ᠨᠡᠷ᠎ᠡ:
ᠶᠦᠩ ᠹᠦ᠋
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠶᠦᠩ ᠹᠦ᠋ ( 1907~ 1967 ) 《ᠳᠣᠲᠣᠭᠠᠳᠤ ᠮᠣᠩᠭᠣᠯ ᠤᠨ ᠭᠠᠷᠠᠭ ᠤᠨ ᠰᠡᠳᠬᠦᠯ》 ᠪᠠ 《ᠦᠪᠥᠷ ᠮᠣᠩᠭᠣᠯ ᠤᠨ ᠡᠳᠦᠷ ᠦᠨ ᠰᠣᠨᠢᠨ》 ᠢ ᠡᠭᠦᠰᠬᠡᠨ ᠡᠷᠬᠢᠯᠡᠭᠰᠡᠨ ᠬᠦᠮᠦᠨ᠃ ᠮᠣᠩᠭᠣᠯ ᠨᠡᠷ᠎ᠡ ᠪᠠ ᠲᠦ᠍᠃ ᠤᠤᠯ ᠤᠨ ᠨᠡᠷ᠎ᠡ ᠷᠦᠩ ᠰ᠌ᠠᠩ ᠢ᠃ ᠣᠨᠳᠣᠣ ᠨᠡᠷ᠎ᠡ ᠵᠠᠩ ᠬᠠᠨ ᠴᠢᠩ᠂ ᠶᠦᠨ ᠯᠢᠶᠠᠨ ᠺᠸ᠃ ᠦᠪᠥᠷ ᠮᠣᠩᠭᠣᠯ ᠤᠨ ᠲᠦᠮᠡᠳ ᠵᠡᠭᠦᠨ ᠬᠣᠰᠢᠭᠤᠨ ᠤ ᠬᠦᠮᠦᠨ᠃ 1925 ᠣᠨ ᠤ ᠬᠠᠪᠤᠷ᠂ ᠲᠦᠮᠡᠳ ᠦᠨ ᠦᠨᠳᠥᠷ ᠵᠡᠷᠭᠡ ᠵᠢᠨ ᠪᠠᠭ᠎ᠠ ᠰᠤᠷᠭᠠᠭᠤᠯᠢ ᠢᠶᠠᠨ ᠲᠡᠭᠦᠰᠬᠡᠭᠡᠳ᠂ ᠭᠦᠶᠰᠦᠶ ᠬᠣᠲᠠ ( ᠣᠳᠣᠬᠢ ᠬᠦᠭᠬᠠᠤᠳᠠ ) ᠵᠢᠨ ᠲᠠᠪ ᠤᠨ ᠦᠨᠳᠦᠰᠦᠲᠡᠨ ᠦ ᠳᠡᠭᠡᠳᠦ ᠰᠤᠷᠭᠠᠭᠤᠯᠢ ᠵᠢᠨ ᠳᠤᠮᠳᠠᠳᠤ ᠰᠤᠷᠭᠠᠭᠤᠯᠢ ᠵᠢᠨ ᠬᠡᠯᠲᠡᠰ ᠲᠦ ᠰᠢᠯᠭᠠᠨ ᠣᠷᠣᠪᠠ᠃ 《5 30》 ᠤ ᠬᠦᠳᠡᠯᠭᠡᠭᠡᠨ ᠦ ᠦᠶ᠎ᠡ ᠳᠦ᠂ ᠬᠣᠲᠠ ᠣᠷᠣᠵᠤ ᠰᠤᠷᠤᠭᠴᠢᠳ ᠤᠨ ᠬᠦᠳᠡᠯᠭᠡᠭᠡᠨ ᠳᠦ ᠣᠷᠣᠯᠴᠠᠭᠠᠳ ᠰᠤᠷᠭᠠᠭᠤᠯᠢ ᠠᠴᠠ ᠪᠠᠨ ᠬᠦᠭᠡᠭᠡᠭᠳᠡᠪᠡ᠃ ᠲᠣᠰ ᠵᠢᠯ ᠦᠨ ᠨᠠᠮᠤᠷ ᠪᠡᠭᠡᠵᠢᠩ ᠳᠡᠬᠢ ᠮᠣᠩᠭᠣᠯ ᠲᠦᠪᠡᠳ ᠦᠨ ᠰᠤᠷᠭᠠᠭᠤᠯᠢ ᠳᠤ ᠣᠷᠣᠵᠤ ᠰᠤᠷᠤᠯᠴᠠᠭᠰᠠᠨ ᠪᠦᠭᠡᠳ ᠡᠪᠦᠯ ᠨᠢ ᠭᠤᠸᠠᠩᠵᠧᠤ ᠵᠢᠨ ᠬᠤᠸᠠᠩ ᠹᠦ᠋ ᠴᠡᠷᠢᠭ ᠦᠨ ᠳᠠᠷᠤᠭ᠎ᠠ ᠵᠢᠨ ᠰᠤᠷᠭᠠᠭᠤᠯᠢ ᠳᠤ ᠪᠠ ᠲᠦ᠍ᠯᠠᠭᠳᠠᠨ ᠬᠦᠷᠭᠡᠭᠳᠡᠭᠡᠳ ᠲᠣᠰ ᠰᠤᠷᠭᠠᠭᠤᠯᠢ ᠵᠢᠨ ᠳᠦᠷᠪᠡᠳᠦᠭᠡᠷ ᠬᠤᠭᠤᠴᠠᠭ᠎ᠠ ᠵᠢᠨ ᠰᠤᠷᠤᠭᠴᠢ ᠪᠣᠯᠵᠠᠢ᠃ 1926 ᠣᠨ ᠤ 6 ᠰᠠᠷ᠎ᠠ ᠳᠤ᠂ ᠤᠯᠤᠰ ᠠᠷᠠᠳ ᠤᠨ ᠬᠤᠪᠢᠰᠬᠠᠯ ᠲᠦ᠍ ᠴᠡᠷᠢᠭ ᠤᠮᠠᠷᠠᠰᠢ ᠳᠠᠢᠯᠠᠬᠤ ᠠᠴᠠ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠶᠣᠰᠣᠨ ᠤ ᠵᠠᠯᠠᠭᠤᠴᠤᠳ ᠤᠨ ᠡᠪᠯᠡᠯ ᠳᠦ ᠡᠯᠰᠡᠭᠳᠡᠪᠡ᠃ ᠲᠣᠰ ᠵᠢᠯ ᠳᠦ᠂ ᠬᠤᠪᠢᠰᠬᠠᠯ ᠲᠦ᠍ ᠴᠡᠷᠢᠭ ᠦᠨ ᠰᠵᠢᠨ᠎ᠡ ᠬᠣᠶᠠᠳᠤᠭᠠᠷ ᠳ᠋ᠢᠸᠢᠽᠢ ᠵᠢᠨ ᠨᠢᠭᠡᠨ ᠰᠤᠮ ᠤᠨ ᠳᠤ ᠨᠠᠮ ᠤᠨ ᠲᠦᠯᠥᠭᠡᠯᠡᠭᠴᠢ ᠪᠡᠷ ᠠᠵᠢᠯᠯᠠᠵᠠᠶ᠃ 1927 ᠣᠨ ᠤ 《L 12 ) ᠤᠨ ᠬᠡᠷᠡᠭ ᠬᠤᠪᠢᠰᠤᠯ ᠤᠨ ᠳᠠᠷᠠᠭ᠎ᠠ ᠦᠬᠠᠨ ᠳᠤ ᠬᠦᠷᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠳᠤᠭᠠᠷ ᠤᠳᠠᠭᠠᠨ ᠤ ᠪᠦᠬᠥ ᠤᠯᠤᠰ ᠤᠨ ᠲᠦᠯᠥᠭᠡᠯᠡᠭᠴᠢᠳ ᠦᠨ ᠶᠡᠬᠡ ᠬᠤᠷᠠᠯ ᠳᠤ ᠣᠷᠣᠯᠴᠠᠭᠰᠠᠨ ᠳ᠋ᠦᠧᠸ ᠰᠦᠩ ᠨᠢᠭ ᠢ ᠳᠠᠭᠠᠵᠤ ᠴᠢᠭᠤᠯᠤᠯ ᠲᠦ᠍ ᠬᠠᠭᠠᠯᠭ᠎ᠠ ᠳᠤ ᠪᠤᠴᠠᠪᠠ᠃ ᠲᠡᠷᠡ ᠳ᠋ᠦᠧᠸ ᠰᠦᠩ ᠨᠢᠶᠠᠨ ᠤ ᠵᠢᠭᠠᠪᠤᠷᠢ ᠶᠢ ᠬᠦᠯᠢᠶᠡᠵᠦ ᠰᠣᠢᠶᠤᠸᠠᠨ ᠳᠤ ᠬᠦᠷᠴᠦ ᠪᠠᠢᠳᠠᠯ ᠢ ᠣᠢᠯᠠᠭᠠᠭᠠᠳ ᠳ᠋ᠦᠧᠸ ᠰᠦᠩ ᠨᠢᠶᠠᠨ ᠳᠤ ᠬᠠᠷᠢᠭᠤ ᠮᠡᠳᠡᠭᠡ ᠬᠢᠭᠰᠡᠨ ᠦ ᠳᠠᠷᠠᠭ᠎ᠠ ᠨᠤᠲᠤᠭ ᠲᠠᠭᠠᠨ ᠪᠤᠴᠠᠵᠠᠶ᠃ ᠳ᠋ᠦᠧᠸ ᠰᠦᠩ ᠨᠢᠶᠠᠨ ᠬᠣᠣᠷᠯᠠᠭᠳᠠᠭᠰᠠᠨ ᠤ ᠳᠠᠷᠠᠭ᠎ᠠ᠂ ᠪᠤᠭᠤ ᠲᠦ᠍ ᠳᠤ ᠬᠦᠷᠴᠦ 《ᠬᠠᠭᠤᠴᠵᠢᠨ ᠨᠢᠭᠡᠳᠦᠭᠡᠷ ᠬᠣᠷᠢᠶ᠎ᠠ》 ᠳᠤ ᠣᠷᠣᠵᠤ ᠪᠠᠢᠯᠳᠤᠭᠴᠢ ᠪᠣᠯᠪᠠ᠃ 1929 ᠣᠨ ᠤ 3 ᠰᠠᠷ᠎ᠠ ᠳᠤ ᠪᠦᠭᠦᠳᠡ ᠨᠠᠢᠷᠠᠮᠳᠠᠬᠤ ᠮᠣᠩᠭᠣᠯ ᠠᠷᠠᠳ ᠤᠯᠤᠰ ᠲᠦ᠍ ᠬᠦᠷᠴᠦ᠂ ᠤᠯᠤᠰ ᠤᠨ ᠨᠠᠮ ᠤᠨ ᠰᠤᠷᠭᠠᠭᠤᠯᠢ ᠳᠤ ᠣᠷᠣᠵᠤ ᠰᠤᠷᠤᠯᠴᠠᠭᠠᠳ᠂ 1930 ᠣᠨ ᠳᠤ ᠰᠤᠷᠤᠯᠭ᠎ᠠ ᠪᠠᠨ ᠲᠡᠭᠦᠰᠬᠡᠭᠰᠡᠨ ᠦ ᠳᠠᠷᠠᠭ᠎ᠠ ᠮᠣᠩᠭᠣᠯ ᠤᠯᠤᠰ ᠲᠦ᠍ ᠦᠯᠡᠳᠡᠵᠦ ᠠᠵᠢᠯᠯᠠᠪᠠ᠃ 1937 ᠣᠨ ᠤ ᠡᠪᠦᠯ ᠭᠤᠷᠪᠠᠳᠤᠭᠠᠷ ᠵᠢᠨᠲ᠋ᠧᠷᠨᠠᠼᠢᠧᠨᠠᠯ ᠤᠨ ᠲᠣᠮᠢᠯᠠᠯᠭᠠ ᠪᠠᠷ ᠤᠯᠤᠰ ᠲᠠᠭᠠᠨ ᠪᠤᠴᠠᠨ ᠢᠷᠡᠭᠡᠳ ᠭᠦᠶᠰᠦᠶ᠂ ᠪᠤᠭᠤ ᠲᠦ᠍᠂ ᠳ᠋ᠠ ᠲᠦᠩ ᠵᠡᠷᠭᠡ ᠭᠠᠵᠠᠷ ᠢᠶᠠᠷ ᠡᠪ ᠬᠠᠮᠲᠤ ᠨᠠᠮ ᠤᠨ ᠬᠤᠪᠢᠰᠬᠠᠯ ᠲᠦ᠍ ᠬᠦᠳᠡᠯᠭᠡᠭᠡᠨ ᠦᠷᠨᠢᠭᠦᠯᠵᠦ ᠪᠠᠢᠪᠠ᠃ ᠳᠠᠷᠠᠭ᠎ᠠ ᠵᠢᠯ ᠦᠨ ᠨᠠᠮᠤᠷ᠂ ᠳᠠᠯᠠᠨ ᠬᠠᠷ᠎ᠠ ᠳᠠᠬᠢ ᠨᠠᠢ᠍ᠮᠠᠳᠤᠭᠠᠷ ᠵᠠᠮ ᠤᠨ ᠴᠡᠷᠢᠭ ᠲᠡᠢ ᠬᠠᠷᠢᠯᠴᠠᠭᠠᠳ᠂ ᠵᠠᠷᠯᠢᠭ ᠢ ᠭᠦᠯᠢᠶᠡᠨ ᠲᠠᠮᠴᠣᠭᠳᠣᠩᠷᠣᠪ ᠤᠨ ᠮᠣᠩᠭᠣᠯ ᠴᠡᠷᠢᠭ ᠦᠨ ᠲᠤᠰᠠᠭᠠᠷ ᠬᠣᠷᠢᠶ᠎ᠠ ᠳᠤ ᠣᠷᠣᠵᠤ ᠡᠪ ᠬᠠᠮᠲᠤ ᠨᠠᠮ ᠤᠨ ᠨᠢᠭᠤᠴᠠ ᠠᠵᠢᠯ ᠬᠢᠵᠠᠶ᠃ 1939 ᠣᠨ ᠤ ᠨᠠᠮᠤᠷ ᠠᠴᠠ ᠡᠬᠢᠯᠡᠨ ᠲᠦᠮᠡᠳ ᠬᠣᠰᠢᠭᠤᠨ ᠤ ᠡᠪ ᠬᠠᠮᠲᠤ ᠨᠠᠮ ᠤᠨ ᠠᠵᠢᠯ ᠤᠨ ᠬᠣᠷᠢᠶ᠎ᠠ ᠵᠢᠨ ᠭᠡᠰᠢᠭᠦᠨ ᠪᠣᠯᠵᠤ᠂ ᠰᠤᠷᠲᠠᠯ ᠤᠬᠠᠭᠤᠯᠭ᠎ᠠ ᠵᠢᠨ ᠠᠵᠢᠯ ᠢ ᠬᠠᠷᠢᠭᠤᠴᠠᠵᠠᠶ᠃ 1944 ᠣᠨ ᠤ ᠬᠠᠪᠤᠷ᠂ ᠵᠡᠭᠦᠨᠭᠡᠷ ᠬᠣᠰᠢᠭᠤᠨ ᠳᠠᠬᠢ ᠮᠣᠩᠭᠣᠯ ᠴᠡᠷᠢᠭ ᠦᠨ ᠵᠢᠷᠭᠤᠳᠤᠭᠠᠷ ᠳ᠋ᠢᠸᠢᠽᠢ ᠳᠦ ᠣᠷᠣᠭᠠᠳ ᠨᠢᠭᠤᠴᠠ ᠠᠵᠢᠯ ᠢᠶᠠᠨ ᠦᠷᠭᠦᠯᠵᠢᠯᠡᠨ ᠬᠢᠪᠡ᠃ 1945 ᠣᠨ ᠤ ᠨᠠᠮᠤᠷ᠂ ᠨᠠᠮ ᠤᠨ ᠵᠣᠬᠢᠶᠠᠨ ᠪᠠᠢᠭᠤᠯᠤᠯᠲᠠ ᠵᠢᠨ ᠲᠣᠮᠢᠯᠠᠯᠭᠠ ᠪᠠᠷ ᠴᠠᠭᠠᠰᠤᠴᠢ ᠪᠠᠯᠭᠠᠰ ᠤᠨ ᠳᠤ ᠬᠦᠷᠴᠦ ᠠᠵᠢᠯᠯᠠᠵᠤ ᠪᠠᠢᠭᠰᠠᠨ ᠢᠶᠠᠨ ᠲᠣᠰ ᠵᠢᠯ ᠦᠨ 12 ᠰᠠᠷ᠎ᠠ ᠳᠤ᠂ 《ᠳᠣᠲᠣᠭᠠᠳᠤ ᠮᠣᠩᠭᠣᠯ ᠤᠨ ᠦᠪᠡᠷᠲᠡᠭᠡᠨ ᠵᠠᠰᠠᠬᠤ ᠬᠦᠳᠡᠯᠭᠡᠭᠡᠨ ᠦ ᠬᠣᠯᠪᠣᠨ ᠨᠡᠢᠯᠡᠯᠳᠦᠭᠰᠡᠨ ᠬᠤᠷᠠᠯ》 ᠴᠢᠭᠤᠯᠤᠯ ᠲᠦ᠍ ᠬᠠᠭᠠᠯᠭ᠎ᠠ ᠬᠤᠳᠠᠨ᠎ᠠ ᠪᠠᠢᠭᠤᠯᠤᠭᠳᠠᠭᠰᠠᠨ ᠤ ᠳᠠᠷᠠᠭ᠎ᠠ᠂ 《ᠬᠣᠯᠪᠣᠨ ᠨᠡᠢᠯᠡᠯᠳᠦᠭᠰᠡᠨ ᠬᠤᠷᠠᠯ》 ᠤᠨ ᠪᠠᠢᠭᠤᠯᠭ᠎ᠠ ᠵᠢᠨ ᠰᠡᠳᠬᠦᠯ 《ᠳᠣᠲᠣᠭᠠᠳᠤ ᠮᠣᠩᠭᠣᠯ ᠤᠨ ᠭᠠᠷᠠᠭ ᠤᠨ ᠰᠡᠳᠬᠦᠯ》 ᠢ ᠡᠭᠦᠰᠬᠡᠨ ᠡᠷᠬᠢᠯᠡᠬᠦ ᠪᠡᠯᠡᠳᠬᠡᠯ ᠠᠵᠢᠯ ᠬᠢᠬᠦ ᠪᠡᠷ ᠴᠢᠭᠤᠯᠤᠯ ᠲᠦ᠍ ᠬᠠᠭᠠᠯᠭ᠎ᠠ ᠳᠤ ᠬᠦᠷᠪᠡ᠃ [946 ᠣᠨ ᠤ 3 ᠰᠠᠷ᠎ᠠ ᠳᠤ᠂ 《ᠳᠣᠲᠣᠭᠠᠳᠤ ᠮᠣᠩᠭᠣᠯ ᠤᠨ ᠭᠠᠷᠠᠭ ᠤᠨ ᠰᠡᠳᠬᠦᠯ》 ᠬᠡᠪᠯᠡᠯ ᠡᠬᠢᠯᠡᠪᠡ᠃ ᠲᠡᠷᠡ ᠳᠣᠲᠣᠭᠠᠳᠤ ᠮᠣᠩᠭᠣᠯ ᠤᠨ ᠰᠡᠳᠬᠦᠯ ᠦᠨ ᠬᠣᠷᠢᠶ᠎ᠠ ᠵᠢᠨ ᠳᠠᠷᠤᠭ᠎ᠠ ᠵᠢᠨ ᠲᠤᠰᠢᠶᠠᠯ ᠢ ᠬᠠᠷᠢᠭᠤᠴᠠᠨ᠂ ᠭᠠᠷᠠᠭ ᠤᠨ ᠰᠡᠳᠬᠦᠯ ᠦᠨ ᠠᠵᠢᠯ ᠢ ᠪᠦᠬᠥ ᠲᠠᠯ᠎ᠠ ᠪᠠᠷ ᠬᠠᠮᠢᠶᠠᠷᠬᠤ ᠠᠴᠠ ᠭᠠᠳᠠᠨ᠎ᠠ ᠮᠣᠩᠭᠣᠯ ᠢᠶᠠᠷ ᠨᠠᠢᠷᠠᠭᠤᠯᠬᠤ ᠠᠵᠢᠯ ᠢ ᠭᠣᠣᠯᠴᠢᠯᠠᠨ ᠬᠠᠷᠢᠭᠤᠴᠠᠪᠠ᠃ 1947 ᠣᠨ ᠤ 7 ᠰᠠᠷ᠎ᠠ ᠳᠤ᠂ 《ᠳᠣᠲᠣᠭᠠᠳᠤ ᠮᠣᠩᠭᠣᠯ ᠤᠨ ᠭᠠᠷᠠᠭ ᠤᠨ ᠰᠡᠳᠬᠦᠯ》 ᠪᠠ 《ᠦᠪᠡᠷᠲᠡᠭᠡᠨ ᠵᠠᠰᠠᠬᠤ ᠦᠪᠥᠷ ᠮᠣᠩᠭᠣᠯ》 ᠰᠣᠨᠢᠨ ᠨᠡᠢᠯᠡᠭᠡᠳ 《ᠦᠪᠡᠷᠲᠡᠭᠡᠨ ᠵᠠᠰᠠᠬᠤ ᠦᠪᠥᠷ ᠮᠣᠩᠭᠣᠯ》 ᠰᠣᠨᠢᠨ ᠤ ᠨᠡᠷ᠎ᠡ ᠪᠡᠷ ᠦᠷᠭᠦᠯᠵᠢᠯᠡᠨ ᠬᠡᠪᠯᠡᠭᠳᠡᠬᠦ ᠳᠦ ᠮᠦᠨ ᠬᠤᠷᠢᠶᠠᠨ ᠳᠠᠷᠤᠭ᠎ᠠ ᠪᠠᠷ ᠠᠵᠢᠯᠯᠠᠪᠠ᠃ ᠲᠣᠰ ᠵᠢᠯ ᠦᠨ 9 ᠰᠠᠷ᠎ᠠ ᠳᠤ᠂ 《ᠦᠪᠡᠷᠲᠡᠭᠡᠨ ᠵᠠᠰᠠᠬᠤ ᠦᠪᠥᠷ ᠮᠣᠩᠭᠣᠯ》 ᠰᠣᠨᠢᠨ ᠦᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠵᠢᠨ ᠪᠠᠢᠭᠤᠯᠭ᠎ᠠ ᠵᠢᠨ ᠰᠣᠨᠢᠨ ᠪᠣᠯᠪᠠ᠃ 1946 ᠣᠨ ᠤ ᠰᠠᠷ᠎ᠠ ᠳᠤ᠂ 《ᠦᠪᠡᠷᠲᠡᠭᠡᠨ ᠵᠠᠰᠠᠬᠤ ᠦᠪᠥᠷ ᠮᠣᠩᠭᠣᠯ》 ᠰᠣᠨᠢᠨ ᠤ ᠨᠡᠷ᠎ᠡ ᠶᠢ 《ᠦᠪᠥᠷ ᠮᠣᠩᠭᠣᠯ ᠤᠨ ᠡᠳᠦᠷ ᠦᠨ ᠰᠣᠨᠢᠨ》 ᠬᠡᠮᠡᠨ ᠬᠠᠯᠠᠭᠰᠠᠨ ᠤ ᠳᠠᠷᠠᠭ᠎ᠠ ᠮᠦᠨ ᠬᠤᠷᠢᠶᠠᠨ ᠳᠠᠷᠤᠭ᠎ᠠ ᠤᠨ ᠲᠤᠰᠢᠶᠠᠯ ᠢ ᠬᠠᠷᠢᠭᠤᠴᠠᠪᠠ᠃ [954 ᠣᠨ ᠤ 3 ᠰᠠᠷ᠎ᠠ ᠳᠤ᠂ 《ᠦᠪᠥᠷ ᠮᠣᠩᠭᠣᠯ ᠤᠨ ᠡᠳᠦᠷ ᠦᠨ ᠰᠣᠨᠢᠨ》 ᠬᠢᠭᠡᠳ ᠤᠤᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠣᠢᠶᠤᠸᠠᠨ ᠮᠤᠵᠢ ᠵᠢᠨ ᠬᠣᠷᠢᠶ᠎ᠠ ᠵᠢᠨ ᠪᠠᠢᠭᠤᠯᠭ᠎ᠠ ᠵᠢᠨ ᠰᠣᠨᠢᠨ 《ᠰᠣᠢᠶᠤᠸᠠᠨ ᠤ ᠡᠳᠦᠷ ᠦᠨ ᠰᠣᠨᠢᠨ》 ᠵᠵᠢᠨᠭᠵᠢᠨᠢ ᠪᠡᠷ ᠬᠡᠪᠯᠡᠯ ᠨᠡᠢᠯᠡᠭᠡᠳ ᠦᠷᠭᠦᠯᠵᠢᠯᠡᠨ 《ᠦᠪᠥᠷ ᠮᠣᠩᠭᠣᠯ ᠤᠨ ᠡᠳᠦᠷ ᠦᠨ ᠰᠣᠨᠢᠨ》 ᠤ ᠨᠡᠷ᠎ᠡ ᠪᠡᠷ ᠬᠡᠪᠯᠡᠭᠳᠡᠭᠰᠡᠨ ᠳᠦ ᠮᠦᠨ ᠬᠤᠷᠢᠶᠠᠨ ᠳᠠᠷᠤᠭ᠎ᠠ ᠪᠠᠷ ᠠᠵᠢᠯᠯᠠᠭᠠᠳ᠂ 1956 ᠣᠨ ᠤ 3 ᠰᠠᠷ᠎ᠠ ᠳᠤ ᠰᠣᠨᠢᠨ ᠤ ᠬᠤᠷᠢᠶᠠᠨ ᠠᠴᠠ ᠠᠵᠢᠯ ᠰᠢᠯᠵᠢᠪᠡ᠃ ᠰᠣᠨᠢᠨ ᠮᠡᠳᠡᠭᠡᠨ ᠦ ᠠᠵᠢᠯ ᠢ ᠬᠢᠭᠰᠡᠨ ᠪᠦᠲᠦᠨ ᠠᠷᠪᠠᠨ ᠵᠢᠯ ᠦᠨ ᠬᠤᠭᠤᠴᠠᠭᠠᠨ ᠳᠤ᠂ ᠦᠪᠥᠷ ᠮᠣᠩᠭᠣᠯ ᠣᠷᠣᠨ ᠳᠠᠬᠢ ᠡᠪ ᠬᠠᠮᠲᠤ ᠨᠠᠮ ᠤᠨ ᠤᠳᠤᠷᠢᠳᠤᠭᠰᠠᠨ ᠮᠣᠩᠭᠣᠯ ᠰᠣᠨᠢᠨ ᠤ ᠦᠢᠯᠡᠰ ᠦᠨ ᠭᠣᠣᠯ ᠬᠠᠷᠢᠭᠤᠴᠠᠯᠭᠠᠲᠠᠨ ᠤ ᠬᠤᠪᠢ ᠪᠠᠷ᠂ 《ᠳᠣᠲᠣᠭᠠᠳᠤ ᠮᠣᠩᠭᠣᠯ ᠤᠨ ᠦᠪᠡᠷᠲᠡᠭᠡᠨ ᠵᠠᠰᠠᠬᠤ ᠬᠦᠳᠡᠯᠭᠡᠭᠡᠨ ᠦ ᠬᠣᠯᠪᠣᠨ ᠨᠡᠢᠯᠡᠯᠳᠦᠭᠰᠡᠨ ᠬᠤᠷᠠᠯ》 ᠪᠠᠢᠭᠤᠯᠤᠭᠳᠠᠭᠰᠠᠨ ᠪᠠ ᠦᠨᠳᠦᠰᠦᠲᠡᠨ ᠦ ᠴᠢᠯᠥᠭᠡᠯᠡᠯᠲᠡ ᠵᠢᠨ ᠬᠦᠳᠡᠯᠭᠡᠭᠡᠨ ᠦᠷᠨᠢᠭᠦᠯᠦᠭᠰᠡᠨ᠂ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠪᠠ ᠦᠨᠳᠦᠰᠦᠲᠡᠨ ᠦ ᠣᠷᠣᠨ ᠤ ᠦᠪᠡᠷᠲᠡᠭᠡᠨ ᠵᠠᠰᠠᠬᠤ ᠲᠦᠷᠥ ᠵᠢᠨ ᠪᠣᠳᠣᠯᠭ᠎ᠠ ᠶᠢ ᠪᠦᠬᠥ ᠲᠠᠯ᠎ᠠ ᠪᠠᠷ ᠳᠣᠣᠰ᠌ᠯᠠᠭᠤᠯ ᠤᠨ ᠬᠡᠷᠡᠭᠵᠢᠭᠦᠯᠦᠭᠰᠡᠨ᠂ ᠮᠠᠯᠵᠢᠬᠤ ᠣᠷᠣᠨ ᠤ ᠠᠷᠠᠳᠴᠢᠯᠠᠭᠰᠠᠨ ᠦᠭᠡᠷᠡᠴᠢᠯᠡᠯᠲᠡ ᠪᠠ ᠦᠪᠡᠷᠲᠡᠭᠡᠨ ᠵᠠᠰᠠᠬᠤ ᠣᠷᠣᠨ ᠤ ᠨᠡᠢᠭᠡᠮ ᠵᠢᠷᠤᠮ ᠲᠦ᠍ ᠪᠦᠲᠥᠭᠡᠨ ᠪᠠᠢᠭᠤᠯᠤᠯᠲᠠ ᠵᠢᠨ ᠦᠷᠨᠢᠯᠲᠡ ᠪᠣᠯᠦ᠍ᠭᠰᠠᠨ ᠴᠠᠭ ᠦᠶ᠎ᠡ ᠵᠢᠨ ᠤᠯᠤᠰ ᠲᠦᠷᠥ᠂ ᠠᠵᠤ ᠠᠬᠤᠶ᠂ ᠰᠣᠶᠣᠯ᠂ ᠴᠡᠷᠢᠭ ᠲᠡᠵᠢᠨ ᠦ ᠬᠦᠨᠳᠦ ᠴᠢᠬᠤᠯᠠ ᠬᠡᠷᠡᠭ ᠤᠴᠢᠷ ᠢ ᠰᠣᠨᠢᠨ ᠳᠤ ᠤᠬᠠᠭᠤᠯ ᠤᠨ ᠮᠡᠳᠡᠭᠡᠯᠡᠬᠦ ᠠᠵᠢᠯ ᠢ ᠵᠣᠬᠢᠶᠠᠨ ᠪᠠᠢᠭᠤᠯᠵᠤ ᠤᠳᠤᠷᠢᠳᠤᠭᠰᠠᠨ ᠪᠦᠭᠡᠳ ᠴᠦᠭᠡᠨ ᠲᠣᠭ᠎ᠠ ᠲᠦ᠍ ᠦᠨᠳᠦᠰᠦᠲᠡᠨ ᠦ ᠣᠷᠣᠨ ᠳᠤ ᠨᠠᠮ ᠤᠨ ᠰᠣᠨᠢᠨ ᠡᠷᠬᠢᠯᠡᠬᠦ᠄ ᠣᠨᠴᠠᠭᠠᠢᠯᠠᠨ ᠴᠦᠭᠡᠨ ᠲᠣᠭ᠎ᠠ ᠲᠦ᠍ ᠦᠨᠳᠦᠰᠦᠲᠡᠨ ᠦ ᠦᠰᠥᠭ ᠪᠢᠴᠢᠭ ᠢᠶᠡᠷ ᠰᠣᠨᠢᠨ ᠡᠷᠬᠢᠯᠡᠬᠦ᠂ ᠵᠢᠴᠢ ᠴᠦᠭᠡᠨ ᠲᠣᠭ᠎ᠠ ᠲᠦ᠍ ᠦᠨᠳᠦᠰᠦᠲᠡᠨ ᠦ ᠰᠣᠨᠢᠨ ᠮᠡᠳᠡᠭᠡᠨ ᠦ ᠦᠢᠯᠡᠰ ᠢ ᠬᠦᠭᠵᠢᠭᠦᠯᠬᠦ ᠳᠦ ᠲᠦ᠍ᠷᠰᠢᠯᠭ᠎ᠠ ᠬᠤᠷᠠᠮᠳᠤᠭᠤᠯ ᠤᠨ᠂ ᠴᠢᠳᠠᠪᠤᠷᠢᠲᠠᠨ ᠬᠦᠮᠥᠵᠢᠭᠦᠯᠵᠡᠢ᠃ ᠦᠪᠡᠰᠦᠪᠡᠨ ᠪᠠᠰᠠ 《ᠳᠦᠷᠪᠡᠨ ᠰᠠᠷ᠎ᠠ ᠵᠢᠨ ᠵᠢᠨᠠᠷᠤ ᠳᠣᠲᠣᠭᠠᠳᠤ ᠮᠣᠩᠭᠣᠯ ᠤᠨ ᠬᠣᠯᠪᠣᠨ ᠨᠡᠢᠯᠡᠯᠳᠦᠭᠰᠡᠨ ᠬᠤᠷᠠᠯ ᠠᠨᠤ》᠂ 《ᠨᠦᠬᠥᠷ ᠦᠯᠵᠡᠢᠲᠦ ( ᠳ᠋ᠦᠧᠸ ᠰᠦᠩ ᠨᠢᠶᠠᠨ ) ᠲᠠᠢ ᠬᠠᠮᠲᠤ ᠪᠠᠢᠭᠰᠠᠨ ᠡᠳᠦᠷ ᠦᠳ ᠲᠦ》 ᠭᠡᠬᠦ ᠵᠡᠷᠭᠡ ᠵᠣᠬᠢᠶᠠᠯ ᠤᠳ ᠢ ᠪᠢᠴᠵᠢᠨ ᠨᠡᠢᠲᠡᠯᠡᠭᠦᠯᠵᠡᠢ᠃ 1956 ᠣᠨ ᠠᠴᠠ ᠰᠡᠭᠦᠯᠡᠷ᠂ ᠦᠪᠥᠷ ᠮᠣᠩᠭᠣᠯ ᠤᠨ ᠤᠳᠬ᠎ᠠ ᠵᠣᠬᠢᠶᠠᠯ ᠤᠷᠠᠯᠢᠭ ᠤᠨ ᠠᠵᠢᠯᠲᠠᠨ ᠤ ᠬᠣᠯᠪᠣᠭ᠎ᠠ ᠵᠢᠨ ᠲᠡᠷᠢᠭᠦᠯᠡᠭᠴᠢ᠂ ᠦᠪᠥᠷ ᠮᠣᠩᠭᠣᠯ ᠤᠨ ᠬᠡᠪᠯᠡᠯ ᠦᠨ ᠲᠣᠪᠴᠢᠶᠠᠨ ᠤ ᠳᠠᠷᠤᠭ᠎ᠠ᠂ ᠦᠪᠥᠷ ᠮᠣᠩᠭᠣᠯ ᠤᠨ ᠶᠡᠬᠡ ᠰᠤᠷᠭᠠᠭᠤᠯᠢ ᠵᠢᠨ ᠳᠡᠳ᠋ ᠵᠠᠬᠢᠷᠤᠯ᠂ ᠦᠪᠥᠷ ᠮᠣᠩᠭᠣᠯ ᠤᠨ ᠬᠤᠪᠢᠰᠬᠠᠯ ᠤᠨ ᠲᠡᠦᠬᠡ ᠨᠠᠢᠷᠠᠭᠤᠯᠬᠤ ᠺᠣᠮᠢᠰ ᠤᠨ ᠭᠡᠰᠢᠭᠦᠨ ᠪᠦᠭᠡᠳ ᠠᠯᠪᠠᠨ ᠬᠡᠷ ᠦᠨ ᠡᠷᠬᠢᠯᠡᠭᠴᠢ᠂ ᠦᠪᠥᠷ ᠮᠣᠩᠭᠣᠯ ᠤᠨ ᠨᠡᠢᠭᠡᠮ ᠦᠨ ᠰᠢᠨᠵᠢᠯᠡᠬᠦ ᠤᠬᠠᠭᠠᠨ ᠤ ᠬᠡᠯᠲᠡᠰ ᠦᠨ ᠳᠡᠳ᠋ ᠡᠷᠬᠢᠯᠡᠭᠴᠢ ᠪᠦᠭᠡᠳ ᠦᠪᠥᠷ ᠮᠣᠩᠭᠣᠯ ᠤᠨ ᠲᠡᠦᠬᠡ ᠰᠤᠳᠤᠯᠬᠤ ᠭᠠᠵᠠᠷ ᠤᠨ ᠳᠠᠷᠤᠭ᠎ᠠ ᠵᠢᠨ ᠲᠤᠰᠢᠶᠠᠯ ᠢ ᠤᠷᠢᠳ ᠬᠣᠵᠢᠳ ᠬᠠᠷᠢᠭᠤᠴᠠᠵᠤ ᠶᠠᠪᠤᠵᠠᠢ᠃ l967 ᠣᠨ ᠤ 3 ᠰᠠᠷ᠎ᠠ ᠵᠢᠨ 15 ᠤ ᠡᠳᠦᠷ ᠨᠠᠰᠤ ᠪᠠᠷᠠᠵᠠᠢ᠃
Copyight 2016 by nmgmzw.gov.cn All Rights Reserved