ᠨᠡᠷ᠎ᠡ:
ᠷᠵᠢᠨᠴᠵᠢᠨᠰᠣᠷᠣᠩ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠷᠵᠢᠨᠴᠵᠢᠨᠰᠣᠷᠣᠩ ( l940~ ) ᠬᠢᠨᠠᠨ ᠨᠠᠢᠷᠠᠭᠤᠯᠤᠭᠴᠢ᠃ ᠦᠪᠥᠷ ᠮᠣᠩᠭᠣᠯ ᠤᠨ ᠰᠢᠯᠤᠭ ᠤᠨ ᠬᠦᠪᠡᠭᠡᠲᠦ ᠴᠠᠭᠠᠨ ᠬᠣᠰᠢᠭᠤᠨ ᠳᠤ ᠨᠤᠲᠤᠭ ᠲᠠᠢ᠂ 1965 ᠣᠨ ᠳᠤ ᠦᠪᠥᠷ ᠮᠣᠩᠭᠣᠯ ᠤᠨ ᠶᠡᠬᠡ ᠰᠤᠷᠭᠠᠭᠤᠯᠢ ᠵᠢᠨ ᠹᠢᠽᠢᠺᠠ ᠤᠨ ᠰᠠᠯᠪᠤᠷᠢ ᠠᠴᠠ ᠲᠡᠭᠦᠰᠦᠭᠡᠳ ᠳᠤᠮᠳᠠᠳᠤ ᠰᠤᠷᠭᠠᠭᠤᠯᠢ ᠳᠤ ᠪᠠᠭᠰᠢᠯᠠᠪᠠ᠂ 1970 ᠣᠨ ᠠᠴᠠ ᠬᠣᠢᠰᠢ ᠦᠪᠥᠷ ᠮᠣᠩᠭᠣᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶᠠᠨ ᠤ ᠹᠢᠽᠢᠺᠠ ᠨᠠᠢᠷᠠᠭᠤᠯᠬᠤ ᠲᠠᠰᠤᠭ ᠤᠨ ᠨᠠᠢᠷᠠᠭᠤᠯᠤᠭᠴᠢ᠂ ᠨᠠᠢᠷᠠᠭᠤᠯᠬᠤ ᠲᠠᠰᠤᠭ ᠤᠨ ᠡᠷᠬᠢᠯᠡᠭᠴᠢ ᠪᠡᠷ ᠣᠯᠠᠨ ᠵᠢᠯ ᠠᠵᠢᠯᠯᠠᠪᠠ᠃ ᠭᠣᠣᠯ ᠪᠣᠯᠬᠤ ᠠᠮᠵᠢᠯᠲᠠ ᠪᠦᠲᠦᠭᠡᠯ ᠳᠦ᠄ ᠡᠷᠬᠢᠯᠡᠨ ᠨᠠᠢᠷᠠᠭᠤᠯᠤᠭᠰᠠᠨ ᠨᠣᠮ 《ᠠᠩᠭᠯᠢ ᠬᠢᠲᠠᠳ ᠮᠣᠩᠭᠣᠯ ᠬᠠᠷᠢᠴᠠᠭᠤᠯᠤᠭᠰᠠᠨ ᠪᠠᠢᠭᠠᠯᠢ ᠵᠢᠨ ᠰᠢᠨᠵᠢᠯᠡᠬᠦ ᠤᠬᠠᠭᠠᠨ ᠤ ᠨᠡᠷ᠎ᠡ ᠲᠣᠮᠢᠶᠠᠨ ᠤ ᠴᠤᠪᠤᠷᠠᠯ ᠪᠢᠴᠢᠭ —— ᠹᠢᠽᠢᠺᠠ ᠤᠨ ᠪᠣᠲᠢ》᠂ ᠨᠠᠢᠷᠠᠭᠤᠯ ᠤᠨ ᠵᠣᠬᠢᠶᠠᠭᠰᠠᠨ ᠨᠣᠮ 《ᠴᠠᠬᠢᠯᠭᠠᠨ ᠤᠬᠠᠭᠠᠨ ᠤ ᠰᠠᠭᠤᠷᠢ ᠮᠡᠳᠡᠯᠭᠡ》᠂ 《ᠬᠡᠷᠡᠯ ᠦᠨ ᠤᠬᠠᠭᠠᠨ ᠪᠠ ᠠᠲ᠋ᠣᠮ ᠤᠨ ᠹᠢᠽᠢᠺᠠ ᠤᠨ ᠰᠠᠭᠤᠷᠢ ᠮᠡᠳᠡᠯᠭᠡ》᠂ 《 ᠮᠠᠰᠢᠨ ᠲᠡᠷᠭᠡ ᠵᠢ ᠯᠦ᠍ᠭᠣᠳᠬᠤ ᠮᠡᠷᠭᠡᠵᠢᠯ ᠪᠠ ᠮᠠᠰᠢᠨ ᠲᠡᠷᠭᠡᠨ ᠦ ᠭᠡᠮᠲᠦᠯ ᠢ ᠤᠷᠢᠳᠴᠢᠯᠠᠨ ᠰᠡᠷᠭᠡᠢᠯᠡᠬᠦ》 ᠵᠡᠷᠭᠡ ᠪᠣᠶ᠃ ᠣᠯᠠᠨ ᠵᠢᠯ ᠦᠨ ᠲᠦ᠍ᠷᠰᠢ ᠣᠷᠴᠢᠭᠤᠯᠤᠭᠰᠠᠨ ᠨᠣᠮ ᠵᠣᠬᠢᠶᠠᠯ ᠤᠳ ᠨᠡᠢᠯᠡᠭᠡᠳ ᠪᠠᠷᠤᠭ 500 ᠲᠦᠮᠡᠨ ᠦᠰᠥᠭ ᠲᠦ ᠬᠦᠷᠪᠡ᠂ ᠡᠭᠦᠨ ᠳᠦ ᠪᠤᠰᠤᠳ ᠲᠠᠢ ᠬᠠᠮᠲᠤᠷᠠᠨ ᠣᠷᠴᠢᠭᠤᠯᠤᠭᠰᠠᠨ ᠶᠡᠬᠡ ᠰᠤᠷᠭᠠᠭᠤᠯᠢ ᠵᠢᠨ ᠵᠢᠭᠠᠬᠤ ᠮᠠᠲ᠋ᠧᠷᠢᠶᠠᠯ 《ᠴᠠᠬᠢᠯᠭᠠᠨ ᠰᠣᠷᠵᠢᠨᠵᠵᠢᠨ ᠤᠬᠠᠭᠠᠨ》 ᠨᠢ ᠣᠷᠴᠢᠭᠤᠯᠤᠭᠰᠠᠨ ᠨᠣᠮ ᠤᠨ ᠰᠢᠯᠢᠳᠡᠭ ᠪᠦᠲᠦᠭᠡᠯ ᠦᠨ ᠨᠢᠭᠡᠳᠦᠭᠡᠷ ᠲᠠᠰ ᠤᠨ ᠱᠠᠩᠨᠠᠯ ᠬᠦᠷᠲᠡᠪᠡ᠃ ᠲᠡᠷᠡ ᠪᠡᠷ ᠦᠪᠥᠷ ᠮᠣᠩᠭᠣᠯ ᠤᠨ ᠰᠤᠷᠭᠠᠨ ᠬᠦᠮᠦᠵᠢᠯ ᠦᠨ ᠡᠷᠳᠡᠮ ᠰᠢᠨᠵᠢᠯᠡᠭᠡᠨ ᠦ ᠨᠡᠢᠭᠡᠮᠯᠢᠭ ᠦᠨ ᠬᠡᠷᠡᠭ ᠡᠷᠬᠢᠯᠡᠭᠴᠢ᠂ ᠦᠪᠥᠷ ᠮᠣᠩᠭᠣᠯ ᠤᠨ ᠳᠤᠮᠳᠠᠳᠤ ᠰᠤᠷᠭᠠᠭᠤᠯᠢ ᠵᠢᠨ ᠹᠢᠽᠢᠺᠠ ᠤᠨ ᠵᠢᠭᠠᠨ ᠰᠤᠷᠭᠠᠯᠲᠠ ᠶᠢ ᠰᠤᠳᠤᠯᠬᠤ ᠨᠡᠢᠭᠡᠮᠯᠢᠭ ᠦᠨ ᠬᠡᠷᠡᠭ ᠡᠷᠬᠢᠯᠡᠬᠦ ᠵᠦᠪᠯᠡᠯ ᠦᠨ ᠳᠡᠳ᠋ ᠳᠠᠷᠤᠭ᠎ᠠ᠂ ᠪᠦᠬᠥ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠵᠢᠨ ᠮᠣᠩᠭᠣᠯ ᠰᠤᠷᠬᠤ ᠪᠢᠴᠢᠭ ᠬᠵᠢᠨᠠᠬᠤ ᠵᠦᠪᠯᠡᠯ᠂ ᠦᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠰᠤᠷᠬᠤ ᠪᠢᠴᠢᠭ ᠬᠵᠢᠨᠠᠬᠤ ᠵᠦᠪᠯᠡᠯ ᠦᠨ ᠭᠡᠰᠢᠭᠦᠨ ᠵᠡᠷᠭᠡ ᠨᠡᠢᠭᠡᠮ ᠦᠨ ᠠᠵᠢᠯ ᠡᠭᠦᠷᠭᠡ ᠶᠢ ᠬᠠᠷᠢᠭᠤᠴᠠᠵᠤ ᠪᠠᠢᠵᠠᠢ᠃
Copyight 2016 by nmgmzw.gov.cn All Rights Reserved