ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠣᠯᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠣᠯᠢ ( 1927 ~ ) ᠬᠢᠨᠠᠨ ᠣᠷᠴᠢᠭᠤᠯᠤᠭᠴᠢ᠃ ᠥᠪᠦᠷ ᠮᠣᠩᠭᠤᠯ ᠤ᠋ᠨ ᠵᠢᠷᠢᠮ ᠠᠢᠮᠠᠭ  ᠤᠨ ᠨᠠᠢ᠍ᠮᠠᠨ ᠬᠣᠰᠢᠭᠤᠨ ᠳᠤ ᠲᠥᠷᠦᠵᠡᠢ᠃ ᠤᠭ ᠨᠡᠷ᠎ᠡ ᠨᠢ ᠠᠮᠤᠷᠰᠠᠢᠲᠦ᠍ ᠭᠡᠳᠡᠭ᠃ 1947 ᠣᠨ ᠤ 3 ᠰᠠᠷ᠎ᠠ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠬᠥᠳᠡᠯᠭᠡᠭᠡᠨ ᠦ᠌ ᠨᠠᠢ᠍ᠮᠠᠨ ᠬᠣᠰᠢᠭᠤᠨ ᠳᠠᠬᠢ ᠠᠵᠢᠯ  ᠤᠨ ᠰᠠᠯᠪᠤᠷᠢ ᠳᠤ ᠣᠷᠤᠯᠴᠠᠵᠤ ᠬᠦᠦ ᠲᠦᠷᠢᠶᠡᠰᠦ ᠬᠥᠩᠭᠡᠯᠡᠬᠦ ᠪᠠ ᠭᠠᠵᠠᠷ ᠰᠢᠷᠣᠶ  ᠵᠢᠨ ᠥᠭᠡᠷᠡᠴᠢᠯᠡᠯᠲᠡ   ᠵᠢᠨ ᠠᠵᠢᠯ ᠬᠢᠵᠦ ᠪᠠᠢᠭᠰᠠᠨ ᠢᠶᠠᠨ 6 ᠳ᠋ᠤᠭᠠᠷ ᠰᠠᠷ᠎ᠠ  ᠠᠴᠠ ᠬᠣᠢᠰᠢ ᠥᠪᠦᠷ ᠮᠣᠩᠭᠤᠯ ᠤ᠋ᠨ ᠴᠡᠷᠢᠭ ᠦᠨ ᠤᠯᠤᠰ ᠲᠦᠷᠥ  ᠵᠢᠨ ᠶᠡᠬᠡ ᠰᠤᠷᠭᠠᠭᠤᠯᠢ᠂ ᠳᠠᠷᠠᠭ᠎ᠠ ᠨᠢ ᠳᠤᠮᠳᠠᠳᠤ ᠤᠯᠤᠰ  ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠳᠤ ᠣᠷᠤᠯᠴᠠᠪᠠ᠃ 1950 ᠣᠨ ᠳᠤ ᠲᠥᠪ ᠦ᠋ᠨ ᠠᠷᠠᠳ  ᠤᠨ ᠷᠠᠳᠢᠣ᠋ ᠨᠡᠪᠲᠡᠷᠡᠭᠦᠯᠭᠡ  ᠵᠢᠨ ᠬᠣᠷᠢᠶ᠎ᠠ ᠳᠤ ᠠᠵᠢᠯ ᠰᠢᠯᠵᠢᠨ ᠮᠣᠩᠭᠤᠯ ᠨᠡᠪᠲᠡᠷᠡᠭᠦᠯᠭᠡ  ᠵᠢᠨ ᠣᠷᠴᠢᠭᠤᠯᠤᠭᠴᠢ᠂ ᠨᠡᠪᠲᠡᠷᠡᠭᠦᠯᠦᠭᠴᠢ ᠪᠠᠢᠪᠠ᠃ 196I ᠣᠨ ᠳᠤ 《ᠪᠡᠭᠡᠵᠢᠩ ᠦᠨ ᠷᠠᠳᠢᠣ᠋ ᠬᠣᠷᠢᠶ᠎ᠠ》 ᠳᠤ ᠰᠢᠯᠵᠢᠵᠦ ᠣᠯᠠᠨ ᠤᠯᠤᠰ  ᠤᠨ ᠷᠠᠳᠢᠣ᠋  ᠵᠢᠨ ᠮᠣᠩᠭᠤᠯ ᠬᠡᠯᠡᠨ ᠦ ᠨᠡᠪᠲᠡᠷᠡᠭᠦᠯᠭᠡ ᠶᠢ ᠡᠬᠢᠯᠡᠭᠦᠯᠬᠦ ᠪᠡᠯᠡᠳᠭᠡᠯ ᠠᠵᠢᠯ ᠬᠢᠵᠠᠶ᠃ 1962 ᠣᠨ ᠳᠤ ᠥᠪᠦᠷ ᠮᠣᠩᠭᠤᠯ ᠤ᠋ᠨ ᠷᠠᠳᠢᠣ᠋ ᠬᠣᠷᠢᠶ᠎ᠠ ᠳᠤ ᠰᠢᠯᠵᠢᠵᠦ ᠮᠣᠩᠭᠤᠯ ᠰᠣᠨᠢᠨ ᠮᠡᠳᠡᠭᠡᠨ ᠦ ᠳᠡᠳ᠋ ᠳᠠᠷᠤᠭ᠎ᠠ ᠪᠣᠯᠪᠠ᠃ 1964 ᠣᠨ ᠳᠤ ᠳᠤᠮᠳᠠᠳᠤ ᠤᠯᠤᠰ  ᠤᠨ ᠣᠯᠠᠨ ᠤᠯᠤᠰ  ᠤᠨ ᠷᠠᠳᠢᠣ᠋ ᠬᠣᠷᠢᠶ᠎ᠠ ᠳᠤ ᠪᠤᠴᠠᠨ ᠮᠣᠩᠭᠤᠯ ᠬᠡᠯᠡᠨ ᠦ ᠳᠤ ᠢ ᠡᠭᠦᠰᠭᠡᠨ ᠪᠠᠢᠭᠤᠯᠬᠤ ᠳᠤ ᠣᠷᠤᠯᠴᠠᠵᠤ ᠮᠣᠩᠭᠤᠯ ᠨᠡᠪᠲᠡᠷᠡᠭᠦᠯᠭᠡ ᠶᠢ ᠡᠬᠢᠯᠡᠭᠦᠯᠪᠡ᠃ ᠳᠡᠳ᠋ ᠳᠡᠳ᠋ ᠳᠠᠷᠤᠭ᠎ᠠ᠂ ᠳᠠᠷᠤᠭ᠎ᠠ ᠪᠠᠢᠭᠰᠠᠨ ᠢᠶᠠᠨ ᠳᠣᠷᠣᠨᠠ   ᠲᠦ᠍ ᠡᠸᠦᠷᠦᠫᠡ  ᠵᠢᠨ ᠬᠣᠶᠠᠳᠤᠭᠠᠷ ᠬᠡᠯᠲᠡᠰ ᠦᠨ ᠳᠡᠳ᠋ ᠳᠠᠷᠤᠭ᠎ᠠ  ᠵᠢᠨ ᠲᠤᠰᠢᠶᠠᠯ ᠳᠤ ᠭᠠᠷᠪᠠ᠃ 1991 ᠣᠨ ᠳᠤ ᠣᠯᠠᠨ ᠤᠯᠤᠰ  ᠤᠨ ᠷᠠᠳᠢᠣ᠋ ᠬᠣᠷᠢᠶᠠᠨ ᠤ᠋ ᠲᠣᠮᠢᠯᠠᠯᠲᠠ ᠪᠠᠷ ᠮᠣᠩᠭᠤᠯ ᠤᠯᠤᠰ  ᠤᠨ ᠷᠠᠳᠢᠣ᠋ ᠬᠣᠷᠢᠶᠠᠨ ᠳ᠋ᠤ᠌ ᠣᠴᠢᠵᠤ ᠬᠢᠲᠠᠳ ᠬᠡᠯᠡᠨ ᠦ ᠮᠡᠷᠭᠡᠵᠢᠯᠲᠡᠨ ᠢᠶᠡᠷ ᠨᠢᠭᠡ ᠵᠢᠯ ᠠᠵᠢᠯᠯᠠᠪᠠ᠃ ᠷᠠᠳᠢᠣ᠋ ᠰᠣᠨᠢᠨ ᠮᠡᠳᠡᠭᠡᠨ ᠦ ᠣᠷᠴᠢᠭᠤᠯᠭ᠎ᠠ᠂ ᠨᠠᠢᠷᠠᠭᠤᠯᠭ᠎ᠠ  ᠵᠢᠨ ᠠᠵᠢᠯ ᠢ ᠤᠳᠠᠭᠠᠨ ᠵᠢᠯ ᠬᠢᠵᠦ ᠶᠠᠪᠤᠬᠤ ᠳᠠᠭᠠᠨ ᠲᠡᠷᠡ ᠪᠦᠬᠥ ᠤᠯᠤᠰ  ᠤᠨ ᠠᠷᠠᠳ  ᠤᠨ ᠲᠥᠯᠦᠭᠡᠯᠡᠭᠴᠢᠳ ᠦ᠋ᠨ ᠶᠡᠬᠡ ᠬᠤᠷᠠᠯ ᠪᠠ ᠪᠦᠬᠥ ᠤᠯᠤᠰ  ᠤᠨ ᠨᠠᠮ  ᠤᠨ ᠲᠥᠯᠦᠭᠡᠯᠡᠭᠴᠢᠳ ᠦ᠋ᠨ ᠶᠡᠬᠡ ᠬᠤᠷᠠᠯ  ᠤᠨ ᠪᠢᠴᠢᠭ ᠮᠠᠲ᠋ᠧᠷᠢᠶᠠᠯ ᠢ ᠣᠷᠴᠢᠭᠤᠯᠵᠤ ᠺᠵᠢᠨᠠᠬᠤ .. 《ᠤᠯᠠᠭᠠᠨ    ᠲᠤᠭ》 ᠰᠡᠳᠭᠦᠯ᠂ 《ᠠᠷᠠᠳ  ᠤᠨ ᠡᠳᠦᠷ ᠦᠨ ᠰᠣᠨᠢᠨ》 ᠤ ᠴᠢᠬᠤᠯᠠ ᠴᠢᠬᠤᠯᠠ ᠬᠣᠷᠢᠶᠠᠨ ᠤ᠋ ᠥᠭᠦᠯᠡᠯ ᠢ᠋ ᠣᠷᠴᠢᠭᠤᠯᠵᠤ ᠬᠢᠨᠠᠬᠤ ᠠᠵᠢᠯ ᠳᠤ ᠣᠯᠠᠨᠲᠠ ᠪᠡᠶᠡᠴᠢᠯᠡᠨ ᠣᠷᠣᠯᠴᠠᠵᠠᠶ᠃ 1990 ᠣᠨ ᠳᠤ ᠤᠯᠤᠰ  ᠤᠨ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠡᠴᠡ ᠣᠯᠭᠤᠭᠰᠠᠨ 《ᠪᠦᠬᠥ ᠤᠯᠤᠰ  ᠤᠨ ᠦᠨᠳᠦᠰᠦᠲᠡᠨ ᠦ ᠪᠦᠯᠬᠦᠮᠳᠡᠯ ᠳᠠᠪᠰᠢᠯ  ᠤᠨ ᠲᠡᠷᠢᠭᠦᠨ ᠦ ᠬᠤᠪᠢ ᠬᠥᠮᠦᠨ》 ᠴᠣᠯᠠ ᠬᠦᠷᠲᠡᠵᠦ᠂ 1992 ᠣᠨ ᠳᠤ ᠲᠦᠷᠥ  ᠵᠢᠨ ᠶᠠᠪᠤᠳᠠᠯ  ᠤᠨ ᠬᠣᠷᠢᠶᠠᠨ ᠠ᠋ᠴᠠ ᠣᠨᠴᠠ ᠬᠤᠪᠢ ᠨᠡᠮᠡᠷᠢ ᠦᠵᠡᠭᠦᠯᠦᠭᠰᠡᠨ ᠡᠷᠳᠡᠮᠲᠡᠨ ᠦ ᠣᠯᠭᠤᠮᠵᠢ ᠶ᠋ᠢ ᠬᠦᠷᠲᠡᠵᠡᠶ᠃