ᠨᠡᠷ᠎ᠡ:
ᠴᠡᠴᠡᠭ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠴᠡᠴᠡᠭ ( 1940~ ) ᠬᠢᠨᠠᠨ ᠨᠠᠢᠷᠠᠭᠤᠯᠤᠭᠴᠢ᠃ ᠦᠪᠥᠷ ᠮᠣᠩᠭᠣᠯ ᠤᠨ ᠪᠠᠭᠠᠷᠵᠢᠨ ᠪᠠᠷᠠᠭᠤᠨ ᠬᠣᠰᠢᠭᠤᠨᠨ ᠳᠤ ᠲᠦᠷᠥᠪᠡ᠃ ᠤᠤᠯ ᠤᠨ ᠨᠡᠷ᠎ᠡ ᠨᠢ ᠴᠠᠭᠠᠨᠴᠡᠴᠡᠭ᠃ 1948 ᠣᠨ ᠠᠴᠠ ᠰᠣᠶᠣᠯ ᠤᠨ ᠮᠦᠷ ᠢ ᠬᠦᠭᠡᠭᠡᠵᠦ᠂ 1963 ᠣᠨ ᠳᠤ ᠦᠪᠥᠷ ᠮᠣᠩᠭᠣᠯ ᠤᠨ ᠪᠠᠭᠰᠢ ᠵᠢᠨ ᠳᠡᠭᠡᠳᠦ ᠰᠤᠷᠭᠠᠭᠤᠯᠢ ᠠᠴᠠ ᠰᠤᠷᠤᠯᠭ᠎ᠠ ᠲᠡᠭᠦᠰᠪᠡ᠃ ᠶᠡᠬᠡ ᠰᠤᠷᠭᠠᠭᠤᠯᠢ ᠳᠤ ᠪᠠᠢᠬᠤ ᠳᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ ᠰᠤᠷᠤᠯᠭ᠎ᠠ ᠲᠡᠭᠦᠰᠦᠭᠰᠡᠨ ᠦ ᠬᠣᠵᠢᠨ᠎ᠠ ᠦᠪᠥᠷ ᠮᠣᠩᠭᠣᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶᠠᠨ ᠳᠤ ᠠᠵᠢᠯᠯᠠᠵᠤ᠂ ᠪᠠᠭ᠎ᠠ ᠰᠤᠷᠭᠠᠭᠤᠯᠢ ᠵᠢᠨ ᠲᠡᠦᠬᠡ᠂ ᠭᠠᠵᠠᠷ ᠵᠦᠶ᠂ ᠳᠤᠮᠳᠠᠳᠤ ᠰᠤᠷᠭᠠᠭᠤᠯᠢ ᠵᠢᠨ 《ᠤᠯᠤᠰ ᠲᠦᠷᠥ ᠵᠢᠨ ᠠᠵᠤ ᠠᠬᠤᠶ ᠵᠢᠨ ᠤᠬᠠᠭᠠᠨ》᠂ 《ᠦᠨᠳᠦᠰᠦᠲᠡᠨ ᠦ ᠲᠦᠷᠥ ᠵᠢᠨ ᠪᠣᠳᠣᠯᠭ᠎ᠠ ᠰᠤᠷᠤᠯᠴᠠᠬᠤ ᠯᠠᠪᠯᠠᠯᠲᠠ ᠵᠢᠨ ᠮᠠᠲ᠋ᠧᠷᠢᠶᠠᠯ》 ᠵᠡᠷᠭᠡ ᠰᠤᠷᠬᠤ ᠪᠢᠴᠢᠭ ᠦᠨ ᠣᠷᠴᠢᠭᠤᠯᠬᠤ ᠨᠠᠢᠷᠠᠭᠤᠯᠬᠤ ᠠᠵᠢᠯ ᠳᠤ ᠣᠷᠣᠯᠴᠠᠵᠤ ᠪᠠᠢᠪᠠ᠃ 1971 ᠣᠨ ᠳᠤ᠂ ᠦᠪᠥᠷ ᠮᠣᠩᠭᠣᠯ ᠤᠨ ᠠᠷᠠᠳ ᠤᠨ ᠬᠡᠪᠯᠡᠯ ᠦᠨ ᠬᠤᠷᠢᠶᠠᠨ ᠳᠤ ᠠᠵᠢᠯ ᠰᠢᠯᠵᠢᠵᠤ᠂ ᠮᠣᠩᠭᠣᠯ ᠬᠡᠯᠡᠨ ᠦ ᠤᠯᠤᠰ ᠲᠦᠷᠥ ᠣᠨᠣᠯ ᠤᠨ ᠨᠣᠮ ᠪᠢᠴᠢᠭ ᠨᠠᠢᠷᠠᠭᠤᠯᠬᠤ ᠠᠵᠢᠯ ᠢ ᠬᠢᠪᠡ᠃ 1979 ᠣᠨ ᠳᠤ ᠲᠦᠪ ᠦᠨ ᠨᠠᠮ ᠤᠨ ᠰᠤᠷᠭᠠᠭᠤᠯᠢ ᠵᠢᠨ ᠣᠨᠣᠯ ᠤᠬᠠᠭᠤᠯᠭ᠎ᠠ ᠵᠢᠨ ᠺᠠᠲᠠᠷ ᠤᠨ ᠪᠣᠯᠪᠠᠰᠤᠷᠠᠬᠤ ᠠᠩᠭᠢ ᠳᠤ ᠰᠢᠯᠭᠠᠨ ᠣᠷᠣᠵᠤ᠂ ᠤᠯᠤᠰ ᠲᠦᠷᠥ ᠵᠢᠨ ᠠᠵᠤ ᠠᠬᠤᠶ ᠵᠢᠨ ᠤᠬᠠᠭᠠᠨ ᠤ ᠣᠨᠣᠯ ᠢ ᠲᠦ᠍ᠰᠬᠠᠢᠯᠠᠨ ᠰᠤᠷᠤᠯᠴᠠᠪᠠ᠃ 1980 ᠣᠨ ᠳᠤ ᠰᠤᠷᠤᠯᠭ᠎ᠠ ᠲᠡᠭᠦᠰᠴᠦ ᠬᠡᠪᠯᠡᠯ ᠦᠨ ᠬᠤᠷᠢᠶᠠᠨ ᠳᠠᠭᠠᠨ ᠪᠤᠴᠠᠨ ᠢᠷᠠᠵᠤ ᠦᠷᠭᠦᠯᠵᠢᠯᠡᠨ ᠨᠠᠢᠷᠠᠭᠤᠯᠬᠤ ᠠᠵᠢᠯ ᠢᠶᠠᠨ ᠬᠢᠪᠡ᠃ 1984 ᠣᠨ ᠳᠤ ᠬᠡᠪᠯᠡᠯ ᠦᠨ ᠬᠤᠷᠢᠶᠠᠨ ᠤ ᠶᠡᠷᠦᠩᠬᠡᠶ ᠨᠠᠢᠷᠠᠭᠤᠯᠤᠭᠴᠢ ᠵᠢᠨ ᠠᠯᠪᠠᠨ ᠬᠡᠷ ᠲᠦ ᠰᠢᠯᠵᠵᠢᠨ ᠠᠵᠢᠯᠯᠠᠵᠤ᠂ ᠤᠷᠢᠳ ᠬᠣᠵᠢᠳ ᠳᠡᠳ᠋ ᠡᠷᠬᠢᠯᠡᠭᠴᠢ᠂ ᠡᠷᠬᠢᠯᠡᠭᠴᠢ ᠵᠢᠨ ᠲᠤᠰᠢᠶᠠᠯ ᠢ ᠬᠠᠷᠢᠭᠤᠴᠠᠨ᠂ ᠭᠣᠣᠯᠳᠠᠭᠤ ᠪᠦᠬᠥ ᠬᠤᠷᠢᠶᠠᠨ ᠤ ᠨᠠᠢᠷᠠᠭᠤᠯᠬᠤ ᠠᠵᠢᠯ ᠤᠨ ᠬᠠᠮᠢᠶᠠᠷᠤᠯᠲᠠ ᠵᠢᠨ ᠠᠵᠢᠯ ᠵᠢᠴᠢ ᠵᠢᠯ ᠦᠨ ᠪᠠ ᠠᠯᠤᠰ ᠤᠨ ᠰᠡᠳᠦᠪ ᠰᠣᠩᠭᠣᠬᠤ ᠲᠦᠯᠥᠪᠯᠡᠭᠡ ᠲᠣᠭᠲᠠᠭᠠᠬᠤ ᠠᠵᠢᠯ ᠢ ᠵᠣᠬᠢᠶᠠᠨ ᠪᠠᠢᠭᠤᠯᠬᠤ᠂ ᠨᠠᠢᠷᠠᠭᠤᠯᠬᠤ ᠠᠵᠢᠯ ᠢ ᠭᠠᠷᠳᠠᠨ ᠬᠢᠪᠡ᠃ 《ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠠᠵᠤ ᠠᠬᠤᠶ ᠵᠢᠨ ᠬᠦᠭᠵᠢᠯᠲᠡ ᠵᠢᠨ ᠲᠣᠢᠮᠣ》᠂ 《ᠳᠤᠮᠳᠠᠳᠤ ᠤᠯᠤᠰ ᠤᠨ ᠨᠡᠢᠭᠡᠮ ᠵᠢᠷᠤᠮ ᠲᠦ᠍ ᠠᠵᠤ ᠠᠬᠤᠶ ᠵᠢᠨ ᠠᠰᠠᠭᠤᠳᠠᠯ ᠤᠨ ᠲᠤᠰᠭᠠᠢ ᠰᠤᠳᠤᠯᠤᠯ》᠂ 《ᠤᠯᠤᠰ ᠲᠦᠷᠥ ᠵᠢᠨ ᠠᠵᠤ ᠠᠬᠤᠶ ᠵᠢᠨ ᠤᠬᠠᠭᠠᠨ ᠤ ᠦᠨᠳᠦᠰᠦᠨ ᠮᠡᠳᠡᠯᠭᠡ ᠵᠢᠨ ᠲᠤᠰᠭᠠᠢ ᠶᠠᠷᠢᠶ᠎ᠠ》᠂ 《ᠬᠦᠷᠥᠩᠭᠡᠲᠡᠨ ᠠᠩᠭᠢ ᠵᠢᠨ ᠤᠯᠤᠰ ᠲᠦᠷᠥ ᠵᠢᠨ ᠠᠵᠤ ᠠᠬᠤᠶ ᠵᠢᠨ ᠤᠬᠠᠭᠠᠨ ᠤ ᠲᠡᠦᠬᠡ》᠂ 《ᠬᠣᠷᠰᠢᠭᠰᠠᠨ ᠮᠦᠩᠭᠥᠨ ᠭᠦᠶᠯᠭᠡᠭᠡᠨ ᠦ ᠺᠠᠲᠠᠷᠴᠣᠳ ᠤᠨ ᠤᠩᠰᠢᠬᠤ ᠪᠢᠴᠢᠭ》᠂ 《ᠮᠠᠯ ᠠᠵᠤ ᠠᠬᠤᠶ ᠵᠢᠨ ᠬᠠᠮᠢᠶᠠᠷᠤᠯᠲᠠ ᠵᠢᠨ ᠤᠬᠠᠭᠠᠨ》᠂ 《ᠳᠤᠮᠳᠠᠳᠤ ᠤᠯᠤᠰ ᠤᠨ ᠨᠡᠢᠭᠡᠮ ᠵᠢᠷᠤᠮ ᠤᠨ ᠤᠳᠤᠷᠢᠳᠬᠤ ᠤᠬᠠᠭᠠᠨ》᠂ 《ᠤᠷᠤᠭ ᠤᠨ ᠠᠵᠢᠯ ᠤᠨ ᠭᠠᠷ ᠭᠦᠢᠴᠡᠳᠬᠡᠯ》᠂ 《ᠬᠠᠢᠷ᠎ᠠ ᠲᠦ᠍ ᠣᠷᠳᠣᠰ》᠂ 《ᠣᠷᠳᠣᠰ ᠤᠨ ᠵᠤᠭᠠᠴᠠᠯ ᠤᠨ ᠦᠵᠡᠮᠵᠢ》᠂ 《ᠪᠦᠮᠪᠥᠷᠴᠡᠭ ᠡᠷᠭᠢᠭᠰᠡᠨ ᠨᠣᠭᠣᠭᠠᠨ ᠠᠶᠠᠯᠠᠯ》᠂ 《ᠳ᠋ᠧᠩ ᠰᠢᠶᠣᠣ ᠫᠢᠩ ᠦᠨ ᠬᠤᠪᠢᠰᠤᠩᠭᠤᠶ ᠠᠷᠭ᠎ᠠ ᠵᠢᠨ ᠴᠦᠮ᠎ᠡ》 ᠵᠡᠷᠭᠡ ᠲᠠᠪᠢ ᠭᠠᠷᠤᠶ ᠮᠣᠩᠭᠣᠯ ᠬᠢᠲᠠᠳ ᠨᠣᠮ ᠪᠢᠴᠢᠭ ᠢ ᠬᠠᠷᠢᠭᠤᠴᠠᠨ ᠨᠠᠢᠷᠠᠭᠤᠯᠵᠤ᠂ 《ᠤᠯᠠᠭᠠᠨᠭᠦᠦ ᠮᠠᠯᠵᠢᠬᠤ ᠣᠷᠣᠨ ᠤ ᠠᠵᠢᠯ ᠤᠨ ᠲᠤᠰᠭᠠᠢ ᠦᠭᠦᠯᠡᠭᠰᠡᠨ ᠨᠢ》᠂ 《ᠨᠡᠢᠭᠡᠮ ᠦᠨ ᠲᠣᠭ᠎ᠠ ᠪᠦᠷᠢᠳᠬᠡᠯ ᠦᠨ ᠤᠬᠠᠭᠠᠨ》᠂ 《ᠴᠤᠭ ᠪᠠᠳᠠᠷᠠᠩᠭᠤᠶ ᠡᠪ ᠬᠠᠮᠲᠤ ᠨᠠᠮ ᠤᠨ ᠭᠡᠰᠢᠭᠦᠨ》᠂ 《ᠰᠠᠵᠢᠨ ᠰᠠᠨᠠᠭ᠎ᠠ ᠰᠠᠢᠬᠠᠨ ᠮᠣᠷᠠᠯ》 ᠵᠡᠷᠭᠡ ᠵᠠᠭᠤ ᠭᠠᠷᠤᠶ ᠮᠣᠩᠭᠣᠯ ᠬᠢᠲᠠᠳ ᠨᠣᠮ ᠪᠢᠴᠢᠭ ᠦᠨ ᠣᠷᠴᠢᠭᠤᠯᠵᠤ ᠨᠠᠢᠷᠠᠭᠤᠯᠬᠤ ᠪᠠ ᠬᠢᠨᠠᠬᠤ ᠠᠵᠢᠯ ᠳᠤ ᠣᠷᠣᠯᠴᠠᠵᠤ᠂ 《ᠰᠵᠢᠨ᠎ᠡ ᠳᠤᠮᠳᠠᠳᠤ ᠤᠯᠤᠰ ᠤᠨ ᠨᠣᠮ ᠪᠢᠴᠢᠭ ᠦᠨ ᠲᠣᠮᠣ ᠲᠣᠯᠢ ᠪᠢᠴᠢᠭ》 ᠲᠦ ᠡᠬᠡ ᠪᠢᠴᠢᠭ ᠲᠤᠭᠤᠷᠪᠵᠢᠨ ᠪᠢᠴᠢᠬᠦ ᠠᠵᠢᠯ ᠢ ᠵᠣᠬᠢᠶᠠᠨ ᠪᠠᠢᠭᠤᠯᠬᠤ ᠪᠠ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ 50 ᠵᠢᠯ ᠦᠨ ᠣᠶ ᠵᠢᠨ ᠪᠠᠶᠠᠷ ᠲᠦ᠍ ᠵᠣᠷᠢᠭᠤᠯᠤᠭᠰᠠᠨ 《ᠦᠨᠥᠳᠦᠷ ᠦᠨ ᠦᠪᠥᠷ ᠮᠣᠩᠭᠣᠯ》 ᠴᠤᠪᠤᠷᠠᠯ ᠪᠢᠴᠢᠭ᠂ ᠤᠯᠤᠰ ᠪᠠᠢᠭᠤᠯᠤᠭᠳᠠᠭᠰᠠᠨ 50 ᠵᠢᠯ ᠦᠨ ᠣᠶ ᠳᠤ ᠵᠣᠷᠢᠭᠤᠯᠤᠭᠰᠠᠨ 《ᠨ᠂ ᠰᠠᠵᠢᠨᠴᠣᠭᠲᠤ ᠵᠢᠨ ᠪᠦᠷᠵᠢᠨ ᠵᠣᠬᠢᠶᠠᠯ》 ᠤᠨ ᠨᠠᠢᠷᠠᠭᠤᠯ ᠤᠨ ᠬᠡᠪᠯᠡᠭᠦᠯᠬᠦ ᠠᠵᠢᠯ ᠳᠤ ᠣᠷᠣᠯᠴᠠᠪᠠ᠃ ᠲᠡᠭᠦᠨ ᠦ ᠨᠠᠢᠷᠠᠭᠤᠯ ᠤᠨ ᠬᠡᠪᠯᠡᠭᠦᠯᠦᠭᠰᠡᠨ 《ᠤᠯᠤᠰ ᠲᠦᠷᠥ ᠵᠢᠨ ᠠᠵᠤ ᠠᠬᠤᠶ ᠵᠢᠨ ᠤᠬᠠᠭᠠᠨ ᠤ ᠦᠨᠳᠦᠰᠦᠨ ᠮᠡᠳᠡᠯᠭᠡ ᠵᠢᠨ ᠲᠤᠰᠭᠠᠢ ᠶᠠᠷᠢᠶ᠎ᠠ》᠂ 《ᠳᠤᠮᠳᠠᠳᠤ ᠤᠯᠤᠰ ᠤᠨ ᠨᠡᠢᠭᠡᠮ ᠵᠢᠷᠤᠮ ᠤᠨ ᠤᠳᠤᠷᠢᠳᠬᠤ ᠤᠬᠠᠭᠠᠨ》᠂ 《ᠳ᠋ᠧᠩ ᠰᠢᠶᠣᠣ ᠫᠢᠩ ᠦᠨ ᠬᠤᠪᠢᠰᠤᠩᠭᠤᠶ ᠠᠷᠭ᠎ᠠ ᠵᠢᠨ ᠴᠦᠮ᠎ᠡ》 ᠵᠡᠷᠭᠡ ᠨᠣᠮ ᠪᠢᠴᠢᠭ ᠨᠢ ᠦᠪᠡᠷᠲᠡᠭᠡᠨ ᠵᠠᠰᠠᠬᠤ ᠣᠷᠣᠨ ᠤ 2 ᠳ᠋ᠤᠭᠠᠷ᠂ 4 ᠳ᠋ᠦᠭᠡᠷ᠂ 6 ᠳ᠋ᠤᠭᠠᠷ ᠬᠤᠭᠤᠴᠠᠭᠠᠨ ᠤ ᠨᠡᠢᠭᠡᠮ ᠦᠨ ᠰᠵᠢᠨᠵᠢᠯᠡᠬᠦ ᠤᠬᠠᠭᠠᠨ ᠤ 1᠂ 2 ᠳ᠋ᠤᠭᠠᠷ ᠲᠠᠰ ᠤᠨ ᠰᠢᠯᠢᠳᠡᠭ ᠪᠦᠲᠦᠭᠡᠯ ᠦᠨ ᠱᠠᠩᠨᠠᠯ ᠬᠦᠷᠲᠡᠵᠦ᠂ 《ᠪᠦᠮᠪᠥᠷᠴᠡᠭ ᠡᠷᠭᠢᠭᠰᠡᠨ ᠨᠣᠭᠣᠭᠠᠨ ᠠᠶᠠᠯᠠᠯ》 ᠨᠣᠮ ᠠᠩᠬᠠᠳᠤᠭᠠᠷ ᠤᠳᠠᠭᠠᠨ ᠤ 《ᠦᠪᠥᠷ ᠮᠣᠩᠭᠣᠯ ᠤᠨ ᠨᠣᠮ ᠪᠢᠴᠢᠭ ᠦᠨ ᠱᠠᠩᠨᠠᠯ》 ᠢ ᠲᠦ᠍ᠰᠴᠤ᠂ 《ᠳᠤᠮᠳᠠᠳᠤ ᠤᠯᠤᠰ ᠤᠨ ᠨᠡᠢᠭᠡᠮ ᠵᠢᠷᠤᠮ ᠤᠨ ᠤᠳᠤᠷᠢᠳᠬᠤ ᠤᠬᠠᠭᠠᠨ》 ᠭᠡᠬᠦ ᠨᠣᠮ ᠨᠢ ᠪᠦᠬᠥ ᠤᠯᠤᠰ ᠤᠨ ᠤᠳᠤᠷᠢᠳᠬᠤ ᠰᠵᠢᠨᠵᠢᠯᠡᠬᠦ ᠤᠬᠠᠭᠠᠨ ᠤ ᠰᠢᠯᠢᠳᠡᠭ ᠵᠣᠬᠢᠶᠠᠯ ᠤᠨ ᠰᠢᠯᠭᠠᠷᠠᠭᠤᠯᠤᠯᠲᠠ ᠳᠤ 2 ᠳ᠋ᠤᠭᠠᠷ ᠲᠠᠰ ᠤᠨ ᠱᠠᠩᠨᠠᠯ ᠬᠦᠷᠲᠡᠪᠡ᠃ 《ᠬᠡᠪᠯᠡᠯ ᠦᠨ ᠬᠤᠷᠢᠶᠠᠨ ᠤ ᠦᠭᠡᠷᠡᠴᠢᠯᠡᠯᠲᠡ ᠵᠢᠨ ᠳᠤᠮᠳᠠᠬᠢ ᠨᠠᠢᠷᠠᠭᠤᠯᠭ᠎ᠠ ᠵᠢᠨ ᠬᠠᠮᠢᠶᠠᠷᠤᠯᠲᠠ ᠵᠢᠨ ᠠᠵᠢᠯ ᠢ ᠲᠦ᠍ᠷᠰᠵᠢᠨ ᠦᠭᠦᠯᠡᠬᠦ ᠨᠢ》 ᠭᠡᠳᠡᠭ ᠦᠭᠦᠯᠡᠯ ᠨᠢ 15 ᠮᠤᠵᠢ ᠬᠣᠲᠠ ᠦᠪᠡᠷᠲᠡᠭᠡᠨ ᠵᠠᠰᠠᠬᠤ ᠣᠷᠣᠨ ᠤ ᠨᠠᠢᠷᠠᠭᠤᠯᠬᠤ ᠠᠵᠢᠯ ᠤᠨ ᠬᠠᠮᠢᠶᠠᠷᠤᠯᠲᠠ ᠵᠢᠨ ᠰᠢᠯᠢᠳᠡᠭ ᠦᠭᠦᠯᠡᠯ ᠢᠶᠡᠷ ᠰᠣᠩᠭᠣᠭᠳᠠᠪᠠ᠃
Copyight 2016 by nmgmzw.gov.cn All Rights Reserved