ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠷᠠᠯᠾᠠᠵᠠᠪ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠷᠠᠯᠾᠠᠵᠠᠪ ( 1922—— ) 《 ᠰᠢᠨᠵᠢᠯᠡᠬᠦ ᠤᠬᠠᠭᠠᠨ》 ᠤ ᠰᠡᠳᠬᠦᠯ ᠢ ᠡᠭᠦᠰᠬᠡᠨ ᠡᠷᠬᠢᠯᠡᠭᠰᠡᠨ ᠨᠠᠢᠷᠠᠭᠤᠯᠤᠭᠴᠢ᠃ ᠦᠪᠥᠷ ᠮᠣᠩᠭᠣᠯ  ᠤᠨ ᠬᠣᠷᠴᠢᠨ ᠵᠡᠭᠦᠨ ᠭᠠᠷ ᠤᠨ ᠬᠣᠢᠲᠤ ᠬᠣᠰᠢᠭᠤᠨ ᠳᠤ ᠲᠦᠷᠥᠵᠡᠢ᠃ 1943 ᠣᠨ ᠳᠤ ᠮᠠᠨᠵᠤ ᠤᠯᠤᠰ  ᠤᠨ ᠬᠢᠩᠭᠠᠨ ᠤ ᠳᠡᠭᠡᠳᠦ ᠰᠤᠷᠭᠠᠭᠤᠯᠢ ᠲᠡᠭᠦᠰᠬᠡᠵᠦ᠂ 1947 ᠣᠨ ᠳᠤ ᠬᠤᠪᠢᠰᠬᠠᠯ  ᠤᠨ ᠠᠵᠢᠯ ᠳᠤ ᠣᠷᠣᠪᠠ᠃ 1953 ᠣᠨ ᠳᠤ ᠦᠪᠥᠷ ᠮᠣᠩᠭᠣᠯ  ᠤᠨ ᠡᠳᠦᠷ ᠦᠨ ᠰᠣᠨᠢᠨ ᠤ ᠮᠣᠩᠭᠣᠯ ᠨᠠᠢᠷᠠᠭᠤᠯᠬᠤ ᠬᠡᠯᠲᠡᠰ ᠦᠨ ᠨᠠᠢᠷᠠᠭᠤᠯᠤᠭᠴᠢ ᠪᠠᠢᠵᠤ᠂ 1959 ᠣᠨ ᠳᠤ ᠦᠪᠥᠷ ᠮᠣᠩᠭᠣᠯ  ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠨᠡᠢᠭᠡᠮᠯᠢᠭ ᠲᠦ 《 ᠰᠢᠨᠵᠢᠯᠡᠬᠦ ᠤᠬᠠᠭᠠᠨ》 ᠰᠡᠳᠬᠦᠯ ᠢ ᠡᠷᠬᠢᠯᠡᠨ ᠨᠠᠢᠷᠠᠭᠤᠯᠵᠠᠢ᠃ 1973 ᠣᠨ ᠳᠤ ᠦᠪᠥᠷ ᠮᠣᠩᠭᠣᠯ  ᠤᠨ ᠮᠠᠯ ᠠᠵᠤ ᠠᠬᠤᠶ  ᠵᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠦ ᠠᠵᠢᠯ ᠰᠢᠯᠵᠢᠵᠤ 《ᠦᠪᠥᠷ ᠮᠣᠩᠭᠣᠯ  ᠤᠨ ᠮᠠᠯ ᠠᠵᠤ ᠠᠬᠤᠶ  ᠵᠢᠨ ᠰᠢᠨᠵᠢᠯᠡᠬᠦ ᠤᠬᠠᠭᠠᠨ》 ᠰᠡᠳᠬᠦᠯ ᠢ ᠡᠭᠦᠰᠬᠡᠨ ᠡᠷᠬᠢᠯᠡᠵᠦ᠂ 1987 ᠣᠨ ᠳᠤ ᠨᠠᠰᠤᠨ ᠤ ᠠᠮᠠᠷᠠᠯᠲᠠ ᠳᠠᠭᠠᠨ ᠭᠠᠷᠲᠠᠯ᠎ᠠ ᠠᠵᠢᠯᠯᠠᠵᠠᠶ᠃ 40 ᠭᠠᠷᠤᠶ ᠵᠢᠯ ᠰᠣᠨᠢᠨ ᠰᠡᠳᠬᠦᠯ ᠦᠨ ᠦᠢᠯᠡᠰ ᠲᠦ ᠵᠢᠳᠬᠦᠬᠦ ᠳᠡᠭᠡᠨ ᠭᠣᠣᠯᠳᠠᠭᠤ ᠰᠢᠨᠵᠢᠯᠡᠬᠦ ᠤᠬᠠᠭᠠᠨ ᠤ ᠮᠣᠩᠭᠣᠯ ᠰᠡᠳᠬᠦᠯ ᠢ ᠡᠭᠦᠰᠬᠡᠨ ᠡᠷᠬᠢᠯᠡᠵᠦ᠂ ᠮᠣᠩᠭᠣᠯ ᠨᠤᠲᠤᠭ  ᠤᠨ ᠮᠠᠯᠴᠢᠨ ᠲᠠᠷᠢᠶᠠᠴᠵᠢᠨ ᠳᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠬᠢᠵᠠᠶ᠃ ᠡᠭᠦᠨ ᠦ ᠬᠠᠮᠲᠤ ᠪᠠᠰᠠ 《ᠮᠠᠯ ᠠᠵᠤ ᠠᠬᠤᠶ  ᠵᠢᠨ ᠲᠦᠬᠥᠮ ᠭᠠᠷ ᠠᠪᠤᠯᠭ᠎ᠠ》᠂ 《ᠮᠠᠯ ᠠᠵᠤ ᠠᠬᠤᠶ ᠪᠠ ᠮᠠᠯ ᠡᠮᠨᠡᠯᠭᠡ  ᠵᠢᠨ ᠨᠡᠷ᠎ᠡ ᠲᠣᠮᠢᠶ᠎ᠠ》᠂ 《ᠢᠴᠡᠭᠡᠯ ᠦᠷ᠎ᠡ  ᠵᠢᠨ ᠰᠢᠩᠭᠡᠨ ᠢ ᠬᠠᠳᠠᠭᠠᠯᠠᠬᠤ ᠪᠠ ᠬᠡᠷᠡᠭᠯᠡᠬᠦ ᠠᠷᠭ᠎ᠠ 3᠂ 《ᠬᠤᠷᠠᠭ᠎ᠠ ᠢᠰᠢᠭᠡ  ᠵᠢᠨ ᠴᠢᠴᠠᠭ᠎ᠠ ᠠᠯᠳᠠᠬᠤ ᠡᠪᠡᠳᠴᠵᠢᠨ ᠢ ᠰᠡᠷᠭᠡᠢᠯᠡᠨ ᠡᠮᠨᠡᠨ ᠵᠠᠰᠠᠬᠤ  ᠲᠤᠰᠭᠠᠢ》᠂ 《ᠮᠢᠬᠠᠨ ᠤ ᠦᠬᠡᠷ》 ᠵᠡᠷᠭᠡ ᠨᠣᠮ ᠢ ᠣᠷᠴᠢᠭᠤᠯ ᠤᠨ ᠨᠠᠢᠷᠠᠭᠤᠯᠵᠤ ᠬᠡᠪᠯᠡᠭᠦᠯᠪᠡ᠃