ᠨᠡᠷ᠎ᠡ:
ᠵᠢᠷᠭᠠᠯ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠵᠢᠷᠭᠠᠯ ( 1924~ ) ᠳᠡᠭᠡᠳᠦ ᠵᠡᠷᠭᠡ ᠵᠢᠨ ᠨᠠᠢᠷᠠᠭᠤᠯᠤᠭᠴᠢ᠃ ᠬᠠᠷᠠᠮᠦ᠋ᠷᠡᠨ ᠮᠤᠵᠢ ᠵᠢᠨ ᠹᠦ᠋ ᠢᠧᠶ ᠰᠢᠶᠠᠨ ᠳᠤ ᠲᠦᠷᠥᠵᠡᠢ᠃ 19471945 ᠣᠨ ᠳᠤ ᠸᠠᠩ ᠤᠨ ᠰᠦᠮ᠎ᠡ ᠵᠢᠨ ᠬᠢᠩᠭᠠᠨ ᠳᠡᠭᠡᠳᠦ ᠰᠤᠷᠭᠠᠭᠤᠯᠢ ᠳᠤ ᠰᠤᠷᠤᠯᠴᠠᠪᠠ᠃ 1946 ᠣᠨ ᠤ 1 ᠰᠠᠷ᠎ᠠ ᠳᠤ ᠬᠤᠪᠢᠰᠬᠠᠯ ᠤᠨ ᠠᠵᠢᠯ ᠳᠤ ᠣᠷᠣᠵᠤ᠂ 1946 ᠣᠨ ᠤ 6 ᠰᠠᠷ᠎ᠠ ᠠᠴᠠ 1957 ᠣᠨ ᠤ 12 ᠰᠠᠷ᠎ᠠ ᠪᠣᠯᠲᠠᠯ᠎ᠠ ᠦᠪᠥᠷ ᠮᠣᠩᠭᠣᠯ ᠤᠨ 《ᠣᠯᠠᠨ ᠲᠦᠮᠡᠨ ᠰᠣᠨᠢᠨ》᠂ 《ᠦᠪᠥᠷ ᠮᠣᠩᠭᠣᠯ ᠤᠨ ᠦᠪᠡᠷᠲᠡᠭᠡᠨ ᠵᠠᠰᠠᠬᠤ ᠰᠣᠨᠢᠨ》᠂ 《ᠦᠪᠥᠷ ᠮᠣᠩᠭᠣᠯ ᠤᠨ ᠡᠳᠦᠷ ᠦᠨ ᠰᠣᠨᠢᠨ》 ᠳᠤ ᠰᠤᠷᠪᠤᠯᠵᠢᠯᠠᠭᠴᠢ᠂ ᠰᠤᠷᠪᠤᠯᠵᠢᠯᠠᠬᠤ ᠦᠷᠲᠡᠭᠡ ᠵᠢᠨ ᠳᠠᠷᠤᠭ᠎ᠠ᠂ ᠨᠠᠢᠷᠠᠭᠤᠯᠬᠤ ᠳᠤ ᠤᠨ ᠳᠠᠷᠤᠭ᠎ᠠ᠂ ᠠᠵᠤ ᠠᠬᠤᠶ ᠵᠢᠨ ᠬᠡᠯᠲᠡᠰ ᠦᠨ ᠳᠡᠳ᠋ ᠳᠠᠷᠤᠭ᠎ᠠ ᠵᠡᠷᠭᠡ ᠲᠤᠰᠢᠶᠠᠯ ᠳᠤ ᠪᠠᠢᠭᠰᠠᠨ ᠢᠶᠠᠨ 1958 ~ 1959 ᠣᠨ ᠤ ᠬᠣᠭᠣᠷᠣᠨᠳᠣ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠤᠯᠠᠭᠠᠨᠭᠦᠦ ᠵᠢᠨ ᠪᠢᠴᠢᠭᠡᠴᠢ ᠪᠣᠯᠵᠠᠢ᠃ 1959 ᠣᠨ ᠤ 7 ᠰᠠᠷ᠎ᠠ ᠳᠤ ᠦᠪᠥᠷ ᠮᠣᠩᠭᠣᠯ ᠤᠨ ᠷᠠᠳᠢᠣ᠋ ᠨᠡᠪᠲᠡᠷᠡᠭᠦᠯᠭᠡ ᠵᠢᠨ ᠬᠤᠷᠢᠶᠠᠨ ᠳᠤ ᠠᠵᠢᠯ ᠰᠢᠯᠵᠢᠵᠤ ᠨᠠᠢᠷᠠᠭᠤᠯᠬᠤ ᠬᠡᠯᠲᠡᠰ ᠦᠨ ᠡᠷᠬᠢᠯᠡᠭᠴᠢ᠂ ᠶᠡᠷᠦᠩᠬᠡᠶ ᠨᠠᠢᠷᠠᠭᠤᠯᠬᠤ ᠬᠡᠷ ᠦᠨ ᠡᠷᠬᠢᠯᠡᠭᠴᠢ ᠪᠠᠢᠪᠠ᠃ 1981 ᠣᠨ ᠳᠤ ᠦᠪᠥᠷ ᠮᠣᠩᠭᠣᠯ ᠤᠨ ᠷᠠᠳᠢᠣ᠋ ᠦᠢᠯᠡᠰ ᠦᠨ ᠲᠣᠪᠴᠢᠶ᠎ᠠ ᠵᠢᠨ ᠳᠡᠳ᠋ ᠳᠠᠷᠤᠭ᠎ᠠ ᠪᠣᠯᠪᠠ᠃ 1983 ᠣᠨ ᠳᠤ ᠦᠪᠥᠷ ᠮᠣᠩᠭᠣᠯ ᠤᠨ ᠷᠠᠳᠢᠣ᠋ ᠲᠧᠯᠸᠢᠰ ᠲᠢᠩᠬᠢᠮ ᠦᠨ ᠵᠦᠪᠯᠡᠭᠴᠢ ᠪᠣᠯᠵᠤ᠂ ᠦᠪᠥᠷ ᠮᠣᠩᠭᠣᠯ ᠤᠨ ᠰᠣᠨᠢᠨ ᠮᠡᠳᠡᠭᠡᠨ ᠦ ᠠᠵᠢᠯᠲᠠᠨ ᠤ ᠨᠡᠢᠭᠡᠮᠯᠢᠭ ᠦᠨ ᠳᠡᠳ᠋ ᠲᠡᠷᠢᠭᠦᠯᠡᠭᠴᠢ ᠵᠢᠨ ᠲᠤᠰᠢᠶᠠᠯ ᠢ ᠬᠠᠪᠰᠤᠷᠭᠠᠨ ᠬᠢᠪᠡ᠃ 20 ᠳ᠋ᠤᠭᠠᠷ ᠵᠠᠭ ᠤᠨ ᠤ ᠳᠦᠴᠢᠭᠡᠳ ᠣᠨ ᠤ ᠦᠶ᠎ᠡ ᠳᠦ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠦᠶ᠎ᠡ ᠵᠢᠨ ᠰᠤᠷᠪᠤᠯᠵᠢᠯᠠᠭᠴᠢ᠂ ᠨᠠᠢᠷᠠᠭᠤᠯᠤᠭᠴᠢ ᠵᠢᠨ ᠬᠤᠪᠢ ᠪᠠᠷ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠠᠩᠬᠠᠨ ᠤ ᠨᠠᠮ ᠤᠨ ᠰᠣᠨᠢᠨ ᠢ ᠡᠷᠬᠢᠯᠡᠬᠦ ᠠᠵᠢᠯ ᠳᠤ ᠣᠷᠣᠯᠴᠠᠭᠰᠠᠨ ᠪᠦᠭᠡᠳ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠪᠠᠢᠭᠤᠯᠤᠭᠳᠠᠬᠤ ᠰᠣᠨᠢᠨ ᠮᠡᠳᠡᠭᠡᠯᠡᠯ ᠦᠨ ᠡᠩᠨᠡᠭᠡᠨ ᠳᠦ ᠪᠠᠢᠵᠤ᠂ 1946 ᠣᠨ ᠤ 4ᠰᠠᠷ᠎ᠠ ᠵᠢᠨ 26 ᠤ ᠡᠳᠦᠷ ᠡᠴᠡ 5 ᠰᠠᠷ᠎ᠠ ᠵᠢᠨ ᠡᠬᠢ ᠬᠦᠷᠲᠡᠯ᠎ᠡ 《ᠦᠪᠥᠷ ᠮᠣᠩᠭᠣᠯ ᠤᠨ ᠠᠷᠠᠳ ᠤᠨ ᠲᠦᠯᠥᠭᠡᠯᠡᠭᠴᠢᠳ ᠦᠨ ᠶᠡᠬᠡ ᠬᠤᠷᠠᠯ ᠦᠪᠡᠳᠡᠭᠰᠢ ᠶᠡᠬᠡ ᠪᠡᠷ ᠶᠠᠪᠤᠭᠳᠠᠵᠠᠢ》 ( 《ᠦᠪᠥᠷ ᠮᠣᠩᠭᠣᠯ ᠤᠨ ᠦᠪᠡᠷᠲᠡᠭᠡᠨ ᠵᠠᠰᠠᠬᠤ ᠰᠣᠨᠢᠨ》 1947. 4. 26 )᠂ 《ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠢᠭᠤᠯᠤᠭᠳᠠᠬᠤ ᠶᠣᠰᠣᠯᠠᠯ ᠰᠦᠷ ᠵᠢᠪᠬᠤᠭ᠎ᠠ ᠲᠠᠢ ᠶᠠᠪᠤᠭᠳᠠᠪᠠ》 《ᠦᠪᠥᠷ ᠮᠣᠩᠭᠣᠯ ᠤᠨ ᠦᠪᠡᠷᠲᠡᠭᠡᠨ ᠵᠠᠰᠠᠬᠤ ᠰᠣᠨᠢᠨ》 1947 5 3 ) ᠵᠡᠷᠭᠡ 8 ᠵᠤᠷᠪᠤᠰ ᠮᠡᠳᠡᠭᠡ ᠪᠠ ᠴᠢᠮᠡᠭᠡᠯᠡᠯ ᠪᠢᠴᠢᠵᠤ᠂ ᠦᠪᠥᠷ ᠮᠣᠩᠭᠣᠯ ᠤᠨ ᠠᠷᠠᠳ ᠲᠦᠮᠡᠨ ᠪᠦᠬᠦᠨ ᠦ ᠰᠠᠨᠠᠭᠠᠰᠢᠷᠠᠵᠤ ᠪᠠᠢᠭᠰᠠᠨ ᠪᠠᠶᠠᠷ ᠲᠦ᠍ ᠬᠡᠷᠡᠭ ᠢ ᠴᠠᠭ ᠲᠤᠰᠭᠠᠢ ᠳ ᠤᠨᠢ ᠳᠠᠮᠵᠢᠭᠤᠯᠵᠠᠢ᠃ ᠦᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠠᠴᠠ ᠳᠠᠷᠠᠭ᠎ᠠ ᠴᠢᠯᠥᠭᠡᠯᠡᠬᠦ ᠲᠡᠵᠢᠨ ᠦ ᠬᠤᠭᠤᠴᠠᠭᠠᠨ ᠳᠤ ᠡᠮᠦᠨ᠎ᠡ ᠹᠷᠣᠨᠲ ᠢ ᠳᠡᠮᠵᠢᠬᠦ᠂ ᠭᠠᠵᠠᠷ ᠰᠢᠷᠣᠶ ᠵᠢᠨ ᠦᠭᠡᠷᠡᠴᠢᠯᠡᠯᠲᠡ ᠬᠢᠬᠦ ᠪᠠ ᠮᠠᠯᠵᠢᠬᠤ ᠣᠷᠣᠨ ᠳᠤ 《ᠬᠤᠪᠢᠶᠠᠬᠤ ᠦᠬᠡᠶ ᠲᠡᠮᠡᠴᠡᠬᠦ ᠦᠬᠡᠶ ᠠᠩᠭᠢ ᠢᠯᠭᠠᠬᠤ ᠦᠬᠡᠶ᠂ ᠮᠠᠯᠴᠢᠨ ᠪᠠ ᠮᠠᠯ ᠤᠨ ᠡᠵᠡᠨ ᠬᠣᠶᠠᠷ ᠲᠦ᠍ ᠠᠰᠢᠭᠲᠠᠶ》 ᠲᠦᠷᠥ ᠵᠢᠨ ᠪᠣᠳᠣᠯᠭ᠎ᠠ ᠶᠢ ᠰᠤᠷᠲᠠᠯᠴᠢᠯᠠᠬᠤ ᠳᠤ ᠣᠷᠣᠯᠴᠠᠵᠤ᠂ ᠣᠯᠠᠨ ᠲᠣᠭᠠᠨ ᠤ ᠰᠣᠨᠢᠨ ᠮᠡᠳᠡᠭᠡ ᠴᠢᠮᠡᠭᠡᠯᠡᠯ ᠪᠤᠶᠤ ᠦᠭᠦᠯᠡᠯ ᠨᠠᠢᠳᠠᠯᠠᠵᠠᠢ᠃ ᠲᠠᠪᠢᠭᠠᠳ ᠣᠨ ᠤ ᠦᠶ᠎ᠡ ᠳᠦ ᠦᠢᠯᠡᠳᠪᠦᠷᠢᠯᠡᠯ ᠢᠶᠡᠨ ᠬᠦᠭᠵᠢᠭᠦᠯᠵᠦ ᠠᠷᠠᠳ ᠤᠨ ᠠᠮᠢᠳᠤᠷᠠᠯ ᠢ ᠰᠠᠢᠵᠢᠷᠠᠭᠤᠯᠬᠤ ᠪᠠ ᠰᠢᠯᠵᠢᠯᠲᠡ ᠵᠢᠨ ᠦᠶ᠎ᠡ ᠵᠢᠨ ᠨᠠᠮ ᠤᠨ ᠶᠡᠷᠦᠩᠬᠡᠶ ᠱᠣᠭᠤᠮ ᠢ ᠤᠬᠠᠭᠤᠯᠬᠤ ᠳᠤᠮᠳᠠ ᠣᠯᠠᠨ ᠤᠳᠠᠭ᠎ᠠ ᠬᠦᠳᠡᠭᠡ ᠭᠦᠨᠵᠡᠭᠡᠢᠷᠡᠵᠦ 《 ᠮᠠᠯᠴᠢᠨ ᠵᠢᠱ᠌ᠢᠶᠡᠴᠢᠢ ᠰᠠᠩ ᠲᠦ᠍ᠪᠤᠨᠬᠵᠢᠨ》《ᠦᠪᠥᠷ ᠮᠣᠩᠭᠣᠯ ᠤᠨ ᠡᠳᠦᠷ ᠦᠨ ᠰᠣᠨᠢᠨ》 1950. 1L 6 )᠂ 《ᠰᠢᠶᠠᠨ ᠹᠧᠩ ᠲᠣᠰᠬᠣᠨ ᠤ ᠠᠷᠠᠳ ᠤᠨ ᠠᠮᠢᠳᠤᠷᠠᠯ ᠤᠨ ᠰᠵᠢᠨ᠎ᠡ ᠬᠤᠪᠢᠷᠠᠯᠲᠠ》 ( 《ᠦᠪᠥᠷ ᠮᠣᠩᠭᠣᠯ ᠤᠨ ᠡᠳᠦᠷ ᠦᠨ ᠰᠣᠨᠢᠨ》 1953 L 7 )᠂ 《ᠡᠪᠡᠰᠦ ᠪᠣᠷᠳᠣᠭᠠᠨ ᠤ ᠭᠠᠵᠠᠷ ᠢ ᠢᠳᠡᠪᠬᠢᠲᠡᠶ ᠪᠠᠢᠭᠤᠯᠰᠤᠭᠠᠢ》 《《ᠦᠪᠥᠷ ᠮᠣᠩᠭᠣᠯ ᠤᠨ ᠡᠳᠦᠷ ᠦᠨ ᠰᠣᠨᠢᠨ》 1956 4. 21 ) ᠵᠡᠷᠭᠡ 100 ᠭᠠᠷᠤᠶ ᠮᠡᠳᠡᠭᠡ ᠴᠢᠮᠡᠭᠡᠯᠡᠯ ᠦᠭᠦᠯᠡᠯ ᠦᠳ ᠢ ᠪᠢᠴᠢᠵᠡᠢ᠃ ᠷᠠᠳᠢᠣ᠋ ᠰᠣᠨᠢᠨ ᠮᠡᠳᠡᠭᠡᠨ ᠦ ᠹᠷᠣᠨᠲ ᠲᠦ᠍ ᠢᠷᠡᠭᠰᠡᠨ ᠦ ᠳᠠᠷᠠᠭ᠎ᠠ ᠭᠣᠣᠯᠳᠠᠭᠤ ᠷᠠᠳᠢᠣ᠋ ᠰᠣᠨᠢᠨ ᠮᠡᠳᠡᠭᠡ ᠵᠢᠨ ᠰᠤᠷᠲᠠᠯᠴᠢᠯᠠᠭ᠎ᠠ ᠵᠢᠨ ᠲᠦᠯᠥᠪᠯᠡᠭᠡ ᠬᠢᠬᠦ᠂ ᠵᠣᠬᠢᠶᠠᠨ ᠪᠠᠢᠭᠤᠯᠬᠤ ᠳᠤ ᠣᠷᠣᠯᠴᠠᠵᠤ᠂ ᠲᠣᠮᠣ ᠲᠣᠮᠣ ᠰᠤᠷᠪᠤᠯᠵᠢᠯᠠᠭ᠎ᠠ ᠵᠢᠨ ᠠᠵᠢᠯᠯᠠᠭ᠎ᠠ ᠶᠢ ᠪᠣᠳᠠᠲᠠᠶ ᠠᠳᠬᠤᠵᠠᠶ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠠᠴᠠ ᠬᠣᠢᠰᠢ ᠦᠵᠡᠯ ᠰᠠᠨᠠᠭ᠎ᠠ ᠪᠠᠨ ᠴᠢᠯᠥᠭᠡᠯᠡᠬᠦ ᠪᠠ ᠦᠭᠡᠷᠡᠴᠢᠯᠡᠯᠲᠡ ᠨᠡᠭᠡᠭᠡᠯᠲᠡ ᠬᠢᠬᠦ ᠵᠢᠴᠢ ᠮᠠᠯ ᠲᠠᠷᠢᠶᠠᠯᠠᠩ ᠢ ᠡᠷᠦᠬᠡ ᠳᠦ ᠳᠠᠭᠠᠭᠠᠴᠢᠯᠠᠭᠤᠯᠬᠤ ᠲᠤᠰᠭᠠᠢ ᠮᠡᠳᠡᠭᠡᠯᠡᠬᠦ ᠲᠦᠰᠦᠪ ᠲᠦᠯᠥᠪᠯᠡᠭᠡ ᠶᠢ ᠢᠳᠡᠪᠬᠢᠲᠡᠶ ᠵᠣᠬᠢᠶᠠᠵᠤ᠂ ᠰᠤᠷᠪᠤᠯᠵᠢᠯᠠᠭᠴᠢ ᠨᠠᠢᠷᠠᠭᠤᠯᠤᠭᠴᠢ ᠪᠠᠨ ᠣᠯᠠᠨ ᠤᠳᠠᠭ᠎ᠠ ᠬᠦᠳᠡᠭᠡ ᠪᠠᠭᠤᠯᠭᠠᠵᠤ᠂ ᠬᠦᠮᠦᠰ ᠢ ᠵᠣᠷᠢᠭᠵᠢᠭᠤᠯᠬᠤ ᠴᠢᠨᠠᠷ ᠲᠠᠢ ᠡᠬᠡ ᠪᠢᠴᠢᠭ ᠣᠯᠠᠨ ᠨᠡᠪᠲᠡᠷᠡᠭᠦᠯᠵᠡᠢ᠃ ᠪᠠᠰᠠ 《ᠦᠪᠥᠷ ᠮᠣᠩᠭᠣᠯ ᠰᠠᠢᠬᠠᠨ ᠣᠷᠣᠨ》 ( 30 ᠲᠦᠮᠡᠨ ᠦᠰᠥᠭ ᠲᠡᠢ ) ᠭᠡᠬᠦ ᠨᠣᠮ ᠢ ᠪᠡᠶ᠎ᠡ ᠪᠡᠷ ᠢᠶᠡᠨ ᠵᠣᠬᠢᠶᠠᠨ ᠪᠠᠢᠭᠤᠯ ᠤᠨ ᠪᠢᠴᠢᠭᠦᠯᠵᠦ ᠬᠡᠪᠯᠡᠭᠦᠯᠦᠭᠰᠡᠨ ᠪᠦᠭᠡᠳ 《ᠰᠢᠯᠢᠳᠡᠭ ᠡᠬᠡ ᠪᠢᠴᠢᠭ ᠪᠢᠴᠢᠵᠤ ᠨᠡᠷ᠎ᠡ ᠨᠢᠳᠡᠷ ᠲᠡᠭᠡᠨ ᠲᠣᠬᠢᠷᠠᠭᠰᠠᠨ ᠰᠤᠷᠪᠤᠯᠵᠢᠯᠠᠭᠴᠢ ᠪᠤᠯᠰᠤᠭᠠᠢ》᠂ 《ᠳᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ ᠷᠠᠳᠢᠣ᠋ ᠲᠧᠯᠸᠢᠰ ᠢᠶᠡᠨ ᠰᠠᠵᠢᠨ ᠡᠷᠬᠢᠯᠡᠶ᠎ᠡ》᠂ 《ᠭᠠᠵᠠᠷ ᠣᠷᠣᠨ ᠤ ᠷᠠᠳᠢᠣ᠋ ᠬᠣᠷᠢᠶ᠎ᠠ ᠵᠠᠪᠠᠯ ᠦᠨᠳᠦᠰᠦᠲᠡᠨ ᠦ ᠣᠨᠴᠠᠯᠢᠭ ᠭᠠᠵᠠᠷ ᠣᠷᠣᠨ ᠤ ᠣᠨᠴᠠᠯᠢᠭ ᠢᠶᠠᠨ ᠲᠣᠪᠣᠢᠯᠭᠠᠪᠠᠯ ᠵᠣᠬᠵᠢᠨᠠ》 ᠭᠡᠬᠦ ᠵᠡᠷᠭᠡ ᠦᠭᠦᠯᠡᠯ ᠨᠠᠢᠳᠠᠯᠠᠵᠠᠢ᠃
Copyight 2016 by nmgmzw.gov.cn All Rights Reserved