢᠶᠠᠯ ᠡᠭᠦᠷᠭᠡᠯᠡᠵᠦ ᠪᠠᠢᠪᠠ᠃ 1988 ᠣᠨ ᠳᠤ᠂ ᠨᠠᠰ ᠤᠨ ᠤ ᠠᠮᠠᠷᠠᠯᠲᠠ ᠪᠠᠨ ᠠᠪᠴᠠᠢ᠃ ᠣᠷᠴᠢᠭᠤᠯᠤᠭᠰᠠᠨ ᠵᠣᠬᠢᠶᠠᠯ ᠪᠦᠲᠦᠭᠡᠯ ᠳᠦ᠄ ᠭᠦᠸᠸ ᠮᠦᠧᠸ ᠿᠦᠸᠸ᠂ ᠮᠣᠣ ᠳ᠋ᠦᠨ ᠨᠡᠷ ᠦᠨ ᠤᠳᠭ᠎ᠠ ᠵᠣᠬᠢᠶᠠᠯ ᠤᠨ ᠣᠨᠤᠯ ᠤ᠋ᠨ ᠪᠢᠴᠢᠭ .. ᠶᠠᠩ ᠮᠦᠧᠸ ᠵᠢᠨ 《ᠵᠠᠯᠠᠭᠤ ᠨᠠᠰᠤᠨ ᠤ ᠳᠠᠭᠤᠯᠠᠯ》 .. ᠮᠠ ᠹᠧᠩ᠂ ᠿᠦ ᡁᠢ ᠵᠢᠤᠸᠭ᠂ ᠸᠠᠩ ᠸᠧᠨ ᠰ᠌ᠢ ᠨᠡᠷ ᠦᠨ ᠰᠢᠯᠢᠳᠡᠭ ᠥᠭᠦᠯᠡᠯᠭᠡ .. ᠹᠷᠠᠨᠼᠢ ᠵᠢᠨ ᠪᠠᠯᠵᠠᠺᠠ᠂ ᠡᠨᠡᠳᠬᠡᠭ ᠦᠨ ᠫᠷᠧᠮᠵᠠᠨᠳ᠋ ᠮᠡᠲᠦ ᠵᠢᠨ ᠭᠠᠳᠠᠭᠠᠳᠤ ᠵᠢᠨ ᠨᠠᠷᠠ ᠲᠦ᠍ ᠵᠣᠬᠢᠶᠠᠯᠴᠢᠳ ᠤᠨ ᠠᠯᠳᠠᠷ ᠲᠦ᠍ ᠥᠭᠦᠯᠡᠯᠭᠡ ᠵᠢᠨ ᠵᠣᠬᠢᠶᠠᠯ ᠤᠳ ᠪᠣᠶ᠃ 1987 ᠣᠨ ᠳᠤ᠂ 《ᠤᠳᠠᠭᠠᠨ ᠵᠢᠯ ᠬᠡᠪᠯᠡᠯ ᠦᠨ ᠠᠵᠢᠯ ᠬᠢᠭᠰᠡᠨ ᠢᠷᠠᠭᠤ ᠠᠯᠳᠠᠷ ᠤᠨ ᠦᠨᠡᠮᠯᠡᠯ》᠂ 1989 ᠣᠨ ᠳᠤ᠂ 《ᠤᠳᠠᠭᠠᠨ ᠵᠢᠯ ᠦᠨᠳᠦᠰᠦᠲᠡᠨ ᠦ ᠠᠵᠢᠯ ᠬᠢᠭᠰᠡᠨ ᠢᠷᠠᠭᠤ ᠠᠯᠳᠠᠷ ᠤᠨ ᠦᠨᠡᠮᠯᠡᠯ》 ᠢ ᠲᠦ᠍ᠰᠴᠠᠶ᠃ ᠲᠡᠭᠦᠨ ᠦ ᠨᠠᠮᠲᠠᠷ ᠢ 《ᠳᠤᠮᠳᠠᠳᠤ ᠤᠯᠤᠰ ᠤᠨ ᠣᠷᠴᠢᠭᠤᠯᠤᠭᠴᠢᠳ ᠤᠨ ᠲᠣᠯᠢ》᠂ 《ᠳᠤᠮᠳᠠᠳᠤ ᠤᠯᠤᠰ ᠤᠨ ᠬᠡᠪᠯᠡᠯ ᠦᠨ ᠨᠠᠷᠠ ᠲᠦ᠍ ᠬᠥᠮᠦᠰ ᠦ᠋ᠨ ᠲᠣᠯᠢ》᠂ 《ᠳᠤᠮᠳᠠᠳᠤ ᠤᠯᠤᠰ ᠤᠨ ᠴᠥᠭᠡᠨ ᠲᠣᠭᠠᠨᠲᠦ᠍ ᠦᠨᠳᠦᠰᠦᠲᠡᠨ ᠦ ᠲᠤᠰᠭᠠᠢ ᠮᠡᠷᠭᠡᠵᠢᠯᠲᠡᠨ ᠡᠷᠳᠡᠮᠲᠡᠳ ᠦᠨ ᠲᠣᠯᠢ》 ᠳᠤ ᠲᠡᠮᠳᠡᠭᠯᠡᠵᠦ ᠪᠣᠶ᠃ ( ᠣᠶ ᠤᠨ )
Copyight 2016 by nmgmzw.gov.cn All Rights Reserved