ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠠᠸᠬᠣᠰᠣᠷ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠠᠸᠬᠣᠰᠣᠷ ( 1932~ ) ᠨᠠᠢᠷᠠᠭᠤᠯᠤᠭᠴᠢ᠂ ᠵᠣᠬᠢᠶᠠᠯᠴᠢ᠃ ᠥᠪᠦᠷ ᠮᠣᠩᠭᠤᠯ ᠤ᠋ᠨ ᠰᠢᠯᠢ  ᠵᠢᠨ ᠭᠣᠣᠯ ᠠᠢᠮᠠᠭ  ᠤᠨ ᠰᠢᠯᠤᠭᠤᠨ ᠬᠥᠪᠡᠭᠡᠲᠦ ᠴᠠᠭᠠᠨ ᠬᠣᠰᠢᠭᠤᠨ ᠳᠤ ᠲᠥᠷᠦᠵᠡᠢ᠃ 1950 ᠣᠨ ᠳᠤ ᠴᠠᠬᠠᠷ ᠠᠢᠮᠠᠭ  ᠤᠨ ᠤᠬᠠᠭᠤᠯᠬᠤ ᠠᠩᠭᠢ ᠳᠤ ᠡᠯᠰᠡᠭᠳᠡᠨ᠂ 1956 ᠣᠨ ᠳᠤ ᠥᠪᠦᠷ ᠮᠣᠩᠭᠤᠯ ᠤ᠋ᠨ ᠣᠯᠠᠨ ᠲᠦᠮᠡᠨ ᠦ ᠰᠣᠶᠤᠯ ᠤ᠋ᠨ ᠬᠡᠷ ᠲᠦ ᠰᠢᠯᠵᠢᠵᠦ ᠢᠷᠡᠭᠡᠳ 1957 ᠣᠨ ᠳᠤ 《ᠬ ᠤᠨ ᠭᠠᠯᠠᠭᠤ》 ᠰᠡᠳᠭᠦᠯ ᠢ᠋ ᠡᠬᠢᠯᠡᠨ ᠬᠡᠪᠯᠡᠭᠦᠯᠵᠦ ᠶᠡᠷᠦᠩᠬᠡᠶ ᠨᠠᠢᠷᠠᠭᠤᠯᠤᠭᠴᠢ ᠪᠣᠯᠪᠠ᠃ 1960 ᠣᠨ ᠳᠤ 《ᠥᠨᠢᠷ ᠴᠡᠴᠡᠭ》 ᠰᠡᠳᠭᠦᠯ ᠦ᠋ᠨ ᠬᠣᠷᠢᠶ᠎ᠠ ᠳᠤ ᠰᠢᠯᠵᠢᠵᠦ᠂ 1961 ᠣᠨ ᠳᠤ ᠲᠤᠰ ᠰᠡᠳᠭᠦᠯ ᠦ᠋ᠨ ᠳᠡᠳ᠋ ᠶᠡᠷᠦᠩᠬᠡᠶ ᠨᠠᠢᠷᠠᠭᠤᠯᠤᠭᠴᠢ  ᠵᠢᠨ ᠲᠤᠰᠢᠶᠠᠯ ᠢ ᠡᠭᠦᠷᠭᠡᠯᠡᠵᠡᠢ᠃ 1981 ᠣᠨ ᠳᠤ ᠤᠳᠭ᠎ᠠ ᠵᠣᠬᠢᠶᠠᠯ  ᠤᠨ ᠣᠨᠤᠯ ᠰᠢᠭᠦᠮᠵᠢ ᠵᠢᠨ ᠰᠡᠳᠭᠦᠯ 《ᠠᠯᠲᠠ ᠲᠦᠯᠬᠢᠭᠦᠷ》 ᠢ ᠡᠬᠢᠯᠡᠨ ᠬᠡᠪᠯᠡᠭᠦᠯᠵᠦ᠂ ᠲᠤᠰ ᠰᠡᠳᠭᠦᠯ ᠦ᠋ᠨ ᠶᠡᠷᠦᠩᠬᠡᠶ ᠨᠠᠢᠷᠠᠭᠤᠯᠤᠭᠴᠢ ᠪᠣᠯᠵᠠᠢ᠃ 1983 ᠣᠨ ᠤ 6 ᠳ᠋ᠤᠭᠠᠷ ᠰᠠᠷ᠎ᠠ  ᠵᠢᠨ 25 ᠳᠤ ᠥᠪᠦᠷ ᠮᠣᠩᠭᠤᠯ ᠤ᠋ᠨ ᠤᠳᠭ᠎ᠠ ᠤᠷᠠᠯᠢᠭ ᠤ᠋ᠨ  ᠬᠵᠢᠨ ᠤ᠋ ᠬᠣᠯᠪᠤᠭ᠎ᠠ ᠠ᠋ᠴᠠ ᠣᠯᠭᠤᠭᠰᠠᠨ 《ᠲᠠᠪᠢᠭᠠᠳ ᠣᠨ ᠠᠴᠠ ᠨᠠᠭᠠᠰᠢ ᠤᠳᠭ᠎ᠠ ᠤᠷᠠᠯᠢᠭ  ᠤᠨ ᠨᠠᠢᠷᠠᠭᠤᠯᠤᠭᠴᠢ  ᠵᠢᠨ ᠠᠵᠢᠯ  ᠤᠨ ᠪᠠᠢᠷᠢ ᠳᠡᠭᠡᠷ᠎ᠡ᠂ ᠮᠠᠨ ᠤ ᠣᠷᠤᠨ ᠤ᠋ ᠦᠨᠳᠦᠰᠦᠲᠡᠨ ᠦ ᠤᠳᠭ᠎ᠠ ᠤᠷᠠᠯᠢᠭ  ᠤᠨ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠤᠳᠭ᠎ᠠ ᠤᠷᠠᠯᠢᠭ  ᠤᠨ ᠵᠣᠬᠢᠶᠠᠨ ᠪᠦᠲᠦᠭᠡᠬᠦ ᠡᠩᠨᠡᠭᠡ ᠶᠢ ᠬᠥᠮᠦᠵᠢᠭᠦᠯᠬᠦ ᠳ᠋ᠦ᠍ ᠬᠤᠪᠢ ᠨᠡᠮᠡᠷᠢ ᠦᠵᠡᠭᠦᠯᠦᠭᠰᠡᠨ ᠲᠦ᠍ᠯᠠ ᠲᠤᠰ ᠦᠨᠡᠮᠯᠡᠯ ᠢ ᠣᠯᠭᠤᠵᠤ ᠬᠥᠬᠢᠭᠦᠯᠦᠨ ᠵᠣᠷᠢᠭᠵᠢᠭᠤᠯᠪᠠ》 ᠭᠡᠰᠡᠨ ᠬᠥᠬᠢᠭᠦᠯᠦᠯ ᠦ᠋ᠨ ᠦᠨᠡᠮᠯᠡᠯ ᠢ ᠬᠦᠷᠲᠡᠵᠦ᠂ 1987 ᠣᠨ ᠤ 10 ᠰᠠᠷ᠎ᠠ ᠳᠤ ᠳᠤᠮᠳᠠᠳᠤ ᠤᠯᠤᠰ  ᠤᠨ ᠵᠣᠬᠢᠶᠠᠯᠴᠢᠳ  ᠤᠨ ᠡᠪᠯᠡᠯ ᠡᠴᠡ ᠣᠯᠭᠤᠭᠰᠠᠨ 《ᠤᠳᠭ᠎ᠠ ᠵᠣᠬᠢᠶᠠᠯ  ᠤᠨ ᠨᠠᠢᠷᠠᠭᠤᠯᠬᠤ ᠠᠵᠢᠯ  ᠤᠨ ᠪᠠᠢᠷᠢ ᠳᠡᠭᠡᠷ᠎ᠡ ᠰᠢᠷᠭᠠᠭᠤ ᠬᠠᠲᠠᠭᠤᠵᠢᠯᠲᠠᠶ ᠠᠵᠢᠯᠯᠠᠵᠤ᠂ ᠬᠣᠷᠵᠢᠨ ᠲᠠᠪ ᠤᠨ ᠵᠢᠯ ᠦᠨ   ᠲᠦ᠍ᠷᠰᠢ ᠳᠤ ᠮᠠᠨ ᠤ ᠤᠯᠤᠰ  ᠤᠨ ᠤᠳᠭ᠎ᠠ ᠵᠣᠬᠢᠶᠠᠯ  ᠤᠨ ᠦᠢᠯᠡᠰ ᠦᠨ ᠴᠡᠴᠡᠭᠯᠡᠨ ᠬᠥᠭᠵᠢᠬᠦ ᠳ᠋ᠦ᠍ ᠵᠢᠳᠭᠦᠯ ᠭᠠᠷᠭᠠᠭᠰᠠᠨ   ᠲᠦ᠍ᠯᠠ   ᠲᠦ᠍ᠰᠬᠠᠢᠯᠠᠨ ᠢᠷᠠᠭᠤ ᠠᠯᠳᠠᠷ  ᠤᠨ ᠦᠨᠡᠮᠯᠡᠯ ᠣᠯᠭᠤᠵᠤ ᠬᠥᠬᠢᠭᠦᠯᠪᠡ》 ᠭᠡᠰᠡᠨ ᠢᠷᠠᠭᠤ ᠠᠯᠳᠠᠷ  ᠤᠨ ᠦᠨᠡᠮᠯᠡᠯ ᠢ ᠬᠦᠷᠲᠡᠵᠡᠶ᠃