ᠨᠡᠷ᠎ᠡ:
ᠲᠡᠯᠡᠶ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠲᠡᠯᠡᠶ ( 195L~ ) ᠪᠦᠬᠥ ᠤᠯᠤᠰ ᠤᠨ ᠬᠥᠳᠡᠯᠮᠦᠷᠢ ᠵᠢᠨ ᠵᠢᠱ᠌ᠢᠶᠡᠴᠢ᠂ ᠡᠷᠬᠢᠯᠡᠭᠴᠢ ᠨᠠᠢᠷᠠᠭᠤᠯᠤᠭᠴᠢ᠃ ᠥᠪᠦᠷ ᠮᠣᠩᠭᠤᠯ ᠤ᠋ᠨ ᠵᠠᠷᠤᠳ ᠬᠣᠰᠢᠭᠤᠨ ᠤ ᠬᠥᠮᠦᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1975 ᠣᠨ ᠳᠤ ᠥᠪᠦᠷ ᠮᠣᠩᠭᠤᠯ ᠤ᠋ᠨ ᠦᠨᠳᠦᠰᠦᠲᠡᠨ ᠦ ᠪᠠᠭᠰᠢ ᠵᠢᠨ ᠳᠡᠭᠡᠳᠦ ᠰᠤᠷᠭᠠᠭᠤᠯᠢ ᠵᠢᠨ ᠮᠣᠩᠭᠤᠯ ᠬᠡᠯᠡ ᠤᠳᠭ᠎ᠠ ᠵᠣᠬᠢᠶᠠᠯ ᠤᠨ ᠰᠠᠯᠪᠤᠷᠢ ᠠᠴᠠ ᠰᠤᠷᠤᠯᠭ᠎ᠠ ᠲᠡᠭᠦᠰᠭᠡᠭᠡᠳ 《ᠲᠦᠩᠯᠢᠶᠦᠦ ᠵᠢᠨ ᠡᠳᠦᠷ ᠦᠨ ᠰᠣᠨᠢᠨ》 ( ᠤᠤᠯ ᠤᠨ 《ᠵᠢᠷᠢᠮ ᠦᠨ ᠰᠣᠨᠢᠨ》 ) ᠤ ᠬᠣᠷᠢᠶ᠎ᠠ ᠳᠤ ᠬᠤᠪᠢᠶᠠᠭᠳᠠᠨ ᠠᠵᠢᠯᠯᠠᠪᠠ᠃ 25 ᠵᠢᠯ ᠦᠨ ᠰᠣᠨᠢᠨ ᠮᠡᠳᠡᠭᠡᠨ ᠦ ᠠᠵᠢᠯ ᠤᠨ ᠶᠠᠪᠤᠴᠠ ᠳᠤ᠂ ᠳᠡᠳ᠋ ᠳᠠᠷᠤᠭ᠎ᠠ᠂ ᠶᠡᠷᠦᠩᠬᠡᠶ ᠨᠠᠢᠷᠠᠭᠤᠯᠤᠭᠴᠢ ᠵᠢᠨ ᠠᠯᠪᠠᠨ ᠬᠡᠷ ᠦᠨ ᠡᠷᠬᠢᠯᠡᠭᠴᠢ ᠵᠢᠨ ᠲᠤᠰᠢᠶᠠᠯ ᠢ ᠤᠷᠢᠳ ᠬᠣᠵᠢᠳ ᠬᠠᠷᠢᠭᠤᠴᠠᠵᠤ ᠥᠩᠭᠡᠷᠡᠭᠰᠡᠨ ᠪᠥᠭᠡᠳ ᠣᠲᠣ ᠰᠣᠨᠢᠨ ᠤ ᠬᠣᠷᠢᠶᠠᠨ ᠤ᠋ ᠳᠡᠳ᠋ ᠶᠡᠷᠦᠩᠬᠡᠶ ᠨᠠᠢᠷᠠᠭᠤᠯᠤᠭᠴᠢ ᠪᠠᠷ ᠠᠵᠢᠯᠯᠠᠵᠤ ᠪᠠᠢᠨ᠎ᠠ᠃ 400 ᠭᠠᠷᠤᠶ ᠬᠤᠪᠢ ᠰᠣᠨᠢᠨ ᠮᠡᠳᠡᠭᠡᠯᠡᠯ ᠦᠨ ᠵᠣᠬᠢᠶᠠᠯ ᠪᠠ ᠰᠢᠭᠦᠮᠵᠢ ᠥᠭᠦᠯᠡᠯ ᠪᠢᠴᠢᠵᠦ᠂ ᠤᠯᠤᠰ ᠤᠨ ᠬᠡᠪᠴᠢᠶᠡᠨ ᠦ ᠰᠣᠨᠢᠨ ᠮᠡᠳᠡᠭᠡᠨ ᠦ ᠱᠠᠩᠨᠠᠯ ᠢ 8 ᠤᠳᠠᠭ᠎ᠠ᠂ ᠥᠪᠡᠷᠲᠡᠭᠡᠨ ᠵᠠᠰᠠᠬᠤ ᠣᠷᠤᠨ ᠤ᠋ ᠲᠠᠰ ᠤᠨ ᠰᠣᠨᠢᠨ ᠮᠡᠳᠡᠭᠡᠨ ᠦ ᠱᠠᠩᠨᠠᠯ ᠢ 7 ᠤᠳᠠᠭ᠎ᠠ ᠬᠦᠷᠲᠡᠪᠡ᠃ ᠰᠣᠨᠢᠨ ᠤ ᠬᠣᠷᠢᠶ᠎ᠠ ᠪᠠ ᠲᠦᠩᠯᠢᠶᠦᠦ ᠬᠣᠲᠠ ᠵᠢᠨ ᠰᠢᠯᠢᠳᠡᠭ ᠨᠠᠮ ᠤᠨ ᠭᠡᠰᠢᠭᠦᠨ᠂ ᠲᠡᠷᠢᠭᠦᠨ ᠦ ᠠᠵᠢᠯᠲᠠᠨ ᠢᠶᠠᠷ ᠣᠯᠠᠨᠲᠠ ᠰᠣᠩᠭᠤᠭᠳᠠᠵᠤ᠂ 1999 ᠣᠨ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠵᠡᠯ ᠰᠠᠨᠠᠭ᠎ᠠ ᠰᠤᠷᠲᠠᠯ ᠤᠬᠠᠭᠤᠯᠭ᠎ᠠ ᠵᠢᠨ ᠹᠷᠣᠨᠲ ᠤᠨ ᠲᠡᠷᠢᠭᠦᠨ ᠦ ᠠᠵᠢᠯᠲᠠᠨ ᠢᠶᠠᠷ ᠦᠨᠡᠯᠡᠭᠳᠡᠵᠦ᠂ 2000 ᠣᠨ ᠳᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠪᠠ ᠪᠦᠬᠥ ᠤᠯᠤᠰ ᠤᠨ ᠬᠥᠳᠡᠯᠮᠦᠷᠢ ᠵᠢᠨ ᠵᠢᠱ᠌ᠢᠶᠡᠴᠢ ᠵᠢᠨ ᠢᠷᠠᠭᠤ ᠠᠯᠳᠠᠷ ᠢ ᠬᠦᠷᠲᠡᠪᠡ᠃ ᠠᠵᠢᠯ ᠤᠨ ᠠᠮᠵᠢᠯᠲᠠ ᠵᠢᠳᠭᠦᠯ ᠢ᠋ ᠨᠢ 《ᠳᠤᠮᠳᠠᠳᠤ ᠤᠯᠤᠰ ᠤᠨ ᠡᠷᠳᠡᠮᠲᠡᠳ ᠦᠨ ᠲᠣᠯᠢ》᠂ 《ᠳᠡᠯᠡᠬᠡᠶ ᠵᠢᠨ ᠰᠢᠯᠢᠳᠡᠭ ᠴᠢᠳᠠᠪᠤᠷᠢᠲᠠᠨ ᠤ ᠶᠡᠬᠡ ᠲᠣᠯᠢ》 ᠳᠤ ᠡᠮᠬᠢᠳᠭᠡᠨ ᠣᠷᠤᠭᠤᠯᠵᠤ ᠲᠠᠨᠢᠯᠴᠠᠭᠤᠯᠪᠠ᠃
Copyight 2016 by nmgmzw.gov.cn All Rights Reserved