ᠨᠡᠷ᠎ᠡ:
ᠴᠢᠯᠠᠭᠤ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠴᠢᠯᠠᠭᠤ ( 1913—— 1978 ) ᠨᠠᠢᠷᠠᠭᠤᠯᠤᠭᠴᠢ᠂ ᠤᠷᠠᠨ ᠵᠢᠷᠤᠭᠴᠢ᠂ ᠤᠷᠠᠨ ᠪᠢᠴᠢᠯᠭᠡᠲᠡᠨ᠃ ᠬᠢᠷᠢᠨ ᠮᠤᠵᠢ ᠵᠢᠨ ᠵᠧᠨ ᠯᠠᠶ ᠰᠢᠶᠠᠨ ᠤ ᠬᠦᠮᠦᠨ᠃ ᠪᠠᠭ᠎ᠠ ᠳᠤᠨᠢ ᠬᠡᠷ ᠨᠢ ᠶᠠᠳᠠᠭᠤ ᠲᠦ᠍ᠯᠠ ᠠᠷᠪᠠᠨ ᠬᠡᠳᠦᠨ ᠨᠠᠰᠤᠲᠠᠶ ᠳᠠᠭᠠᠨ ᠨᠢᠭᠡ ᠵᠢᠷᠤᠭᠠᠴᠢ ᠯᠠᠮᠠ ᠳᠤ ᠱᠠᠪᠢ ᠣᠷᠣᠵᠤ᠂ ᠵᠢᠷᠤᠭ ᠵᠢᠷᠤᠬᠤ ᠪᠠ ᠪᠤᠷᠬᠠᠨ ᠱᠣᠭᠤᠬᠤ ᠤᠷ᠎ᠠ ᠮᠡᠷᠭᠡᠵᠢᠯ ᠰᠤᠷᠴᠤ᠂ ᠬᠣᠵᠢᠮ ᠤᠨ ᠵᠢᠷᠤᠭᠴᠵᠢᠨ ᠪᠣᠯᠬᠤ ᠳᠠᠭᠠᠨ ᠰᠠᠭᠤᠷᠢ ᠲᠠᠯᠪᠢᠪᠠ᠃ 1935 ᠣᠨ ᠳᠤ ᠴᠠᠩᠴ ᠤᠨ ᠳᠤ ᠬᠦᠷᠴᠦ ᠮᠣᠩᠭᠣᠯ ᠬᠢᠴᠢᠶᠡᠯ ᠦᠨ ᠪᠢᠴᠢᠭ ᠦᠨ ᠬᠠᠪᠰᠤᠷᠭᠠᠭᠰᠠᠨ ᠵᠢᠷᠤᠭ ᠵᠢᠷᠦᠪᠡ᠃ 1941 ᠣᠨ ᠠᠴᠠ 1944 ᠣᠨ ᠬᠦᠷᠲᠡᠯ᠎ᠡ ᠤᠷᠢᠳ ᠬᠣᠵᠢᠳ ᠺᠠᠢᠯᠤ ᠰᠢᠶᠠᠨ ᠤ ᠨᠢᠭᠡ ᠰᠤᠷᠭᠠᠭᠤᠯᠢ ᠵᠢᠨ ᠵᠢᠷᠤᠭ ᠤᠨ ᠪᠠᠭᠰᠢ᠂ ᠵᠢᠵᠢᠭ ᠰᠣᠨᠢᠨ ᠤ ᠤᠷᠠᠨ ᠵᠢᠷᠤᠭ ᠤᠨ ᠨᠠᠢᠷᠠᠭᠤᠯᠤᠭᠴᠢ ᠪᠠᠷ ᠠᠵᠢᠯᠯᠠᠵᠤ᠂ 1944 ᠣᠨ ᠳᠤ ᠸᠠᠩ ᠤᠨ ᠰᠦᠮ᠎ᠡ ( ᠣᠳᠣᠬᠢ ᠤᠯᠠᠭᠠᠨᠬᠣᠲᠠ ) ᠳᠤ ᠠᠵᠢᠯ ᠰᠢᠯᠵᠢᠪᠡ᠃ 1945 ᠣᠨ ᠳᠤ ᠶᠠᠫᠣᠨ ᠢ ᠡᠰᠡᠷᠭᠦᠴᠡᠬᠦ ᠲᠡᠵᠢᠨ ᠢᠯᠠᠯᠲᠠ ᠣᠯᠣᠭᠰᠠᠨ ᠤ ᠳᠠᠷᠠᠭ᠎ᠠ 《ᠠᠷᠠᠳᠴᠢᠯᠠᠭᠰᠠᠨ ᠬᠢᠩᠭᠠᠨ ᠶᠡᠷᠦᠩᠬᠡᠶ ᠮᠤᠵᠢ ᠵᠢᠨ ᠵᠠᠰᠠᠭ ᠤᠨ ᠣᠷᠳᠣᠨ》 ᠤ ᠤᠬᠠᠭᠤᠯᠬᠤ ᠭᠠᠵᠠᠷ ᠤᠨ ᠤᠳᠬ᠎ᠠ ᠤᠷᠠᠯᠢᠭ ᠤᠨ ᠲᠠᠰᠤᠭ ᠤᠨ ᠳᠠᠷᠤᠭ᠎ᠠ ᠪᠣᠯᠵᠤ᠂ ᠬᠣᠵᠢᠮ ᠨᠢ 《ᠰᠵᠢᠨ ᠰ᠌ᠧᠩ ᠪᠦᠦ ᠰᠣᠨᠢᠨ》 ᠤ ᠬᠤᠷᠢᠶᠠᠨ ᠳᠠᠷᠤᠭ᠎ᠠ᠂ ᠰᠵᠢᠨ ᠰ᠌ᠧᠩ ᠺᠵᠢᠨᠤ᠋ ᠬᠤᠷᠢᠶᠠᠨ ᠤ ᠵᠢᠩᠯᠢ ᠪᠣᠯᠪᠠ᠃ 1946 ᠣᠨ ᠳᠤ ᠬᠡᠪᠯᠡᠬᠦ ᠬᠤᠷᠢᠶᠠᠨ ᠤ ᠳᠠᠷᠤᠭ᠎ᠠ ᠪᠦᠭᠡᠳ 《ᠵᠡᠭᠦᠨ ᠮᠣᠩᠭᠣᠯ ᠤᠨ ᠰᠢᠨ᠎ᠡ ᠰᠣᠨᠢᠨ》 ᠤ ᠬᠠᠷᠢᠭᠤᠴᠠᠯᠭᠠᠲᠠᠨ ᠪᠣᠯᠪᠠ᠃ ᠲᠣᠰ ᠵᠢᠯ ᠳᠦ ᠦᠪᠥᠷ ᠮᠣᠩᠭᠣᠯ ᠤᠨ ᠦᠪᠡᠷᠲᠡᠭᠡᠨ ᠵᠠᠰᠠᠬᠤ ᠬᠦᠳᠡᠯᠭᠡᠭᠡᠨ ᠦ ᠬᠣᠯᠪᠣᠨ ᠨᠡᠢᠯᠡᠯᠳᠦᠭᠰᠡᠨ ᠬᠤᠷᠠᠯ ᠤᠨ ᠵᠠᠯᠠᠢᠳ᠂ ᠵᠧᠨ ᠯᠠᠶ᠂ ᠲᠠᠢ ᠯᠠᠶ ᠭᠤᠷᠪᠠᠨ ᠰᠵᠢᠨ? ᠦ ᠶᠡᠷᠦᠩᠬᠡᠶ ᠰᠠᠯᠪᠤᠷᠢ ᠬᠤᠷᠠᠯ ᠤᠨ ᠡᠷᠬᠢᠯᠡᠭᠴᠢ ᠪᠣᠯᠵᠤ᠂ ᠣᠷᠣᠨ ᠨᠤᠲᠤᠭ ᠤᠨ ᠦᠪᠡᠷᠲᠡᠭᠡᠨ ᠵᠠᠰᠠᠬᠤ ᠬᠦᠳᠡᠯᠭᠡᠭᠡᠨ ᠳᠦ ᠣᠷᠣᠯᠴᠠᠪᠠ᠃ ᠳᠤᠮᠳᠠᠳᠤ ᠤᠯᠤᠰ ᠤᠨ ᠴᠢᠯᠥᠭᠡᠯᠡᠬᠦ ᠲᠡᠵᠢᠨ ᠦ ᠦᠶ᠎ᠡ ᠳᠦ ᠯᠢᠶᠣᠣᠰᠢ —— ᠬᠢᠷᠢᠨ ᠦ ᠴᠡᠷᠢᠭ ᠦᠨ ᠲᠣᠭᠣᠷᠢᠭ ᠤᠨ ᠵᠠᠯᠠᠢᠳ ᠤᠨ ᠡᠮᠦᠨᠡᠲᠦ ᠬᠡᠰᠡᠭ ᠲᠦ ᠰᠠᠭᠤᠭ᠎ᠠ ᠮᠣᠩᠭᠣᠯ ᠠᠷᠠᠳ ᠤᠨ ᠲᠤᠰᠠᠭᠠᠷ ᠶᠡᠬᠡ ᠠᠩᠭᠢ ᠵᠢᠨ ᠳᠠᠷᠤᠭ᠎ᠠ ᠪᠣᠯᠵᠤ᠂ ᠭᠣᠮᠵᠢᠨᠳᠠᠩ ᠤᠨ ᠣᠷᠣᠨ ᠨᠤᠲᠤᠭ ᠤᠨ ᠬᠦᠴᠦᠨ ᠲᠡᠢ ᠲᠡᠮᠡᠴᠡᠬᠦ ᠵᠢᠨ ᠬᠠᠮᠲᠤ ᠤᠬᠠᠭᠤᠯᠭ᠎ᠠ ᠵᠢᠨ ᠠᠵᠢᠯ ᠬᠢᠵᠦ ᠪᠠᠢᠪᠠ᠃ 1947 ᠣᠨ ᠤ 5 ᠰᠠᠷ᠎ᠠ ᠵᠢᠨ l ᠤ ᠡᠳᠦᠷ᠂ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠪᠠᠢᠭᠤᠯᠤᠭᠳᠠᠬᠤ ᠶᠡᠬᠡ ᠬᠤᠷᠠᠯ ᠳᠤ ᠲᠦᠯᠥᠭᠡᠯᠡᠭᠴᠢ ᠵᠢᠨ ᠬᠤᠪᠢ ᠪᠠᠷ ᠣᠷᠣᠯᠴᠠᠵᠤ᠂ ᠦᠪᠥᠷ ᠮᠣᠩᠭᠣᠯ ᠤᠨ ᠰᠣᠶᠣᠯ ᠬᠦᠮᠦᠵᠢᠯ ᠦᠨ ᠬᠡᠯᠲᠡᠰ ᠦᠨ ᠨᠠᠢᠷᠠᠭᠤᠯᠬᠤ ᠣᠷᠴᠢᠭᠤᠯᠬᠤ ᠭᠠᠵᠠᠷ ᠤᠨ ᠤᠷᠠᠨ ᠵᠢᠷᠤᠭ ᠤᠨ ᠨᠠᠢᠷᠠᠭᠤᠯᠤᠭᠴᠢ᠂ ᠮᠠᠲ᠋ᠧᠷᠢᠶᠠᠯ ᠤᠨ ᠲᠠᠰᠤᠭ ᠤᠨ ᠡᠷᠬᠢᠯᠡᠭᠴᠢ᠂ ᠦᠪᠥᠷ ᠮᠣᠩᠭᠣᠯ ᠤᠨ ᠴᠡᠷᠢᠭ ᠦᠨ ᠲᠣᠭᠣᠷᠢᠭ ᠤᠨ 《ᠪᠠᠢᠯᠳᠤᠭᠠᠨ ᠤ ᠵᠢᠷᠤᠭ ᠲᠦ᠍ ᠰᠡᠳᠬᠦᠯ》 ᠦᠨ ᠬᠤᠷᠢᠶᠠᠨ ᠤ ᠳᠠᠷᠤᠭ᠎ᠠ ᠪᠣᠯᠪᠠ᠃ 1949 ᠣᠨ ᠠᠴᠠ ᠬᠣᠢᠰᠢ᠂ 《ᠦᠪᠥᠷ ᠮᠣᠩᠭᠣᠯ ᠤᠨ ᠡᠳᠦᠷ ᠦᠨ ᠰᠣᠨᠢᠨ》 ᠤ ᠵᠢᠷᠤᠭ ᠤᠨ ᠨᠠᠢᠷᠠᠭᠤᠯᠤᠭᠴᠢ᠂ ᠮᠣᠩᠭᠣᠯ ᠨᠠᠢᠷᠠᠭᠤᠯᠬᠤ ᠬᠡᠯᠲᠡᠰ ᠦᠨ ᠶᠡᠷᠦᠩᠬᠡᠶ ᠨᠠᠢᠷᠠᠭᠤᠯᠬᠤ ᠬᠡᠷ ᠦᠨ ᠳᠡᠳ᠋ ᠡᠷᠬᠢᠯᠡᠭᠴᠢ ᠪᠡᠷ ᠠᠵᠢᠯᠯᠠᠵᠤ ᠪᠠᠢᠪᠠ᠃ ᠭᠤᠴᠢᠭᠠᠳ ᠵᠢᠯ ᠦᠨ ᠲᠦ᠍ᠷᠰᠢ᠂ ᠦᠪᠥᠷ ᠮᠣᠩᠭᠣᠯ ᠤᠨ ᠡᠳᠦᠷ ᠦᠨ ᠰᠣᠨᠢᠨ ᠤ ᠬᠠᠪᠰᠤᠷᠭᠠᠭᠰᠠᠨ ᠵᠢᠷᠤᠭ᠂ ᠭᠠᠷᠴᠠᠭ ᠤᠨ ᠵᠢᠷᠤᠭ᠂ ᠤᠷᠠᠨ ᠦᠰᠥᠭ᠂ ᠦᠷᠭᠦᠯᠵᠢᠯᠡᠭᠰᠡᠨ ᠵᠢᠷᠤᠭ᠂ ᠲᠠᠢᠯᠪᠤᠷᠢ ᠵᠢᠷᠤᠭ᠂ ᠭᠠᠵᠠᠷ ᠤᠨ ᠵᠢᠷᠤᠭ ᠵᠢᠷᠤᠬᠤ ᠡᠭᠦᠷᠭᠡ ᠶᠢ ᠭᠦᠢᠴᠡᠳᠬᠡᠭᠰᠡᠭᠡᠷ ᠢᠷᠡᠪᠡ᠃ ᠲᠡᠭᠦᠨ ᠦ ᠪᠢᠴᠢᠭᠰᠡᠨ 《ᠦᠪᠥᠷ ᠮᠣᠩᠭᠣᠯ ᠤᠨ ᠡᠳᠦᠷ ᠦᠨ ᠰᠣᠨᠢᠨ》 ᠭᠡᠬᠦ ᠮᠣᠩᠭᠣᠯ ᠰᠣᠨᠢᠨ ᠤ ᠨᠡᠷ᠎ᠡ ᠶᠢ ᠲᠠᠪᠢᠭᠠᠳ ᠣᠨ ᠠᠴᠠ ᠳᠠᠯᠠᠭᠠᠳ ᠣᠨ ᠬᠦᠷᠲᠡᠯ᠎ᠡ ᠬᠣᠷᠢ ᠭᠠᠷᠤᠶ ᠵᠢᠯ ᠬᠡᠷᠡᠭᠯᠡᠪᠡ᠃ ᠲᠡᠷᠡ ᠮᠣᠩᠭᠣᠯ ᠬᠤᠯᠤᠰ ᠤᠨ ᠦᠵᠦᠭ ᠦᠨ ᠤᠷᠠᠨ ᠪᠢᠴᠢᠯᠭᠡ ᠶᠢ ᠰᠠᠢᠬᠠᠨ ᠪᠢᠴᠢᠳᠡᠭ᠃ ᠲᠡᠷᠡ ᠮᠣᠩᠭᠣᠯ ᠦᠨᠳᠦᠰᠦᠲᠡᠨ ᠦ ᠤᠯᠠᠮᠵᠢᠯᠠᠯ ᠲᠦ᠍ ᠤᠷ᠎ᠠ ᠮᠡᠷᠭᠡᠵᠢᠯ ᠢ ᠵᠠᠯᠭᠠᠮᠵᠢᠯᠠᠨ ᠪᠠᠳᠠᠷᠠᠭᠤᠯᠵᠤ᠂ ᠦᠭᠡᠷᠡᠴᠢᠯᠡᠨ ᠰᠠᠢᠵᠢᠷᠠᠭᠤᠯᠵᠤ᠂ ᠰᠢᠨ᠎ᠡ ᠴᠠᠭ ᠤᠨ ᠤᠷᠠᠨ ᠵᠢᠷᠤᠭ᠂ ᠢᠯᠠᠩᠭᠤᠶ᠎ᠠ ᠰᠢᠨ᠎ᠡ ᠵᠢᠯ ᠦᠨ ᠵᠢᠷᠤᠭ ᠲᠦ᠍ ᠪᠦᠲᠦᠭᠡᠯᠴᠢ ᠪᠡᠷ ᠬᠡᠷᠡᠭᠯᠡᠵᠦ᠂ ᠦᠨᠳᠦᠰᠦᠲᠡᠨ ᠦ ᠣᠨᠴᠠᠯᠢᠭ ᠪᠠ ᠴᠠᠭ ᠦᠶ᠎ᠡ ᠵᠢᠨ ᠣᠨᠴᠠᠯᠢᠭ ᠲᠠᠢ ᠮᠣᠩᠭᠣᠯ ᠵᠢᠷᠤᠭ ᠢ ᠵᠢᠷᠤᠵᠤ ᠪᠦᠲᠥᠭᠡᠵᠦ᠂ ᠰᠢᠨ᠎ᠡ ᠳᠤᠮᠳᠠᠳᠤ ᠤᠯᠤᠰ ᠤᠨ ᠮᠣᠩᠭᠣᠯ ᠵᠢᠷᠤᠭ ᠤᠨ ᠰᠠᠭᠤᠷᠢᠯᠠᠭᠴᠢ ᠵᠢᠨ ᠨᠢᠭᠡ ᠨᠢ ᠪᠣᠯᠪᠠ᠃ 1949 ᠣᠨ ᠳᠤ ᠵᠢᠷᠤᠭᠰᠠᠨ 《ᠳᠦᠷᠪᠡᠨ ᠤᠯᠠᠷᠢᠯ ᠤᠨ ᠦᠢᠯᠡᠳᠪᠦᠷᠢᠯᠡᠯ ᠦᠨ ᠵᠢᠷᠤᠭ》 ᠭᠡᠬᠦ ᠰᠢᠨ᠎ᠡ ᠵᠢᠯ ᠦᠨ ᠵᠢᠷᠤᠭ᠂ ᠬᠣᠵᠢᠮ ᠤᠨ ᠵᠢᠷᠤᠭ 《ᠬᠦᠮᠦᠨ ᠮᠠᠯ ᠵᠡᠷᠭᠡ ᠪᠡᠷ ᠦᠰᠦᠭᠰᠡᠨ ᠨᠢ》᠂ 《ᠲᠠᠷᠢᠶ᠎ᠠ ᠡᠯᠪᠡᠭ ᠬᠤᠷᠢᠶᠠᠵᠤ ᠮᠠᠯ ᠦᠨᠢᠷ ᠦᠰᠦᠭᠰᠡᠨ ᠨᠢ》᠂ 《ᠡᠳ᠋ ᠪᠠᠷᠠᠭ᠎ᠠ ᠡᠯᠪᠡᠭ ᠳᠡᠯᠪᠡᠭ》 ᠵᠡᠷᠭᠡ ᠰᠢᠨ᠎ᠡ ᠵᠢᠯ ᠦᠨ ᠵᠢᠷᠤᠭ ᠤᠳ ᠨᠢ ᠮᠠᠯᠴᠢᠨ ᠲᠠᠷᠢᠶᠠᠴᠵᠢᠨ ᠤ ᠲᠠᠭᠠᠰᠢᠶᠠᠯ ᠢ ᠤᠯᠪᠠ᠃ ᠢᠯᠠᠩᠭᠤᠶ᠎ᠠ ᠮᠣᠩᠭᠣᠯ ᠤᠨ ᠲᠡᠦᠬᠡᠨ ᠳᠡᠬᠢ ᠠᠯ ᠤᠨ ᠭᠤᠸ᠎ᠠ ᠡᠵᠢ ᠵᠢᠨ ᠲᠠᠪ ᠤᠨ ᠰᠤᠮᠤ ᠪᠠᠷ ᠬᠡᠦᠭᠡᠳ ᠢᠶᠡᠨ ᠰᠤᠷᠭᠠᠭᠰᠠᠨ ᠦᠯᠢᠭᠡᠷ ᠡᠴᠡ ᠰᠡᠳᠦᠪ ᠠᠪᠴᠤ ᠵᠢᠷᠤᠭᠰᠠᠨ 《ᠡᠵᠢ ᠵᠢᠨ ᠰᠤᠷᠭᠠᠯ》 ᠭᠡᠬᠦ ᠵᠢᠷᠤᠭ ᠨᠢ ᠠᠭᠤᠯᠭ᠎ᠠ ᠬᠡᠯᠪᠡᠷᠢ ᠵᠢᠨ ᠲᠠᠯ᠎ᠠ ᠪᠠᠷ ᠴᠦᠮ ᠳᠡᠭᠡᠳᠦ ᠬᠡᠮᠵᠢᠶᠡᠨ ᠳᠦ ᠬᠦᠷᠴᠦ᠂ ᠦᠨᠳᠦᠰᠦᠲᠡᠨ ᠦ ᠤᠷᠠᠨ ᠵᠢᠷᠤᠭ ᠤᠨ ᠦᠪ ᠪᠣᠯᠵᠤ ᠬᠣᠴᠣᠷᠪᠠ᠃ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠢᠭᠡᠮᠯᠢᠭ ᠦᠨ ᠦᠪᠥᠷ ᠮᠣᠩᠭᠣᠯ ᠤᠨ ᠬᠤᠪᠢᠶᠠᠷᠢ ᠨᠡᠢᠭᠡᠮᠯᠢᠭ ᠦᠨ ᠳᠡᠳ᠋ ᠲᠡᠷᠢᠭᠦᠯᠡᠭᠴᠢ᠂ ᠦᠪᠥᠷ ᠮᠣᠩᠭᠣᠯ ᠤᠨ ᠠᠷᠠᠳ ᠤᠨ ᠲᠦᠯᠥᠭᠡᠯᠡᠭᠴᠢᠳ ᠦᠨ ᠶᠡᠬᠡ ᠬᠤᠷᠠᠯ ᠤᠨ ᠲᠦᠯᠥᠭᠡᠯᠡᠭᠴᠢ᠂ ᠦᠪᠥᠷ ᠮᠣᠩᠭᠣᠯ ᠤᠨ ᠤᠯᠤᠰ ᠲᠦᠷᠥ ᠵᠢᠨ ᠵᠦᠪᠯᠡᠯᠭᠡᠨ ᠦ ᠭᠡᠰᠢᠭᠦᠨ ᠵᠡᠷᠭᠡ ᠨᠡᠢᠭᠡᠮ ᠦᠨ ᠲᠤᠰᠢᠶᠠᠯ ᠲᠠᠢ ᠪᠠᠢᠪᠠ᠃ 1978 ᠣᠨ ᠤ 7 ᠰᠠᠷ᠎ᠠ ᠵᠢᠨ 22 ᠤᠨ ᠡᠳᠦᠷ ᠬᠦᠭᠬᠠᠤᠳᠠ ᠳᠦ ᠨᠠᠰᠤ ᠪᠠᠷᠠᠪᠠ᠃
Copyight 2016 by nmgmzw.gov.cn All Rights Reserved