ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠷᠵᠢᠨᠴᠵᠢᠨ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠷᠵᠢᠨᠴᠵᠢᠨ ( 1942—— ) ᠬᠢᠨᠠᠨ ᠣᠷᠴᠢᠭᠤᠯᠤᠭᠴᠢ᠃ ᠦᠪᠥᠷ ᠮᠣᠩᠭᠣᠯ  ᠤᠨ ᠵᠣᠣ ᠤᠳᠠ ᠠᠢᠮᠠᠭ  ᠤᠨ ᠪᠠᠭᠠᠷᠵᠢᠨ ᠵᠡᠭᠦᠨ ᠬᠣᠰᠢᠭᠤᠨ ᠤ ᠬᠦᠮᠦᠨ᠂ 1964 ᠣᠨ ᠳᠤ ᠦᠪᠥᠷ ᠮᠣᠩᠭᠣᠯ  ᠤᠨ ᠶᠡᠬᠡ ᠰᠤᠷᠭᠠᠭᠤᠯᠢ ᠠᠴᠠ ᠲᠡᠭᠦᠰᠦᠭᠡᠳ᠂ ᠦᠪᠥᠷ ᠮᠣᠩᠭᠣᠯ  ᠤᠨ ᠨᠡᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠬᠡᠯᠡ ᠰᠤᠳᠤᠯᠬᠤ ᠭᠠᠵᠠᠷ ᠠᠵᠢᠯᠯᠠᠪᠠ᠃ ᠠᠲᠠ 《ᠮᠠᠤ ᠽᠸ ᠳ᠋ᠦᠩ ᠦᠨ ᠰᠣᠩᠭᠣᠮᠠᠯ ᠵᠣᠬᠢᠶᠠᠯ》 ᠢ ᠣᠷᠴᠢᠭᠤᠯᠬᠤ ᠠᠵᠢᠯ ᠳᠤ ᠣᠷᠣᠯᠴᠠᠭᠰᠠᠨ ᠤ ᠬᠠᠮᠲᠤ ᠨᠠᠮ ᠲᠦᠷᠥ  ᠵᠢᠨ ᠤᠳᠤᠷᠢᠳᠬᠤ ᠬᠦᠮᠦᠰ ᠦᠨ ᠰᠢᠯᠦᠭ ᠳᠠᠭᠤᠯᠠᠯ ᠢ ᠣᠷᠴᠢᠭᠤᠯᠬᠤ ᠪᠠ ᠮᠣᠩᠭᠣᠯ ᠣᠷᠴᠢᠭᠤᠯᠭ᠎ᠠ ᠶᠢ ᠬᠢᠨᠠᠨ ᠲᠣᠭᠲᠠᠭᠠᠬᠤ ᠠᠵᠢᠯ ᠬᠢᠵᠠᠶ᠃ 1970 ᠣᠨ ᠳᠤ ᠲᠦᠪ ᠦᠨ ᠠᠷᠠᠳ  ᠤᠨ ᠷᠠᠳᠢᠣ᠋ ᠨᠡᠪᠲᠡᠷᠡᠭᠦᠯᠭᠡ  ᠵᠢᠨ ᠬᠤᠷᠢᠶᠠᠨ ᠳᠤ ᠠᠵᠢᠯ ᠰᠢᠯᠵᠢᠵᠤ᠂ ᠷᠠᠳᠢᠣ᠋ ᠰᠣᠨᠢᠨ ᠮᠡᠳᠡᠭᠡ᠂    ᠲᠤᠰᠭᠠᠢ ᠫᠷᠥᠭᠷᠡᠮ᠂ ᠤᠳᠬ᠎ᠠ ᠤᠷᠠᠯᠢᠭ  ᠤᠨ ᠡᠬᠡ ᠪᠢᠴᠢᠭ ᠢ ᠮᠣᠩᠭᠣᠯᠴᠢᠯᠠᠬᠤ᠂ ᠨᠠᠢᠷᠠᠭᠤᠯᠬᠤ ᠪᠠ ᠰᠣᠨᠢᠨ ᠮᠡᠳᠡᠭᠡᠨ ᠦ ᠰᠤᠷᠪᠤᠯᠵᠢᠯᠠᠭ᠎ᠠ  ᠵᠢᠨ ᠠᠵᠢᠯ ᠬᠢᠵᠠᠶ᠃ ᠳᠠᠷᠠᠭ᠎ᠠ ᠨᠢ ᠮᠣᠩᠭᠣᠯ ᠬᠡᠯᠡᠨ ᠦ ᠳᠤ  ᠤᠨ ᠳᠡᠳ᠋ ᠳᠠᠷᠤᠭ᠎ᠠ᠂ ᠳᠠᠷᠤᠭ᠎ᠠ  ᠵᠢᠨ    ᠲᠤᠰᠢᠶᠠᠯ ᠢ ᠣᠯᠠᠨ ᠵᠢᠯ ᠬᠠᠷᠢᠭᠤᠴᠠᠵᠤ᠂ ᠮᠣᠩᠭᠣᠯ ᠷᠠᠳᠢᠣ᠋  ᠵᠢᠨ ᠣᠯᠠᠨ ᠲᠦᠷᠥᠯ ᠦᠨ ᠡᠬᠡ ᠪᠢᠴᠢᠭ ᠪᠠ ᠣᠷᠴᠢᠭᠤᠯᠭ᠎ᠠ ᠶᠢ ᠬᠢᠨᠠᠨ ᠲᠣᠭᠲᠠᠭᠠᠵᠤ᠂ ᠨᠠᠢᠷᠠᠭᠤᠯ ᠤᠨ ᠦᠢᠯᠡᠳᠴᠦ ᠪᠠᠢᠪᠠ᠃ 《 ᠰᠣᠨᠢᠨ ᠮᠡᠳᠡᠭᠡᠨ ᠦ ᠣᠷᠴᠢᠭᠤᠯᠭ᠎ᠠ  ᠵᠢᠨ ᠠᠰᠠᠭᠤᠳᠠᠯ ᠢ ᠲᠣᠪᠴᠢ ᠶᠠᠷᠢᠬᠤ ᠨᠢ》᠂ 《 ᠰᠣᠨᠢᠨ ᠮᠡᠳᠡᠭᠡᠨ ᠦ ᠬᠡᠯᠡ ᠬᠡᠯᠡᠯᠭᠡ ᠶᠢ ᠲᠣᠪᠴᠢ ᠠᠪᠰᠠᠷᠬᠠᠨ ᠪᠣᠯᠭᠠᠬᠤ  ᠵᠢᠨ ᠤᠴᠢᠷ》 ᠭᠡᠬᠦ ᠮᠡᠲᠦ  ᠵᠢᠨ ᠦᠭᠦᠯᠡᠯ ᠵᠣᠬᠢᠶᠠᠯ ᠨᠢ ᠳᠤᠮᠳᠠᠳᠤ ᠤᠯᠤᠰ  ᠤᠨ ᠮᠣᠩᠭᠣᠯ ᠷᠠᠳᠢᠣ᠋ ᠨᠡᠪᠲᠡᠷᠡᠭᠦᠯᠭᠡ  ᠵᠢᠨ ᠰᠢᠯᠢᠳᠡᠭ ᠡᠬᠡ ᠪᠢᠴᠢᠭ ᠦᠨ ᠰᠢᠯᠭᠠᠷᠠᠭᠤᠯᠤᠯᠲᠠ ᠳᠤ ᠨᠢᠭᠡᠳᠦᠭᠡᠷ ᠬᠣᠶᠠᠳᠤᠭᠠᠷ ᠲᠠᠰ  ᠤᠨ ᠱᠠᠩᠨᠠᠯ ᠬᠦᠷᠲᠡᠵᠡᠶ᠃ ᠲᠡᠷᠡ ᠪᠠᠰᠠ ᠬᠤᠪᠢ ᠪᠠᠷ ᠢᠶᠠᠨ ᠪᠤᠶᠤ ᠪᠤᠰᠤᠳ  ᠤᠨ ᠬᠠᠮᠲᠤ 《ᠴᠧᠬᠤᠸ  ᠵᠢᠨ ᠦᠭᠦᠯᠡᠯᠭᠡ    ᠲᠤᠭᠤᠵᠢ ᠨᠤᠭᠤᠳ》᠂ 《ᠠᠨᠸᠠᠸᠷᠰᠧᠨ ᠤ ᠬᠡᠦᠭᠡᠳ ᠦᠨ ᠦᠯᠢᠭᠡᠷ》᠂ 《ᠢ ᠾᠸ ᠴᠢᠤᠸᠠᠨ》᠂ 《ᠶᠤᠸᠠᠨ ᠤ ᠶᠡᠬᠡ ᠨᠡᠢᠰᠯᠡᠯ》 ᠭᠡᠬᠦ ᠮᠡᠲᠦ  ᠵᠢᠨ ᠨᠣᠮ ᠪᠢᠴᠢᠭ ᠢ ᠣᠷᠴᠢᠭᠤᠯ ᠤᠨ ᠬᠡᠪᠯᠡᠭᠦᠯᠵᠡᠢ᠃ ᠤᠷᠢᠳ ᠬᠣᠵᠢᠳ ᠲᠦᠪ ᠦᠨ ᠷᠠᠳᠢᠣ᠋ ᠬᠤᠷᠢᠶᠠᠨ ᠤ ᠰᠤᠳᠤᠯᠭᠠᠨ ᠤ ᠨᠡᠢᠭᠡᠮᠯᠢᠭ ᠦᠨ ᠭᠡᠰᠢᠭᠦᠨ᠂ ᠳᠤᠮᠳᠠᠳᠤ ᠤᠯᠤᠰ  ᠤᠨ ᠣᠷᠴᠢᠭᠤᠯᠬᠤ ᠠᠵᠢᠯᠲᠠᠳ  ᠤᠨ ᠨᠡᠢᠭᠡᠮᠯᠢᠭ ᠦᠨ ᠭᠡᠰᠢᠭᠦᠨ᠂ ᠳᠤᠮᠳᠠᠳᠤ ᠤᠯᠤᠰ  ᠤᠨ ᠮᠣᠩᠭᠣᠯ ᠤᠳᠬ᠎ᠠ ᠵᠣᠬᠢᠶᠠᠯ  ᠤᠨ ᠰᠤᠳᠤᠯᠭᠠᠨ ᠤ ᠬᠤᠷᠠᠯ  ᠤᠨ ᠬᠡᠷᠡᠭ ᠡᠷᠬᠢᠯᠡᠬᠦ ᠭᠡᠰᠢᠭᠦᠨ ᠵᠡᠷᠭᠡ    ᠲᠤᠰᠢᠶᠠᠯ ᠳᠤ ᠪᠠᠢᠪᠠ᠃