ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠵᠦᠯᠡᠨᠴᠡᠴᠡᠭ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠵᠦᠯᠡᠨᠴᠡᠴᠡᠭ ( 1930~》 ᠡᠮᠡᠭᠲᠡᠶ᠂ ᠦᠪᠥᠷ ᠮᠣᠩᠭᠣᠯ  ᠤᠨ ᠷᠠᠳᠢᠣ᠋ ᠲᠧᠯᠸᠢᠰ ᠨᠡᠢᠭᠡᠮᠯᠢᠭ ᠢ ᠡᠭᠦᠰᠬᠡᠨ ᠪᠠᠢᠭᠤᠯᠤᠭᠴᠢ᠃ ᠳᠤᠮᠳᠠᠳᠤ ᠤᠯᠤᠰ  ᠤᠨ ᠯᠢᠶᠣᠣᠨᠢᠩ ᠮᠤᠵᠢ  ᠵᠢᠨ ᠹᠦᠰᠵᠢᠨ ᠨᠤᠲᠤᠭ ᠲᠠᠢ᠃ 1946 ᠣᠨ ᠳᠤ ᠬᠤᠪᠢᠰᠬᠠᠯ  ᠤᠨ ᠠᠵᠢᠯ ᠳᠤ ᠣᠷᠣᠯᠴᠠᠵᠤ ᠲᠣᠰ ᠵᠢᠯ ᠳᠡᠭᠡᠨ ᠳᠤᠮᠳᠠᠳᠤ ᠤᠯᠤᠰ  ᠤᠨ ᠡᠪ ᠬᠠᠮᠲᠤ ᠨᠠᠮ ᠳᠤ ᠣᠷᠣᠵᠠᠶ᠃ ᠤᠷᠢᠳ ᠬᠣᠵᠢᠳ ᠦᠪᠥᠷ ᠮᠣᠩᠭᠣᠯ  ᠤᠨ ᠦᠪᠡᠷᠲᠡᠭᠡᠨ ᠵᠠᠰᠠᠬᠤ ᠳᠡᠭᠡᠳᠦ ᠰᠤᠷᠭᠠᠭᠤᠯᠢ᠂ ᠵᠡᠭᠦᠨ ᠬᠣᠢᠲᠤ ᠣᠷᠣᠨ ᠳᠠᠬᠢ ᠯᠦ᠍ ᠰᠢᠶᠣᠨ ᠤ ᠤᠳᠬ᠎ᠠ ᠤᠷᠠᠯᠢᠭ  ᠤᠨ ᠳᠡᠭᠡᠳᠦ ᠰᠤᠷᠭᠠᠭᠤᠯᠢ᠂ ᠲᠦᠪ ᠦᠨ ᠰᠢ ᠵᠦᠴᠦᠭᠡ ᠵᠢᠨ ᠳᠡᠭᠡᠳᠦ ᠰᠤᠷᠭᠠᠭᠤᠯᠢ ᠳᠤ ᠰᠤᠷᠤᠯᠴᠠᠵᠤ ᠦᠩᠭᠡᠷᠡᠪᠡ᠃ 1956~ 1966 ᠣᠨ ᠤ ᠬᠣᠭᠣᠷᠣᠨᠳᠣ ᠦᠪᠥᠷ ᠮᠣᠩᠭᠣᠯ  ᠤᠨ ᠦᠨᠳᠦᠰᠦᠲᠡᠨ ᠦ ᠳᠠᠭᠤᠯᠠᠯ   ᠲᠦ᠍ ᠵᠦᠴᠦᠭᠡ  ᠵᠢᠨ ᠪᠦᠯᠬᠦᠮ ᠦᠨ ᠳᠡᠳ᠋ ᠳᠠᠷᠤᠭ᠎ᠠ᠂ ᠳᠠᠷᠤᠭ᠎ᠠ᠂ ᠤᠳᠤᠷᠢᠳᠤᠭᠠᠴᠢ᠂ ᠦᠪᠥᠷ ᠮᠣᠩᠭᠣᠯ  ᠤᠨ ᠺᠢᠨᠣ᠋ ᠦᠢᠯᠡᠳᠪᠦᠷᠢ  ᠵᠢᠨ ᠳᠠᠷᠤᠭ᠎ᠠ᠂ ᠤᠳᠤᠷᠢᠳᠤᠭᠠᠴᠢ᠂ ᠦᠪᠥᠷ ᠮᠣᠩᠭᠣᠯ  ᠤᠨ ᠤᠳᠬ᠎ᠠ ᠤᠷᠠᠯᠢᠭ  ᠤᠨ ᠬᠣᠯᠪᠣᠭᠠᠨ ᠤ ᠳᠡᠳ᠋ ᠲᠡᠷᠢᠭᠦᠯᠡᠭᠴᠢ ᠪᠠᠢᠵᠤ᠂ 《ᠲᠠᠯ᠎ᠠ ᠨᠤᠲᠤᠭ  ᠤᠨ ᠦᠷᠯᠥᠭᠡ  ᠵᠢᠨ ᠤᠶᠠᠩᠭ᠎ᠠ》᠂ 《ᠯᠢ ᠣ ᠬᠠᠶ》᠂ 《ᠵᠠᠯᠠᠭᠤ ᠠᠸᠠᠩᠭᠠᠷᠳ᠋》᠂ 《ᠣᠷᠰ᠌ᠤᠳ  ᠤᠨ ᠰᠵᠢᠨ᠎ᠡ ᠳᠠᠭᠤᠯᠠᠯ》 ᠵᠡᠷᠭᠡ ᠺᠢᠨᠣ᠋᠂ ᠵᠦᠴᠦᠭᠡ  ᠵᠢᠨ ᠤᠳᠤᠷᠢᠳᠤᠭᠠᠴᠢ ᠪᠣ ᠯᠦ᠍ᠭᠰᠠᠨ ᠪᠦᠭᠡᠳ 《ᠬᠦᠷᠡᠯᠪᠠᠭᠠ   ᠲᠦ᠍ᠷ》 ᠭᠡᠬᠦ ᠺᠢᠨᠣ᠋ ᠵᠣᠬᠢᠶᠠᠯ ᠬᠡᠪᠯᠡᠭᠦᠯᠪᠡ᠃ 1967—— 1991 ᠣᠨ ᠤ ᠬᠣᠭᠣᠷᠣᠨᠳᠣ ᠳᠤᠮᠳᠠᠳᠤ ᠤᠯᠤᠰ  ᠤᠨ ᠡᠪ ᠬᠠᠮᠲᠤ ᠨᠠᠮ  ᠤᠨ ᠪᠤᠭᠤ   ᠲᠦ᠍ ᠬᠣᠲᠠ  ᠵᠢᠨ ᠨᠠᠮ  ᠤᠨ ᠬᠣᠷᠢᠶ᠎ᠠ  ᠵᠢᠨ ᠨᠢᠭᠡᠳᠦᠮᠡᠯ ᠹᠷᠣᠨᠲ  ᠤᠨ ᠬᠡᠯᠲᠡᠰ ᠦᠨ ᠳᠡᠳ᠋ ᠳᠠᠷᠤᠭ᠎ᠠ᠂ ᠦᠪᠥᠷ ᠮᠣᠩᠭᠣᠯ  ᠤᠨ ᠷᠠᠳᠢᠣ᠋ ᠦᠢᠯᠡᠰ ᠦᠨ ᠲᠣᠪᠴᠢᠶ᠎ᠠ  ᠵᠢᠨ ᠳᠡᠳ᠋ ᠳᠠᠷᠤᠭ᠎ᠠ᠂ ᠦᠪᠥᠷ ᠮᠣᠩᠭᠣᠯ  ᠤᠨ ᠷᠠᠳᠢᠣ᠋ ᠲᠧᠯᠸᠢᠰ ᠲᠢᠩᠬᠢᠮ ᠦᠨ ᠳᠠᠷᠤᠭ᠎ᠠ  ᠵᠢᠨ    ᠲᠤᠰᠢᠶᠠᠯ ᠳᠤ ᠪᠠᠢᠪᠠ᠃ ᠡᠨᠡ ᠬᠤᠭᠤᠴᠠᠭᠠᠨ ᠳᠠᠭᠠᠨ ᠦᠨᠳᠦᠰᠦᠲᠡᠨ ᠦ ᠷᠠᠳᠢᠣ᠋ ᠲᠧᠯᠸᠢᠰ ᠦᠢᠯᠡᠰ ᠦᠨ ᠬᠦᠭᠵᠢᠯᠲᠡ ᠳᠦ ᠶᠡᠬᠡᠬᠡᠨ ᠬᠤᠪᠢ ᠨᠡᠮᠡᠷᠢ ᠦᠵᠡᠭᠦᠯᠪᠡ᠃ ᠮᠣᠩᠭᠣᠯ ᠷᠠᠳᠢᠣ᠋ ᠲᠧᠯᠸᠢᠰ ᠦᠨ ᠤᠬᠠᠭᠤᠯᠭ᠎ᠠ  ᠵᠢᠨ ᠦᠵᠡᠯ ᠰᠠᠨᠠᠭ᠎ᠠ᠂ ᠴᠢᠭᠯᠡᠯᠲᠡ ᠶᠢ ᠴᠠᠭ ᠦᠷᠭᠦᠯᠵᠢ ᠠᠩᠬᠠᠷ ᠤᠨ᠂ ᠨᠠᠢᠷᠠᠭᠤᠯᠭ᠎ᠠ ᠨᠡᠪᠲᠡᠷᠡᠭᠦᠯᠭᠡ  ᠵᠢᠨ ᠠᠷᠭ᠎ᠠ ᠮᠠᠶᠢᠭ ᠪᠣᠳᠠᠲᠠᠶ ᠪᠤᠯᠤᠩ ᠢ ᠡᠷᠬᠢᠯᠡᠬᠦ ᠬᠦᠷᠲᠡᠯ᠎ᠡ ᠪᠣᠳᠠᠲᠠᠶ ᠠᠳᠬᠤᠵᠤ᠂ ᠦᠪᠥᠷ ᠮᠣᠩᠭᠣᠯ  ᠤᠨ ᠦᠭᠡᠷᠡᠴᠢᠯᠡᠯᠲᠡ ᠨᠡᠭᠡᠭᠡᠯᠲᠡ  ᠵᠢᠨ ᠦᠢᠯᠡᠰ ᠦᠨ ᠠᠬᠢᠯᠲᠠ ᠳᠠᠪᠰᠢᠯᠲᠠ ᠳᠤ ᠵᠦᠪ ᠶᠠᠷᠢᠶ᠎ᠠ ᠬᠡᠯᠡᠯᠴᠡᠭᠡ ᠵᠣᠬᠢᠶᠠᠵᠠᠶ᠃ 1988 ᠣᠨ ᠳᠤ ᠦᠪᠥᠷ ᠮᠣᠩᠭᠣᠯ  ᠤᠨ ᠦᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠨᠡᠢᠭᠡᠮᠯᠢᠭ ᠢ ᠰᠠᠨᠠᠭᠠᠴᠢᠯᠠᠨ ᠪᠠᠢᠭᠤᠯᠵᠤ᠂ ᠨᠡᠢᠭᠡᠮᠯᠢᠭ ᠦᠨ ᠲᠦᠷᠢᠮ ᠢ ᠪᠠ   ᠲᠦ᠍ᠯᠠᠵᠤ ᠦᠨᠳᠦᠰᠦᠲᠡᠨ ᠦ ᠷᠠᠳᠢᠣ᠋ ᠲᠧᠯᠸᠢᠰ ᠦᠨ ᠡᠷᠳᠡᠮ ᠰᠢᠨᠵᠢᠯᠡᠭᠡᠨ ᠦ ᠠᠵᠢᠯ ᠢ ᠠᠬᠢᠭᠤᠯᠬᠤ ᠳᠤ ᠪᠠ   ᠲᠦ᠍ ᠰᠠᠭᠤᠷᠢ ᠲᠠᠯᠪᠢᠵᠤ ᠦᠭᠪᠡ᠃ ᠲᠡᠭᠦᠨ ᠦ ᠨᠡᠢᠲᠡᠯᠡᠭᠦᠯᠦᠭᠰᠡᠨ ᠦᠭᠦᠯᠡᠯ ᠭᠡᠪᠡᠯ 《ᠬᠣᠶᠠᠷ ᠪᠣᠯᠪᠠᠰ ᠤᠨ ᠤ ᠪᠠᠢᠭᠤᠯᠤᠯᠲᠠ  ᠵᠢᠨ ᠳᠤᠮᠳᠠ ᠷᠠᠳᠢᠣ᠋ ᠲᠧᠯᠸᠢᠰ ᠦᠨ ᠦᠢᠯᠡᠳᠦᠯ ᠢ ᠰᠠᠢ   ᠲᠦ᠍ᠷ ᠪᠠᠳᠠᠷᠠᠭᠤᠯᠰᠤᠭᠠᠢ》᠂ 《ᠤᠳᠬ᠎ᠠ ᠤᠷᠠᠯᠢᠭ  ᠤᠨ ᠪᠦᠲᠦᠭᠡᠯ ᠴᠠᠭ ᠡᠷᠡᠨ ᠦ ᠦᠩᠭᠡ ᠳᠦᠷᠰᠦ ᠶᠢ   ᠲᠦ᠍ᠰᠬᠠᠬᠤ ᠬᠡᠷᠡᠭᠲᠡᠶ》 ᠵᠡᠷᠭᠡ ᠪᠣ ᠯᠦ᠍ᠨ᠎ᠠ᠃ 《ᠰᠠᠵᠢᠨ ᠰᠠᠢᠬᠠᠨ ᠡᠷᠭᠢᠴᠡᠭᠦᠯᠦᠯ》᠂ 《ᠦᠪᠥᠷ ᠮᠣᠩᠭᠣᠯ ᠠᠴᠠ ᠢᠷᠡᠭᠰᠡᠨ ᠮᠡᠳᠡᠭᠡᠯᠡᠯ》 ᠭᠡᠬᠦ ᠬᠣᠶᠠᠷ ᠨᠣᠮ ᠨᠠᠢᠷᠠᠭᠤᠯ ᠤᠨ ᠬᠡᠪᠯᠡᠭᠦᠯᠪᠡ᠃ ᠲᠡᠷᠡ ᠪᠡᠷ ᠳᠤᠮᠳᠠᠳᠤ ᠤᠯᠤᠰ  ᠤᠨ ᠷᠠᠳᠢᠣ᠋ ᠲᠧᠯᠸᠢᠰ ᠨᠡᠢᠭᠡᠮᠯᠢᠭ ᠦᠨ ᠳᠡᠳ᠋ ᠳᠠᠷᠤᠭ᠎ᠠ᠂ ᠳᠤᠮᠳᠠᠳᠤ ᠤᠯᠤᠰ  ᠤᠨ ᠲᠧᠯᠸᠢᠰ ᠤᠷᠠᠯᠢᠭᠴᠢᠳ  ᠤᠨ ᠨᠡᠢᠭᠡᠮᠯᠢᠭ ᠦᠨ ᠳᠡᠳ᠋ ᠲᠡᠷᠢᠭᠦᠯᠡᠭᠴᠢ᠂ ᠳᠤᠮᠳᠠᠳᠤ ᠤᠯᠤᠰ  ᠤᠨ ᠰᠤᠷᠪᠤᠯᠵᠢᠯᠠᠭᠴᠢᠳ  ᠤᠨ ᠨᠡᠢᠭᠡᠮᠯᠢᠭ ᠦᠨ ᠪᠠᠢᠩᠭᠤ  ᠵᠢᠨ ᠬᠡᠷᠡᠭ ᠡᠷᠬᠢᠯᠡᠭᠴᠢ  ᠵᠢᠨ ᠲᠤᠰᠢᠶᠠᠯ ᠳᠤ ᠪᠠᠵᠢᠨ᠎ᠠ᠃ ᠬᠢᠨᠠᠭᠰᠠᠨ ᠨᠣᠮ᠄ 《ᠳᠤᠮᠳᠠᠳᠤ ᠤᠯᠤᠰ  ᠤᠨ ᠵᠠᠳᠢ? ᠲᠧᠯᠸᠢᠰ ᠬᠦᠮᠦᠰ ᠦᠨ ᠲᠣᠯᠢ》 ( ᠬᠢᠲᠠᠳ ) ᠪᠡᠭᠡᠵᠢᠩ ᠦᠨ ᠷᠠᠧᠶ? ᠳᠡᠭᠡᠳᠦ ᠰᠤᠷᠭᠠᠭᠤᠯᠢ  ᠵᠢᠨ ᠬᠡᠪᠯᠡᠯ ᠦᠨ ᠬᠣᠷᠢᠶ᠎ᠠ᠂ 2000 ᠣᠨ᠃