ᠨᠡᠷ᠎ᠡ:
ᠵᠦᠷᠦᠩᠭᠠ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠵᠦᠷᠦᠩᠭᠠ ( 1922~ 2002 ) ᠨᠠᠢᠷᠠᠭᠤᠯᠤᠭᠴᠢ᠂ ᠣᠷᠴᠢᠭᠤᠯᠤᠭᠴᠢ᠃ ᠦᠪᠥᠷ ᠮᠣᠩᠭᠣᠯ ᠤᠨ ᠬᠣᠷᠴᠢᠨ ᠪᠠᠷᠠᠭᠤᠨ ᠭᠠᠷ ᠤᠨ ᠳᠤᠮᠳᠠᠳᠤ ᠬᠣᠰᠢᠭᠤᠨ ᠤ ᠬᠦᠮᠦᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠲᠡᠷᠡ ᠪᠡᠷ l940 ᠣᠨ ᠳᠤ ᠬᠠᠭᠤᠷᠮᠠᠭ ᠮᠠᠨᠵᠤ ᠵᠢᠨ ᠬᠢᠩᠭᠠᠨ ᠡᠮᠦᠨᠡᠲᠦ ᠮᠤᠵᠢ ᠵᠢᠨ ᠮᠤᠵᠢ ᠠᠴᠠ ᠪᠠᠢᠭᠤᠯᠤᠭᠰᠠᠨ ᠪᠠᠭᠰᠢ ᠵᠢᠨ ᠵᠢᠷᠤᠮ ᠤᠨ ᠰᠤᠷᠭᠠᠭᠤᠯᠢ ᠠᠴᠠ ᠲᠡᠭᠦᠰᠴᠡᠢ᠃ ᠬᠣᠷᠴᠢᠨ ᠪᠠᠷᠠᠭᠤᠨ ᠭᠠᠷ ᠤᠨ ᠳᠤᠮᠳᠠᠳᠤ ᠬᠣᠰᠢᠭᠤᠨ ᠤ ᠤᠯᠤᠰ ᠤᠨ ᠠᠷᠠᠳ ᠤᠨ ᠦᠯᠡᠮᠵᠢ ᠵᠡᠷᠭᠡ ᠵᠢᠨ ᠰᠤᠷᠭᠠᠭᠤᠯᠢ ᠵᠢᠨ ᠪᠠᠭᠰᠢ᠂ ᠰᠤᠷᠭᠠᠭᠤᠯᠢ ᠵᠢᠨ ᠵᠠᠬᠢᠷᠤᠯ ᠪᠠᠢᠪᠠ᠃ 1946 ᠣᠨ ᠳᠤ ᠠᠵᠢᠯ ᠳᠤ ᠣᠷᠣᠵᠤ᠂ ᠬᠣᠷᠴᠢᠨ ᠪᠠᠷᠠᠭᠤᠨ ᠭᠠᠷ ᠤᠨ ᠳᠤᠮᠳᠠᠳᠤ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭᠡᠴᠢ ᠵᠢᠨ ᠰᠠᠯᠠᠭᠠᠨ ᠤ ᠳᠡᠳ᠋ ᠳᠠᠷᠤᠭ᠎ᠠ᠂ ᠬᠣᠰᠢᠭᠤᠨ ᠤ ᠠᠮᠤᠷ ᠢ ᠬᠠᠮᠠᠭᠠᠯᠠᠬᠤ ᠶᠡᠬᠡ ᠠᠩᠭᠢ ᠵᠢᠨ ᠳᠡᠳ᠋ ᠵᠢᠭᠠᠨ ᠵᠢ ᠯᠦ᠍ᠭᠣᠳᠣᠭᠴᠢ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠦᠪᠥᠷ ᠮᠣᠩᠭᠣᠯ ᠤᠨ ᠴᠡᠷᠢᠭ ᠦᠨ ᠲᠣᠭᠣᠷᠢᠭ ᠤᠨ ᠺᠠᠲᠠᠷ ᠤᠨ ᠰᠤᠷᠭᠠᠭᠤᠯᠢ ᠳᠤ ᠣᠷᠴᠢᠭᠤᠯᠤᠭᠴᠢ ᠪᠠᠢᠪᠠ᠃ ᠳᠠᠷᠠᠭ᠎ᠠ ᠨᠢ ᠬᠣᠷᠴᠢᠨ ᠪᠠᠷᠠᠭᠤᠨ ᠭᠠᠷ ᠤᠨ ᠳᠤᠮᠳᠠᠳᠤ ᠬᠣᠰᠢᠭᠤᠨ ᠤ ᠪᠠᠭ᠎ᠠ ᠰᠤᠷᠭᠠᠭᠤᠯᠢ ᠵᠢᠨ ᠵᠠᠬᠢᠷᠤᠯ᠂ ᠵᠣᠣ ᠤᠳᠠ ᠠᠢᠮᠠᠭ ᠤᠨ ᠳᠤᠮᠳᠠᠳᠤ ᠰᠤᠷᠭᠠᠭᠤᠯᠢ ᠵᠢᠨ ᠪᠠᠭᠰᠢ᠂ 《ᠦᠪᠥᠷ ᠮᠣᠩᠭᠣᠯ ᠤᠨ ᠪᠠᠭ᠎ᠠ ᠰᠤᠷᠭᠠᠭᠤᠯᠢ ᠵᠢᠨ ᠪᠠᠭᠰᠢ》 ᠰᠡᠳᠬᠦᠯ ᠦᠨ ᠨᠠᠢᠷᠠᠭᠤᠯᠤᠭᠴᠢ᠂ ᠦᠪᠥᠷ ᠮᠣᠩᠭᠣᠯ ᠤᠨ ᠠᠷᠠᠳ ᠤᠨ ᠬᠡᠪᠯᠡᠯ ᠦᠨ ᠬᠤᠷᠢᠶᠠᠨ ᠤ ᠶᠡᠷᠦᠩᠬᠡᠶ ᠨᠠᠢᠷᠠᠭᠤᠯᠬᠤ ᠬᠡᠷ ᠦᠨ ᠡᠷᠬᠢᠯᠡᠭᠴᠢ᠂ ᠲᠣᠯᠢ ᠪᠢᠴᠢᠭ ᠨᠠᠢᠷᠠᠭᠤᠯᠬᠤ ᠬᠡᠷ ᠦᠨ ᠡᠷᠬᠢᠯᠡᠭᠴᠢ ᠵᠢᠨ ᠲᠤᠰᠢᠶᠠᠯ ᠢ ᠬᠠᠷᠢᠭᠤᠴᠠᠵᠤ ᠢᠷᠡᠵᠡᠢ᠃ ᠣᠷᠴᠢᠭᠤᠯᠤᠭᠰᠠᠨ ᠨᠣᠮ ᠠᠴᠠ 《ᠮᠣᠩᠭᠣᠯ ᠦᠨᠳᠦᠰᠦᠲᠡᠨ ᠦ ᠶᠣᠭᠲᠠ ᠦᠯᠢᠭᠡᠷ ) ᠨᠢ ᠪᠦᠬᠥ ᠤᠯᠤᠰ ᠤᠨ ᠰᠢᠯᠢᠳᠡᠭ ᠠᠷᠠᠳ ᠤᠨ ᠠᠮᠠᠨ ᠵᠣᠬᠢᠶᠠᠯ ᠤᠨ ᠭᠤᠲᠠᠭᠠᠷ ᠲᠠᠰ ᠤᠨ ᠱᠠᠩᠨᠠᠯ ᠪᠠ ᠦᠪᠥᠷ ᠮᠣᠩᠭᠣᠯ ᠤᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠵᠢᠨ ᠠᠩᠬᠠᠳᠤᠭᠠᠷ ᠬᠤᠭᠤᠴᠠᠭᠠᠨ ᠤ 《ᠰᠣᠯᠦ᠍ᠩᠭᠠ》 ᠱᠠᠩᠨᠠᠯ ᠳᠤ ᠨᠡᠷ᠎ᠡ ᠬᠦᠨᠳᠦ ᠵᠢᠨ ᠱᠠᠩᠨᠠᠯ ᠬᠦᠷᠲᠡᠪᠡ᠃ ᠬᠠᠷᠢᠭᠤᠴᠠᠨ ᠨᠠᠢᠷᠠᠭᠤᠯᠤᠭᠰᠠᠨ ᠪᠢᠴᠢᠭ ᠲᠦ 《ᠬᠦᠬᠡ ᠲᠤᠭ》᠂ 《ᠮᠣᠩᠭᠣᠯ ᠦᠨᠳᠦᠰᠦᠲᠡᠨ ᠦ ᠵᠦᠢᠷ ᠰᠡᠴᠡᠨ ᠦᠭᠡ》 ᠪᠣᠶ᠃ 《ᠪᠠᠯᠭᠠᠨᠰᠠᠩ ᠤᠨ ᠦᠯᠢᠭᠡᠷ》 ᠢ ᠨᠠᠢᠷᠠᠭᠤᠯ ᠤᠨ ᠣᠷᠴᠢᠭᠤᠯᠤᠭᠰᠠᠨ ᠪᠦᠭᠡᠳ 《ᠰᠤᠷᠭᠠᠨ ᠬᠦᠮᠦᠵᠢᠯ ᠦᠨ ᠤᠬᠠᠭᠠᠨ》 ( ᠵᠦᠪᠯᠡᠯᠲᠦ ᠵᠢᠨ》 ᠢ ᠪᠤᠰᠤᠳ ᠲᠠᠢ ᠬᠠᠮᠲᠤᠷᠠᠨ ᠣᠷᠴᠢᠭᠤᠯᠵᠤ᠂ 《ᠮᠣᠩᠭᠣᠯ ᠬᠢᠲᠠᠳ ᠲᠣᠯᠢ》 ᠶᠢ ᠨᠠᠢᠷᠠᠭᠤᠯᠵᠤ ᠣᠷᠴᠢᠭᠤᠯᠬᠤ ᠠᠵᠢᠯ ᠳᠤ ᠣᠷᠣᠯᠴᠠᠪᠠ᠃ ᠡᠭᠦᠨ ᠡᠴᠡ ᠭᠠᠳᠠᠨ᠎ᠠ᠂ 《ᠬᠢᠲᠠᠳ ᠮᠣᠩᠭᠣᠯ ᠨᠡᠷ᠎ᠡ ᠲᠣᠮᠢᠶᠠᠨ ᠤ ᠲᠦᠷᠥᠯ ᠬᠤᠪᠢᠶᠠᠭᠰᠠᠨ ᠲᠣᠯᠢ》 ᠵᠢᠨ ᠬᠣᠶᠠᠳᠠᠬᠢ ᠬᠵᠢᠨᠠᠯᠲᠠ ᠪᠠ ᠡᠴᠦᠰ ᠦᠨ ᠬᠵᠢᠨᠠᠯᠲᠠ ᠳᠤ ᠣᠷᠣᠯᠴᠠᠭᠰᠠᠨ ᠨᠡᠷ᠎ᠡ ᠬᠦᠨᠳᠦ ᠵᠢᠨ ᠦᠨᠡᠮᠯᠡᠯ᠂ 《ᠮᠣᠩᠭᠣᠯ ᠬᠡᠯᠡᠨ ᠦ ᠲᠣᠯᠢ》 ᠵᠢᠨ ᠠᠩᠬᠠᠳᠠᠭᠴᠢ ᠬᠵᠢᠨᠠᠯᠲᠠ ᠳᠤ ᠣᠷᠣᠯᠴᠠᠭᠰᠠᠨ ᠨᠡᠷ᠎ᠡ ᠬᠦᠨᠳᠦ ᠵᠢᠨ ᠦᠨᠡᠮᠯᠡᠯ ᠤᠯᠪᠠ᠃ ᠳᠤᠮᠳᠠᠳᠤ ᠤᠯᠤᠰ ᠤᠨ ᠰᠣᠨᠢᠨ ᠮᠡᠳᠡᠭᠡ ᠬᠡᠪᠯᠡᠯ ᠦᠨ ᠵᠠᠬᠢᠷᠭ᠎ᠠ᠂ ᠳᠤᠮᠳᠠᠳᠤ ᠤᠯᠤᠰ ᠤᠨ ᠬᠡᠪᠯᠡᠯ ᠦᠨ ᠠᠵᠢᠯᠲᠠᠨ ᠤ ᠨᠡᠢᠭᠡᠮᠯᠢᠭ ᠡᠴᠡ ᠣᠯᠭᠣᠭᠰᠠᠨ ᠤᠳᠠᠭᠠᠨ ᠵᠢᠯ ᠬᠡᠪᠯᠡᠯ ᠦᠨ ᠠᠵᠢᠯ ᠳᠤ ᠣᠷᠣᠯᠴᠠᠵᠤ᠂ ᠨᠡᠢᠭᠡᠮ ᠦᠨ ᠬᠡᠪᠯᠡᠯ ᠦᠨ ᠦᠢᠯᠡᠰ ᠲᠦ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠢᠷᠠᠭᠤ ᠠᠯᠳᠠᠷ ᠤᠨ ᠦᠨᠡᠮᠯᠡᠯ .. ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠣᠭᠰᠠᠨ ᠨᠠᠰᠤᠨ ᠤ ᠠᠮᠠᠷᠠᠯᠲᠠ ᠠᠪᠤᠭᠰᠠᠨ ᠤ ᠬᠣᠵᠢᠨ᠎ᠠ ᠨᠡᠢᠭᠡᠮ ᠵᠢᠷᠤᠮ ᠤᠨ ᠡᠳ᠋ ᠪᠣᠳᠠᠰ ᠤᠨ ᠪᠣᠯᠪᠠᠰ ᠤᠨ ᠪᠠ ᠣᠶ ᠤᠨ ᠤᠬᠠᠭᠠᠨ ᠤ ᠪᠣᠯᠪᠠᠰ ᠤᠨ ᠤ ᠪᠦᠲᠥᠭᠡᠨ ᠪᠠᠢᠭᠤᠯᠤᠯᠲᠠ ᠳᠤ ᠰᠵᠢᠨ᠎ᠡ ᠬᠤᠪᠢ ᠨᠡᠮᠡᠷᠢ ᠦᠵᠡᠭᠦᠯᠵᠦ᠂ ᠲᠣᠪᠣᠢᠮ᠎ᠠ ᠬᠢᠷᠢ ᠪᠦᠲᠦᠮᠵᠢ ᠭᠠᠷᠭᠠᠭᠰᠠᠨ ᠲᠡᠷᠢᠭᠦᠨ ᠦ ᠨᠠᠰᠤᠨ ᠤ ᠠᠮᠠᠷᠠᠯᠲᠠ ᠠᠪᠤᠭᠰᠠᠨ ᠺᠠᠲᠠᠷ ᠤᠨ ᠢᠷᠠᠭᠤ ᠠᠯᠳᠠᠷ ᠤᠨ ᠦᠨᠡᠮᠯᠡᠯ ᠵᠡᠷᠭᠡ ᠶᠢ ᠲᠦ᠍ᠰᠴᠠᠶ᠃
Copyight 2016 by nmgmzw.gov.cn All Rights Reserved