ᠨᠡᠷ᠎ᠡ:
ᠳᠣᠷᠵᠢᠨᠢᠩᠪᠤ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠳᠣᠷᠵᠢᠨᠢᠩᠪᠤ ( 1926~ 1993 ) ᠬᠢᠨᠠᠨ ᠣᠷᠴᠢᠭᠤᠯᠤᠭᠴᠢ᠃ ᠭᠢᠷᠢᠨ ᠮᠤᠵᠢ ᠵᠢᠨ ᠳ᠋ᠠ ᠠᠨ ᠰᠢᠶᠠᠨ ᠤ ᠬᠥᠮᠦᠨ᠂ 1943 ᠣᠨ ᠤ 3 ᠰᠠᠷ᠎ᠠ ᠠᠴᠠ 1945 ᠣᠨ ᠤ 8 ᠰᠠᠷ᠎ᠠ ᠬᠦᠷᠲᠡᠯ᠎ᠡ ᠸᠠᠩ ᠤᠨ ᠰᠦᠮ᠎ᠡ ( ᠣᠳᠣᠬᠢ ᠤᠯᠠᠭᠠᠨᠬᠣᠲᠠ ) ᠳ᠋ᠡᠬᠢ ᠬᠥᠮᠦᠵᠢᠭᠦᠯᠦᠨ ᠪᠦᠲᠦᠭᠡᠬᠦ ᠳᠡᠭᠡᠳᠦ ᠰᠤᠷᠭᠠᠭᠤᠯᠢ ᠳᠤ ᠰᠤᠷᠤᠯᠴᠠᠵᠤ᠂ 1945 ᠣᠨ ᠤ 11 ᠰᠠᠷ᠎ᠠ ᠠᠴᠠ 1946 ᠣᠨ ᠤ 2 ᠰᠠᠷ᠎ᠠ ᠬᠦᠷᠲᠡᠯ᠎ᠡ ᠵᠡᠭᠦᠨ ᠮᠣᠩᠭᠤᠯ ᠤ᠋ᠨ ᠺᠠᠲᠠᠷ ᠦᠨ ᠰᠤᠷᠭᠠᠭᠤᠯᠢ ᠳᠤ ᠰᠤᠷᠤᠯᠵᠠᠪᠠ᠃ 1946 ᠣᠨ ᠤ 4 ᠰᠠᠷ᠎ᠠ ᠠᠴᠠ 1946 ᠣᠨ ᠤ 12 ᠰᠠᠷ᠎ᠠ ᠬᠦᠷᠲᠡᠯ᠎ᠡ ᠵᠡᠭᠦᠨ ᠮᠣᠩᠭᠤᠯ ᠤ᠋ᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ᠋ ᠨᠠᠢᠷᠠᠭᠤᠯ ᠤᠨ ᠣᠷᠴᠢᠭᠤᠯᠬᠤ ᠲᠠᠰᠤᠭ᠂ ᠬᠢᠩᠭᠠᠨ ᠮᠤᠵᠢ ᠵᠢᠨ ᠵᠠᠰᠠᠭ ᠤᠨ ᠣᠷᠳᠤᠨ ᠤ᠋ ᠨᠠᠢᠷᠠᠭᠤᠯ ᠤᠨ ᠣᠷᠴᠢᠭᠤᠯᠬᠤ ᠲᠠᠰᠤᠭ ᠲᠦ᠍ ᠣᠷᠴᠢᠭᠤᠯᠤᠭᠴᠢ ᠪᠣᠯᠵᠤ᠂ ᠰᠢᠨᠬᠤᠸᠠ ᠬᠣᠷᠢᠶᠠᠨ ᠤ᠋ ᠪᠠᠷᠠᠭᠤᠨ ᠮᠠᠨᠵᠤ ᠵᠢᠨ ᠬᠤᠪᠢᠶᠠᠷᠢ ᠬᠣᠷᠢᠶ᠎ᠠ ᠳᠤ ᠰᠤᠷᠤᠯᠴᠠᠪᠠ᠃ 1947 ᠣᠨ ᠤ 3 ᠰᠠᠷ᠎ᠠ ᠠᠴᠠ 1948 ᠣᠨ ᠤ Z ᠰᠠᠷ᠎ᠠ ᠬᠦᠷᠲᠡᠯ᠎ᠡ ᠬᠥᠯᠦᠨ ᠪᠤᠢᠷ ᠤ᠋ᠨ ᠰᠣᠨᠢᠨ ᠤ ᠬᠣᠷᠢᠶ᠎ᠠ ᠳᠤ ᠣᠷᠴᠢᠭᠤᠯᠤᠭᠴᠢ ᠪᠣᠯᠪᠠ᠃ 1947 ᠣᠨ ᠤ 11 ᠰᠠᠷ᠎ᠠ ᠵᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ 1949 ᠣᠨ ᠤ 1 ᠰᠠᠷ᠎ᠠ ᠠᠴᠠ 1950 ᠣᠨ ᠤ 8 ᠰᠠᠷ᠎ᠠ ᠬᠦᠷᠲᠡᠯ᠎ᠡ ᠥᠪᠦᠷ ᠮᠣᠩᠭᠤᠯ ᠤ᠋ᠨ ᠡᠳᠦᠷ ᠦᠨ ᠰᠣᠨᠢᠨ ᠤ ᠬᠣᠷᠢᠶ᠎ᠠ ᠳᠤ ᠣᠷᠴᠢᠭᠤᠯᠤᠭᠴᠢ ᠪᠠᠷ ᠠᠵᠢᠯᠯᠠᠵᠤ᠂ 1950 ᠣᠨ ᠤ 8 ᠰᠠᠷ᠎ᠠ ᠠᠴᠠ 1952 ᠣᠨ ᠤ 6 ᠰᠠᠷ᠎ᠠ ᠬᠦᠷᠲᠡᠯ᠎ᠡ ᠥᠪᠦᠷ ᠮᠣᠩᠭᠤᠯ ᠤ᠋ᠨ ᠰᠣᠶᠤᠯ ᠰᠤᠷᠭᠠᠨ ᠬᠥᠮᠦᠵᠢᠯ ᠦ᠋ᠨ ᠬᠡᠯᠲᠡᠰ᠂ ᠬᠡᠪᠯᠡᠯ ᠦᠨ ᠲᠣᠪᠴᠢᠶ᠎ᠠ ᠳᠤ ᠣᠷᠴᠢᠭᠤᠯᠤᠭᠴᠢ ᠵᠢᠨ ᠠᠵᠢᠯ ᠬᠢᠵᠦ᠂ 1952 ᠣᠨ ᠤ 8 ᠰᠠᠷ᠎ᠠ ᠠᠴᠠ 1955 ᠣᠨ ᠤ 8 ᠰᠠᠷ᠎ᠠ ᠬᠦᠷᠲᠡᠯ᠎ᠡ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶᠠᠨ ᠳ᠋ᠤ᠌ ᠶᠡᠷᠦᠩᠬᠡᠶ ᠨᠠᠢᠷᠠᠭᠤᠯᠤᠭᠴᠢ ᠵᠢᠨ ᠠᠯᠪᠠᠨ ᠬᠡᠷ ᠦᠨ ᠳᠡᠳ᠋ ᠡᠷᠬᠢᠯᠡᠭᠴᠢ᠂ ᠡᠷᠬᠢᠯᠡᠭᠴᠢ ᠵᠢᠨ ᠠᠵᠢᠯ ᠢ ᠬᠢᠪᠡ᠃ 1956 ᠣᠨ ᠤ 9 ᠰᠠᠷ᠎ᠠ ᠠᠴᠠ 1957 ᠣᠨ ᠤ 7 ᠰᠠᠷ᠎ᠠ ᠬᠦᠷᠲᠡᠯ᠎ᠡ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠵᠢᠨ ᠰᠣᠨᠢᠨ ᠮᠡᠳᠡᠭᠡᠨ ᠦ ᠰᠠᠯᠪᠤᠷᠢ ᠳᠤ 2 ᠵᠢᠯ ᠰᠤᠷᠤᠯᠴᠠᠪᠠ᠃ 1957 ᠣᠨ ᠤ 7 ᠰᠠᠷ᠎ᠠ ᠠᠴᠠ 1959 ᠣᠨ ᠤ 10 ᠰᠠᠷ᠎ᠠ ᠬᠦᠷᠲᠡᠯ᠎ᠡ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶᠠᠨ ᠤ᠋ ᠳᠡᠳ᠋ ᠶᠡᠷᠦᠩᠬᠡᠶ ᠨᠠᠢᠷᠠᠭᠤᠯᠤᠭᠴᠢ ᠪᠠᠷ᠂ D59 ᠣᠨ ᠤ 10 ᠰᠠᠷ᠎ᠠ ᠠᠴᠠ 1961 ᠣᠨ ᠤ 7 ᠰᠠᠷ᠎ᠠ ᠬᠦᠷᠲᠡᠯ᠎ᠡ 《ᠦᠢᠯᠡᠳᠦᠯᠭᠡ》 ᠰᠡᠳᠭᠦᠯ ᠦ᠋ᠨ ᠬᠣᠷᠢᠶᠠᠨ ᠤ᠋ ᠮᠣᠩᠭᠤᠯ ᠨᠠᠢᠷᠠᠭᠤᠯᠬᠤ ᠳᠡᠳ᠋ ᠳᠠᠷᠤᠭ᠎ᠠ᠂ 1961 ᠣᠨ ᠤ 7 ᠰᠠᠷ᠎ᠠ ᠠᠴᠠ 1962 ᠣᠨ ᠤ 8 ᠰᠠᠷ᠎ᠠ ᠬᠦᠷᠲᠡᠯ᠎ᠡ 《ᠥᠪᠦᠷ ᠮᠣᠩᠭᠤᠯ ᠤ᠋ᠨ ᠡᠳᠦᠷ ᠦᠨ ᠰᠣᠨᠢᠨ》 ᠤ ᠮᠣᠩᠭᠤᠯ ᠬᠡᠪᠯᠡᠯ ᠦᠨ ᠤᠯᠤᠰ ᠲᠦᠷᠥ ᠰᠣᠶᠤᠯ ᠤ᠋ᠨ ᠬᠡᠯᠲᠡᠰ ᠦᠨ ᠬᠠᠷᠢᠭᠤᠴᠠᠯᠭᠠᠲᠠᠨ ᠢᠶᠠᠷ ᠠᠵᠢᠯᠯᠠᠵᠤ᠂ 1962 ᠣᠨ ᠤ 8 ᠰᠠᠷ᠎ᠠ ᠠᠴᠠ 1969 ᠣᠨ ᠤ 12 ᠰᠠᠷ᠎ᠠ ᠬᠦᠷᠲᠡᠯ᠎ᠡ ᠥᠪᠦᠷ ᠮᠣᠩᠭᠤᠯ ᠤ᠋ᠨ ᠠᠷᠠᠳ ᠤᠨ ᠬᠡᠪᠯᠡᠯ ᠦᠨ ᠬᠣᠷᠢᠶᠠᠨ ᠤ᠋ ᠶᠡᠷᠦᠩᠬᠡᠶ ᠨᠠᠢᠷᠠᠭᠤᠯᠤᠭᠴᠢ ᠪᠠᠷ ᠠᠵᠢᠯᠯᠠᠪᠠ᠃ 1972 ᠣᠨ ᠤ 8 ᠰᠠᠷ᠎ᠠ ᠠᠴᠠ 1983 ᠣᠨ ᠤ 7 ᠰᠠᠷ᠎ᠠ ᠬᠦᠷᠲᠡᠯ᠎ᠡ 《ᠥᠪᠦᠷ ᠮᠣᠩᠭᠤᠯ ᠤ᠋ᠨ ᠡᠳᠦᠷ ᠦᠨ ᠰᠣᠨᠢᠨ》 ᠤ ᠮᠣᠩᠭᠤᠯ ᠨᠠᠢᠷᠠᠭᠤᠯᠬᠤ ᠬᠡᠯᠲᠡᠰ ᠦᠨ ᠬᠠᠷᠢᠭᠤᠴᠠᠯᠭᠠᠲᠠᠨ᠂ ᠮᠣᠩᠭᠤᠯ ᠨᠠᠢᠷᠠᠭᠤᠯᠬᠤ ᠬᠡᠯᠲᠡᠰ ᠦᠨ ᠠᠯᠪᠠᠨ ᠬᠡᠷ ᠦᠨ ᠳᠡᠳ᠋ ᠡᠷᠬᠢᠯᠡᠭᠴᠢ᠂ ᠰᠣᠨᠢᠨ ᠤ ᠬᠣᠷᠢᠶᠠᠨ ᠤ᠋ ᠳᠡᠳ᠋ ᠳᠠᠷᠤᠭ᠎ᠠ᠂ ᠵᠥᠪᠯᠡᠭᠴᠢ ᠵᠢᠨ ᠲᠤᠰᠢᠶᠠᠯ ᠲᠠᠢ ᠠᠵᠢᠯᠯᠠᠪᠠ᠃ ᠰᠣᠨᠢᠨ ᠮᠡᠳᠡᠭᠡᠨ ᠦ ᠠᠯᠢ ᠣᠯᠠᠨ ᠴᠢᠬᠤᠯᠠ ᠡᠬᠡ ᠪᠢᠴᠢᠭ ᠢ ᠬᠢᠨᠠᠵᠤ᠂ ᠣᠷᠴᠢᠭᠤᠯᠬᠤ ᠵᠢᠨ ᠬᠠᠮᠲᠤ᠂ 《ᠶᠠᠭᠤ ᠶᠢ ᠨᠡᠢᠭᠡᠮ ᠵᠢᠷᠤᠮ ᠭᠡᠬᠦ ᠪᠣᠶ》 ( 1949 ᠣᠨ )᠂ 《ᠮᠠᠤ ᠽᠸ ᠳ᠋ᠦᠩ ᠦᠨ ᠦᠯᠢᠭᠡᠷ》 ( 1949 ᠣᠨ )᠂ 《ᠶᠠᠭᠤ ᠶᠢ ᠡᠪ ᠬᠠᠮᠲᠤ ᠨᠠᠮ ᠭᠡᠬᠦ ᠪᠣᠶ ) ( 1950 ᠣᠨ )᠂ 《ᠠᠭᠤᠤ ᠶᠡᠬᠡ ᠬᠤᠪᠢᠰᠭᠠᠯ ᠤ᠋ᠨ ᠪᠠᠭᠰᠢ ᠰ?ᠠᠯᠵᠢᠨ》 ( 1950 ᠣᠨ )᠂ 《ᠨᠣᠶᠠᠨᠴᠢ ᠰᠤᠷᠲᠠᠯ᠂ ᠵᠠᠷᠯᠢᠭᠳᠠᠬᠤ ᠦᠵᠡᠯ ᠢ ᠡᠰᠡᠷᠭᠦᠴᠡᠶ᠎ᠡ》 ( 1950 )᠂ 《ᠰᠤᠷᠤᠯᠴᠠᠬᠤ ᠰᠤᠷᠲᠠᠯ᠂ ᠨᠠᠮ ᠤᠨ ᠰᠤᠷᠲᠠᠯ᠂ ᠵᠣᠬᠢᠶᠠᠯ ᠤᠨ ᠰᠤᠷᠲᠠᠯ ᠢ ᠲᠡᠭᠰᠢᠳᠭᠡᠬᠦ》 ( 1950 ᠣᠨ )᠂ 《ᠨᠠᠮ ᠤᠨ ᠲᠤᠰᠭᠠᠢ》 ( 1954 ᠣᠨ ) ᠵᠡᠷᠭᠡ ᠨᠣᠮ ᠢ ᠣᠷᠴᠢᠭᠤᠯ ᠤᠨ ᠬᠡᠪᠯᠡᠭᠦᠯᠵᠦ᠂ 《ᠮᠠᠤ ᠽᠸ ᠳ᠋ᠦᠩ ᠦᠨ ᠰᠣᠩᠭᠤᠮᠠᠯ ᠵᠣᠬᠢᠶᠠᠯ》 ᠤᠨ l —— 2 ᠳ᠋ᠤᠭᠠᠷ ᠪᠣᠲᠢ ᠵᠢᠨ ᠣᠷᠴᠢᠭᠤᠯᠭ᠎ᠠ ᠵᠢᠨ ᠠᠵᠢᠯ ᠳᠤ ᠣᠷᠤᠯᠴᠠᠪᠠ᠃ 《ᠳ᠋ᠢᠶᠠᠯᠧᠺᠲ᠋ᠢᠭ ᠮᠠᠲ᠋ᠧᠷᠢᠶᠠᠯᠢᠰᠮ ᠲᠡᠦᠬᠡ ᠵᠢᠨ ᠮᠠᠲ᠋ᠧᠷᠢᠶᠠᠯᠢᠰᠮ》 ( ᠠᠶ ᠰᠧ ᠴᠢ )᠂ 《ᠳᠤᠮᠳᠠᠳᠤ ᠤᠯᠤᠰ ᠤᠨ ᠨᠡᠪᠲᠡᠷᠬᠡᠶ ᠲᠡᠦᠬᠡ ᠵᠢᠨ ᠲᠣᠪᠴᠢ》 ᠵᠡᠷᠭᠡ ᠨᠣᠮ ᠤᠨ ᠣᠷᠴᠢᠭᠤᠯᠭ᠎ᠠ ᠶᠢ ᠬᠢᠨᠠᠪᠠ᠃ 《ᠮᠠᠯ ᠠᠵᠤ ᠠᠬᠤᠶ ᠶᠢ ᠬᠥᠭᠵᠢᠭᠦᠯᠬᠦ ᠳ᠋ᠦ᠍ ᠡᠷᠬᠡᠪᠰᠢ ᠨᠤᠲᠤᠭ ᠪᠡᠯᠴᠢᠭᠡᠷ ᠢ ᠰᠠᠢᠵᠢᠷᠠᠭᠤᠯᠬᠤ ᠬᠡᠷᠡᠭᠲᠡᠶ》 《1983 ᠣᠨ )᠂ 《ᠠᠦᠰᠲ᠋ᠷᠠᠯᠢᠶ᠎ᠠ ᠵᠢᠨ ᠬᠡᠷ ᠪᠦᠯᠢ ᠵᠢᠨ ᠲᠠᠷᠢᠶᠠᠯᠠᠩ ᠮᠠᠯᠵᠢᠯ ᠤᠨ ᠲᠠᠯᠠᠪᠠᠶ》 ( 1983 ᠣᠨ ) ᠵᠡᠷᠭᠡ ᠥᠭᠦᠯᠡᠯ ᠨᠡᠢᠲᠡᠯᠡᠭᠦᠯᠪᠡ᠃
Copyight 2016 by nmgmzw.gov.cn All Rights Reserved