ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠶᠠᠷᠢᠮᠫᠢᠯ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠶᠠᠷᠢᠮᠫᠢᠯ ( 1933~ ) ᠨᠠᠢᠷᠠᠭᠤᠯᠤᠭᠴᠢ᠂ ᠰᠢᠯᠦᠭᠴᠢ᠃ ᠦᠪᠥᠷ ᠮᠣᠩᠭᠣᠯ  ᠤᠨ ᠰᠢᠯᠢ  ᠵᠢᠨ ᠭᠣᠣᠯ ᠠᠢᠮᠠᠭ  ᠤᠨ ᠪᠠᠷᠠᠭᠤᠨ ᠰᠦᠨᠢᠳ ᠬᠣᠰᠢᠭᠤᠨ ᠳᠤ ᠲᠦᠷᠥᠵᠡᠢ᠃ 1951ᠣᠨ ᠳᠤ ᠪᠠᠷᠠᠭᠤᠨ ᠰᠦᠨᠢᠳ ᠦᠨ ᠪᠠᠭ᠎ᠠ ᠰᠤᠷᠭᠠᠭᠤᠯᠢ ᠳᠤ ᠪᠠᠭᠰᠢᠯᠠᠪᠠ᠃ᠲᠡᠷᠡ 《ᠦᠰᠦ ᠵᠠᠰᠠᠭᠤᠯᠬᠤ ᠵᠠᠭᠤᠷ᠎ᠠ》 ᠭᠡᠳᠡᠭ ᠤᠤᠭᠠᠨ ᠰᠢᠯᠦᠭ ᠢᠶᠡᠨ ᠪᠢᠵᠢᠵᠤ᠂ 《ᠦᠪᠥᠷ ᠮᠣᠩᠭᠣᠯ  ᠤᠨ ᠤᠷᠠᠨ ᠵᠣᠬᠢᠶᠠᠯ》 ᠰᠡᠳᠬᠦᠯ ᠦᠨ1986 ᠣᠨ ᠤ ᠨᠢᠭᠡᠳᠦᠭᠡᠷ ᠬᠤᠭᠤᠴᠠᠭᠠᠨ ᠳᠡᠭᠡᠷ᠎ᠡ ᠨᠡᠢᠲᠡᠯᠡᠭᠦᠯᠦᠭᠰᠡᠨ ᠪᠠᠵᠢᠨ᠎ᠠ᠃ 1958 ᠣᠨ ᠳᠤ ᠦᠪᠥᠷ ᠮᠣᠩᠭᠣᠯ  ᠤᠨ ᠶᠡᠬᠡ ᠰᠤᠷᠭᠠᠭᠤᠯᠢ ᠵᠢᠨ ᠮᠣᠩᠭᠣᠯ ᠬᠡᠯᠡᠨ ᠦ ᠲᠤᠰᠭᠠᠢ ᠮᠡᠷᠭᠡᠵᠢᠯ ᠳᠦ ᠰᠤᠷᠤᠯᠴᠠᠭᠠᠳ 1963 ᠣᠨ ᠳᠤ 《ᠦᠨᠢᠷ ᠴᠡᠴᠡᠭ》 ᠰᠡᠳᠬᠦᠯ ᠦᠨ ᠬᠤᠷᠢᠶᠠᠨ ᠳᠤ ᠠᠵᠢᠯ  ᠤᠨ ᠬᠤᠪᠢᠶᠠᠷᠢ ᠠᠪᠴᠤ᠂ ᠰᠢᠯᠦᠭ ᠦᠨ ᠨᠠᠢᠷᠠᠭᠤᠯᠤᠭᠴᠢ  ᠵᠢᠨ ᠠᠵᠢᠯ ᠢ ᠬᠢᠪᠡ᠃ 1970 ᠣᠨ ᠳᠤ 《ᠰᠣᠶᠣᠯ  ᠤᠨ ᠬᠤᠪᠢᠰᠬᠠᠯ》  ᠤᠨ ᠬᠤᠤᠷ ᠢ ᠠᠮᠰᠠᠵᠤ ᠤᠭ ᠨᠤᠲᠤᠭ ᠲᠠᠭᠠᠨ ᠡᠭᠡᠭᠦᠯᠦᠭᠳᠡᠵᠦ ᠰᠦᠨᠢᠳ ᠪᠠᠷᠠᠭᠤᠨ ᠬᠣᠰᠢᠭᠤᠨ ᠤ ᠮᠣᠩᠭᠣᠯ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠢᠭᠠᠳ᠂ 1979 ᠣᠨ ᠠᠴᠠ 《ᠦᠨᠢᠷ ᠴᠡᠴᠡᠭ》 ᠰᠡᠳᠬᠦᠯ ᠨᠠᠢᠷᠠᠭᠤᠯᠬᠤ ᠠᠵᠢᠯ  ᠤᠨ ᠪᠠᠢᠷᠢ ᠳᠠᠭᠠᠨ ᠪᠤᠴᠠᠵᠠᠶ᠃ 1985 ᠣᠨ ᠳᠤ ᠳᠡᠳ᠋ ᠶᠡᠷᠦᠩᠬᠡᠶ ᠨᠠᠢᠷᠠᠭᠤᠯᠤᠭᠴᠢ ᠪᠠᠷ ᠳᠠᠪᠰᠢᠵᠤ᠂ 《ᠦᠨᠢᠷ ᠴᠡᠴᠡᠭ》 ᠰᠡᠳᠬᠦᠯ ᠦᠨ ᠬᠤᠷᠢᠶᠠᠨ ᠳᠤ ᠪᠠᠢᠭᠰᠠᠨ 《ᠠᠯᠲᠠᠨ ᠲᠦᠯᠬᠢᠭᠦᠷ》 ᠰᠡᠳᠬᠦᠯ ᠢ ᠬᠤᠪᠢᠶᠠᠷᠢᠯᠠᠨ ᠬᠠᠷᠢᠭᠤᠴᠠᠵᠤ ᠪᠠᠢᠪᠠ᠃ 1989 ᠣᠨ ᠳᠤ ᠦᠪᠥᠷ ᠮᠣᠩᠭᠣᠯ  ᠤᠨ ᠤᠳᠬ᠎ᠠ ᠤᠷᠠᠯᠢᠭ  ᠤᠨ ᠬᠵᠢᠨ ᠤ ᠬᠣᠯᠪᠣᠭ᠎ᠠ  ᠵᠢᠨ 《ᠤᠳᠬ᠎ᠠ ᠤᠷᠠᠯᠢᠭ  ᠤᠨ ᠣᠨᠣᠯ ᠰᠤᠳᠤᠯᠬᠤ ᠲᠠᠰᠤᠭ》ᠲᠦ᠍ ᠳᠡᠳ᠋ ᠡᠷᠬᠢᠯᠡᠭᠴᠢ ᠪᠡᠷ ᠲᠣᠮᠢᠯᠠᠭᠳᠠᠨ 《ᠠᠯᠲᠠᠨ ᠲᠦᠯᠬᠢᠭᠦᠷ》 ᠰᠡᠳᠬᠦᠯ ᠦᠨ ᠶᠡᠷᠦᠩᠬᠡᠶ ᠨᠠᠢᠷᠠᠭᠤᠯᠤᠭᠴᠢ ᠪᠣᠯᠪᠠ᠃ ᠲᠣᠰ ᠰᠡᠳᠬᠦᠯ ᠢ ᠬᠠᠷᠢᠭᠤᠴᠠᠨ ᠡᠷᠬᠢᠯᠡᠵᠦ ᠪᠠᠢᠭᠰᠠᠨ ᠬᠤᠭᠤᠴᠠᠭᠠᠨ ᠳᠠᠭᠠᠨ ᠨᠡᠢᠲᠡ 40 ᠬᠤᠭᠤᠴᠠᠭᠠᠨ ᠤ ᠰᠡᠳᠬᠦᠯ ᠦᠨ ᠠᠵᠢᠯ ᠢ ᠶᠡᠷᠦᠩᠬᠡᠢᠯᠡᠨ ᠭᠦᠢᠴᠡᠳᠬᠡᠪᠡ᠃ ᠲᠡᠷᠡ ᠰᠡᠳᠬᠦᠯ ᠢᠶᠡᠷ ᠢᠶᠡᠨ ᠳᠠᠮᠵᠢᠵᠤ ᠮᠣᠩᠭᠣᠯ ᠤᠳᠬ᠎ᠠ ᠵᠣᠬᠢᠶᠠᠯ  ᠤᠨ ᠣᠨᠣᠯ  ᠤᠨ ᠰᠵᠢᠨ᠎ᠡ ᠬᠦᠴᠦᠨ ᠢ ᠢᠳᠡᠪᠬᠢᠲᠡᠶ ᠬᠦᠮᠥᠵᠢᠭᠦᠯᠵᠦ ᠮᠣᠩᠭᠣᠯ ᠬᠡᠯᠡᠨ ᠦ ᠤᠳᠬ᠎ᠠ ᠵᠣᠬᠢᠶᠠᠯ  ᠤᠨ ᠣᠨᠣᠯ  ᠤᠨ ᠤᠤᠭᠠᠨ ᠰᠡᠳᠬᠦᠯ ᠦᠨ ᠲᠥᠯᠦᠪᠰᠢᠨ ᠪᠦᠲᠦᠬᠦ ᠳᠦ ᠪᠣᠳᠠ   ᠲᠦ᠍ ᠬᠤᠪᠢ ᠨᠡᠮᠡᠷᠢ ᠦᠵᠡᠭᠦᠯᠪᠡ᠃ 1990 ᠣᠨ ᠳᠤ 《ᠠᠯᠲᠠᠨ ᠲᠦᠯᠬᠢᠭᠦᠷ》 ᠰᠡᠳᠬᠦᠯ ᠳᠤᠮᠳᠠᠳᠤ ᠤᠯᠤᠰ  ᠤᠨ ᠴᠦᠭᠡᠨ ᠲᠣᠭᠠ   ᠲᠦ᠍ ᠦᠨᠳᠦᠰᠦᠲᠡᠨ ᠦ ᠤᠳᠬ᠎ᠠ ᠵᠣᠬᠢᠶᠠᠯ ᠰᠤᠳᠤᠯᠬᠤ ᠭᠠᠵᠠᠷ  ᠤᠨ 《ᠴᠡᠴᠡᠷᠯᠢᠭᠴᠢ ) ᠱᠠᠩᠨᠠᠯ ᠬᠦᠷᠲᠡᠪᠡ᠃