ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠵᠢᠶᠤᠤ · ᠨᠠᠷᠠᠩᠬᠤᠸᠠᠷ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠵᠢᠶᠤᠤ · ᠨᠠᠷᠠᠩᠬᠤᠸᠠᠷ ︱ ᠡᠮᠡᠭᠲᠡᠢ ᠂ ᠮᠣᠩᠭᠤᠯ ᠦᠨᠳᠦᠰᠦᠲᠡᠨ ᠂ ᠡᠪ ᠬᠠᠮᠲᠤ ᠨᠠᠮ ᠤᠨ ᠭᠡᠰᠢᠭᠦᠨ ᠂ ᠳᠤᠮᠳᠠᠳᠤ ᠰᠤᠷᠭᠠᠭᠤᠯᠢ ᠶ᠋ᠢᠨ ᠥᠨᠳᠦᠷ ᠳᠡᠰ ᠦ᠋ᠨ ᠪᠠᠭᠰᠢ ᠂ ᠳᠡᠭᠡᠳᠦ ᠵᠡᠷᠭᠡ  ᠶᠢᠨ ᠲᠤᠰᠭᠠᠢ ᠮᠡᠷᠭᠡᠵᠢᠯ ᠦ᠋ᠨ ᠰᠤᠷᠤᠯᠭ᠎ᠠ ᠶ᠋ᠢᠨ ᠨᠠᠮᠲᠠᠷ ᠲᠠᠢ ᠃ ᠭᠤᠴᠢ ᠭᠠᠷᠤᠢ ᠵᠢᠯ ᠦ᠋ᠨ ᠲᠤᠷᠰᠢ ᠦᠢᠯᠡᠰ ᠢ᠋ᠶ᠋ᠡᠨ ᠳᠡᠭᠡᠳᠦᠯᠡᠵᠦ ᠴᠢᠷᠮᠠᠢᠨ ᠠᠵᠢᠯᠯᠠᠵᠤ ᠶᠠᠪᠤᠬᠤ ‍ᠳ᠋ᠥ ᠪᠠᠨ ᠬᠣᠲᠠ ︵ ᠠᠢᠮᠠᠭ ︶ ᠵᠢᠨ ᠳᠡᠰ ᠦ᠋ᠨ ᠬᠢᠴᠢᠶᠡᠯ ᠲᠥᠷᠦᠯ ᠦ᠋ᠨ ᠳᠠᠭᠠᠭᠤᠯᠤᠭᠴᠢ ᠪᠠ ᠲᠡᠷᠢᠭᠦᠨ ᠦ᠌ ᠵᠢᠭᠠᠬᠤ  ᠶᠢ ᠰᠤᠳᠤᠯᠤᠭᠴᠢ ᠂ ᠬᠣᠰᠢᠭᠤ ᠂ ᠠᠢᠮᠠᠭ ᠤ᠋ᠨ ᠱᠠᠲᠤᠨ ᠤ ᠲᠡᠷᠢᠭᠦᠨ ᠦ᠌ ᠪᠠᠭᠰᠢ ᠪᠠᠷ ᠦᠨᠡᠯᠡᠭᠳᠡᠵᠦ ᠂ ᠣᠷᠤᠨ ᠤ᠋ ᠳᠡᠰ ᠦ᠋ᠨ ᠰᠢᠯᠢᠳᠡᠭ ᠵᠢᠭᠠᠨ ᠰᠤᠷᠭᠠᠬᠤ ᠴᠢᠳᠠᠪᠤᠷᠢᠲᠠᠨ  ᠢᠶᠠᠷ ᠬᠥᠬᠢᠭᠦᠯᠦᠭᠳᠡᠪᠡ ᠃ 1952 ᠣᠨ ᠤ 11 ᠰᠠᠷ᠎ᠠ ‍ᠳ᠋ᠥ ᠤᠤᠯ ᠤᠨ ᠪᠠᠶᠠᠨᠨᠠᠭᠤᠷ ᠠᠢᠮᠠᠭ ᠤ᠋ᠨ ᠤᠷᠠᠳ ᠤᠨ ᠡᠮᠦᠨᠡᠲᠦ ᠬᠣᠰᠢᠭᠤᠨ ᠤ᠋ ᠬᠥᠬᠡᠪᠤᠯᠠᠭ ᠨᠢᠭᠡᠳᠦᠯ ᠦ᠋ᠨ ᠨᠠᠮ ᠤᠨ ᠬᠣᠷᠢᠶᠠᠨ ᠤ᠋ ᠱᠦᠵᠢ ᠠᠭᠰᠠᠨ ᠷᠠᠳᠸᠩ ᠂ ᠤᠯᠠᠭᠠᠨᠪᠤᠯᠠᠭ ᠪᠠᠷᠢᠭᠠᠳᠠ  ᠶᠢᠨ ᠮᠠᠯᠴᠢᠨ ᠣᠳᠭᠤᠨ ᠤ᠋ ᠬᠣᠶᠠᠳᠤᠭᠠᠷ ᠥᠬᠢᠨ ᠨᠢ ᠪᠣᠯᠵᠤ ᠲᠥᠷᠦᠪᠡ ᠃ 1960 ᠣᠨ  ᠠᠴᠠ ᠪᠢᠴᠢᠭ ᠰᠣᠶᠤᠯ ᠤ᠋ᠨ ᠮᠥᠷ ᠬᠥᠭᠡᠭᠡᠵᠦ ᠂ ᠬᠣᠰᠢᠭᠤᠨ ᠤ᠋ ᠪᠠᠨ ᠮᠣᠩᠭᠤᠯ ᠪᠠᠭ᠎ᠠ ᠰᠤᠷᠭᠠᠭᠤᠯᠢ ᠂ ᠳᠤᠮᠳᠠᠳᠤ ᠰᠤᠷᠭᠠᠭᠤᠯᠢ ‍ᠳ᠋ᠥ ᠪᠢᠴᠢᠭ ᠦᠵᠡᠵᠡᠢ ᠃ 1975 ᠣᠨ ᠤ 8 ᠰᠠᠷ᠎ᠠ  ᠠᠴᠠ ᠪᠠᠭᠰᠢᠯᠠᠵᠤ ᠂ 1987 ᠣᠨ ᠤ 9 ᠰᠠᠷ᠎ᠠ ‍ᠳ᠋ᠥ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠳᠡᠭᠡᠳᠦ ᠰᠤᠷᠭᠠᠭᠤᠯᠢ ᠶ᠋ᠢᠨ ᠮᠣᠩᠭᠤᠯ ᠬᠡᠯᠡ ᠤᠳᠭ᠎ᠠ ᠵᠣᠬᠢᠶᠠᠯ ᠤ᠋ᠨ ᠰᠠᠯᠪᠤᠷᠢ ‍ᠳ᠋ᠥ ᠰᠢᠯᠭᠠᠭᠳᠠᠨ ᠣᠷᠤᠵᠤ ᠬᠤᠶᠠᠷ ᠵᠢᠯ ᠰᠤᠷᠤᠯᠴᠠᠭᠠᠳ 1989 ᠣᠨ ᠤ 7 ᠰᠠᠷ᠎ᠠ ‍ᠳ᠋ᠥ ᠰᠢᠯᠢᠳᠡᠭ ᠬᠢᠷᠢ ᠪᠦᠲᠦᠮᠵᠢ ᠪᠡᠷ ᠰᠤᠷᠤᠯᠭ᠎ᠠ ᠪᠠᠨ ᠲᠡᠭᠦᠰᠭᠡᠪᠡ ᠃ 1989.9 ᠰᠠᠷ᠎ᠠ ︱ 1998.3 ᠰᠠᠷ᠎ᠠ ᠬᠦᠷᠲᠡᠯ᠎ᠡ ᠤᠷᠠᠳ ᠤᠨ ᠡᠮᠦᠨᠡᠲᠦ ᠬᠣᠰᠢᠭᠤᠨ ᠤ᠋ ᠮᠣᠩᠭᠤᠯ ᠦᠨᠳᠦᠰᠦᠲᠡᠨ ᠦ᠌ ᠨᠢᠭᠡᠳᠦᠭᠡᠷ ᠳᠤᠮᠳᠠᠳᠤ ᠰᠤᠷᠭᠠᠭᠤᠯᠢ ‍ᠳ᠋ᠥ ᠪᠠᠭᠰᠢᠯᠠᠪᠠ ᠃ ᠡᠨᠡ ᠬᠣᠭᠤᠷᠤᠨᠳᠤ ᠠᠩᠬ᠎ᠠ ᠳᠤᠮᠳᠠᠳᠤ  ᠶᠢᠨ ᠮᠣᠩᠭᠤᠯ ᠬᠡᠯᠡ ᠪᠢᠴᠢᠭ ᠦ᠋ᠨ ᠪᠠᠭᠰᠢ ᠂ ᠠᠩᠭᠢ ᠶ᠋ᠢᠨ ᠡᠷᠬᠢᠯᠡᠭᠴᠢ ᠂ ᠰᠤᠳᠤᠯᠬᠤ ᠳᠤᠭᠤᠢᠯᠠᠩ ᠤ᠋ᠨ ᠳᠠᠷᠤᠭ᠎ᠠ ᠂ ᠬᠢᠴᠢᠶᠡᠯ ᠬᠥᠮᠦᠵᠢᠯ ᠦ᠋ᠨ ᠡᠷᠬᠢᠯᠡᠭᠴᠢ ᠪᠡᠷ ᠠᠵᠢᠯᠯᠠᠪᠠ ᠃ 1998 ᠣᠨ ᠤ 3 ᠰᠠᠷ᠎ᠠ ‍ᠳ᠋ᠥ ᠤᠷᠠᠳ ᠤᠨ ᠡᠮᠦᠨᠡᠲᠦ ᠬᠣᠰᠢᠭᠤᠨ ᠤ᠋ ᠰᠤᠷᠭᠠᠨ ᠬᠥᠮᠦᠵᠢᠯ ᠦ᠋ᠨ ᠲᠣᠪᠴᠢᠶᠠᠨ ᠤ᠋ ᠵᠢᠭᠠᠬᠤ  ᠶᠢ ᠰᠤᠳᠤᠯᠬᠤ ᠲᠠᠰᠤᠭ ᠲᠤ᠌ ᠳᠡᠳ᠋ ᠡᠷᠬᠢᠯᠡᠭᠴᠢ ᠪᠡᠷ ᠲᠣᠮᠢᠯᠠᠭᠳᠠᠨ ᠠᠵᠢᠯᠯᠠᠵᠤ ᠂ ᠪᠦᠬᠦ ᠬᠣᠰᠢᠭᠤᠨ ᠤ᠋ ᠮᠣᠩᠭᠤᠯ ᠦᠨᠳᠦᠰᠦᠲᠡᠨ ᠦ᠌ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠭᠠᠨ ᠬᠥᠮᠦᠵᠢᠯ ᠵᠢᠭᠠᠨ ᠰᠤᠷᠭᠠᠬᠤ ᠠᠵᠢᠯ ᠤᠨ ᠬᠠᠮᠢᠶᠠᠷᠤᠯᠲᠠ ᠪᠠ ᠡᠷᠳᠡᠮ ᠰᠢᠨᠵᠢᠯᠡᠭᠡᠨ ᠦ᠌ ᠰᠤᠳᠤᠯᠭᠠᠨ ᠤ᠋ ᠠᠵᠢᠯ  ᠢ ᠬᠠᠷᠢᠭᠤᠴᠠᠨ ᠬᠢᠪᠡ ᠃ 2006 ᠣᠨ ‍ᠳ᠋ᠥ ᠠᠵᠢᠯ ᠤᠨ ᠪᠠᠢᠷᠢ ᠠ᠋ᠴᠠ ᠪᠠᠨ ᠰᠠᠯᠵᠤ ᠂ 2008 ᠣᠨ ‍ᠳ᠋ᠥ ᠵᠢᠩᠬᠢᠨᠢ ᠪᠡᠷ ᠠᠵᠢᠯ  ᠠᠴᠠ ᠪᠠᠨ ᠠᠮᠠᠷᠠᠪᠠ ᠃ ᠠᠵᠢᠯᠯᠠᠵᠤ ᠪᠠᠢᠭ᠎ᠠ ᠬᠤᠭᠤᠴᠠᠭᠠᠨ ‍ᠳ᠋ᠥ ᠪᠠᠨ ᠵᠢᠷᠠᠭᠠᠳ ᠬᠤᠪᠢ ᠥᠭᠦᠯᠡᠯ ᠂ ᠬᠣᠷᠢᠭᠠᠳ ᠬᠤᠪᠢ ᠤᠷᠠᠨ ᠵᠣᠬᠢᠶᠠᠯ ᠨᠡᠢᠲᠡᠯᠡᠭᠦᠯᠵᠦ ᠂ ᠤᠯᠤᠰ ᠣᠷᠤᠨ ᠤ᠋ ᠳᠡᠰ ᠦ᠋ᠨ ᠥᠭᠦᠯᠡᠯ ᠦ᠋ᠨ ᠱᠠᠩᠨᠠᠯ ᠲᠠᠢ ᠪᠥᠭᠡᠳ ᠡᠯ᠎ᠡ ᠱᠠᠲᠤᠨ ᠤ ᠵᠢᠱ᠌ᠢᠶᠡᠴᠢ ᠶ᠋ᠢᠨ ᠴᠣᠯᠠ ᠲᠠᠢ ᠠᠵᠢᠯᠯᠠᠵᠤ ᠶᠠᠪᠤᠪᠠ ᠃ ᠭᠣᠣᠯ ᠪᠣᠯᠬᠤ ᠪᠦᠲᠦᠭᠡᠯ ᠄ ︽ ᠳᠤᠮᠳᠠᠳᠤ ᠰᠤᠷᠭᠠᠭᠤᠯᠢ ᠶ᠋ᠢᠨ ᠬᠡᠯᠡ ᠪᠢᠴᠢᠭ ᠦ᠋ᠨ ᠵᠢᠭᠠᠨ ᠰᠤᠷᠭᠠᠯᠲᠠ ‍ᠳ᠋ᠥ ᠶᠡᠷᠦᠩᠬᠡᠢᠯᠡᠨ ᠲᠥᠰᠦᠪᠯᠡᠵᠦ ᠵᠢᠭᠠᠬᠤ ᠠᠷᠭ᠎ᠠ  ᠶᠢ ᠲᠤᠷᠰᠢᠨ ᠬᠡᠷᠡᠭᠵᠢᠭᠦᠯᠬᠦ ᠲᠤᠬᠠᠢ ︾ ᠪᠠ ︽ ᠬᠢᠴᠢᠶᠡᠯ ᠦ᠋ᠨ ᠵᠢᠭᠠᠨ ᠰᠤᠷᠭᠠᠯᠲᠠ ‍ᠳ᠋ᠥ ᠬᠡᠪ ᠴᠢᠨᠠᠷ ᠤᠨ ᠰᠤᠷᠭᠠᠨ ᠬᠥᠮᠦᠵᠢᠯ ᠢ᠋ ᠬᠡᠷᠬᠢᠨ ᠲᠤᠭᠤᠰᠢᠯᠠᠭᠤᠯᠬᠤ ᠪᠣᠢ ︾ ᠭᠡᠬᠦ ᠥᠭᠦᠯᠡᠯ 1999 ᠣᠨ ᠪᠠ 2000 ᠣᠨ ‍ᠳ᠋ᠥ ᠲᠤᠰ ᠪᠦᠷᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠡᠷᠳᠡᠮ ᠰᠢᠨᠵᠢᠯᠡᠭᠡᠨ ᠦ᠌ ᠪᠦᠲᠦᠭᠡᠯ ᠦ᠋ᠨ ᠰᠢᠯᠭᠠᠷᠠᠭᠤᠯᠤᠯᠲᠠ ‍ᠳ᠋ᠥ ᠨᠢᠭᠡᠳᠦᠭᠡᠷ ᠳᠡᠰ ᠦ᠋ᠨ ᠱᠠᠩᠨᠠᠯ ᠬᠦᠷᠲᠡᠵᠦ ᠂ ᠡᠮᠦᠨᠡᠬᠢ ᠨᠢ ︽ ᠵᠢᠭᠠᠨ ᠰᠤᠷᠭᠠᠬᠤ ᠰᠤᠳᠤᠯᠤᠯ ︾ ᠨᠣᠮ ‍ᠳ᠋ᠥ ᠲᠡᠭᠦᠪᠦᠷᠢᠯᠡᠭᠳᠡᠪᠡ ᠃ ︽ ᠬᠢᠴᠢᠶᠡᠯ ᠦ᠋ᠨ ᠲᠠᠩᠬᠢᠮ ᠤᠨ ᠵᠢᠭᠠᠨ ᠰᠤᠷᠭᠠᠯᠲᠠ ᠪᠣᠯ ᠬᠡᠪ ᠴᠢᠨᠠᠷ ᠤᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠭᠣᠣᠯ ᠠᠷᠭ᠎ᠠ ᠵᠠᠮ ᠮᠥᠨ ︾ ᠭᠡᠬᠦ ᠥᠭᠦᠯᠡᠯ ︽ ᠮᠣᠩᠭᠤᠯ ᠬᠡᠯᠡ ᠪᠢᠴᠢᠭ ︾ ᠰᠡᠳᠭᠦᠯ ᠦ᠋ᠨ 2000 ᠣᠨ ᠤ 12 ‍ᠳ᠋ᠣᠭᠠᠷ ᠬᠤᠭᠤᠴᠠᠭ᠎ᠠ ᠂ ︽ ᠰᠤᠷᠭᠠᠭᠤᠯᠢ ᠶ᠋ᠢᠨ ᠵᠢᠭᠠᠨ ᠰᠤᠷᠭᠠᠬᠤ ᠠᠵᠢᠯ ᠤᠨ ᠬᠠᠮᠢᠶᠠᠷᠤᠯᠲᠠ  ᠶᠢ ᠴᠢᠩᠭᠠᠳᠭᠠᠬᠤ ᠬᠡᠷᠡᠭᠲᠡᠢ ︾ ᠭᠡᠬᠦ ᠥᠭᠦᠯᠡᠯ ︽ ᠮᠣᠩᠭᠤᠯ ᠬᠡᠯᠡ ᠪᠢᠴᠢᠭ ︾ ᠰᠡᠳᠭᠦᠯ ᠦ᠋ᠨ 2002 ᠣᠨ ᠤ 7 ‍ᠳ᠋ᠣᠭᠠᠷ ᠬᠤᠭᠤᠴᠠᠭ᠎ᠠ ‍ᠳ᠋ᠥ ᠲᠤᠰ ᠪᠦᠷᠢ ᠨᠡᠢᠲᠡᠯᠡᠭᠳᠡᠪᠡ ᠃ ︽ ᠬᠢᠴᠢᠶᠡᠯ ᠶᠠᠷᠢᠬᠤ ᠭᠡᠭᠴᠢ ᠶᠠᠭᠤ ᠪᠣᠢ ︾ ᠭᠡᠬᠦ ᠥᠭᠦᠯᠡᠯ ᠤᠯᠤᠰ ᠤ᠋ᠨ ᠨᠢᠭᠡᠳᠦᠭᠡᠷ ᠳᠡᠰ ᠦ᠋ᠨ ᠱᠠᠩᠨᠠᠯ ᠬᠦᠷᠲᠡᠵᠦ ᠂ ︽ ᠴᠡᠴᠡᠷᠯᠢᠭᠴᠢ  ᠶᠢᠨ ᠪᠢᠯᠢᠭ ᠦ᠋ᠨ ᠴᠢᠭᠤᠯᠭᠠᠨ ︾ ᠨᠣᠮ ‍ᠳ᠋ᠥ ᠰᠣᠩᠭᠤᠭᠳᠠᠪᠠ ᠃ ︽ ᠪᠠᠭᠰᠢ  ᠶᠢᠨ ᠵᠢᠭᠠᠬᠤ ᠬᠡᠯᠪᠡᠷᠢ ᠪᠠ ᠰᠤᠷᠤᠭᠴᠢ ᠶ᠋ᠢᠨ ᠰᠤᠷᠤᠯᠴᠠᠬᠤ ᠬᠡᠯᠪᠡᠷᠢ  ᠶᠢ ᠬᠤᠪᠢᠰᠭᠠᠬᠤ ᠲᠤᠬᠠᠢ ᠮᠥᠴᠢᠳ ᠥᠭᠦᠯᠡᠬᠦᠢ ︾ ᠭᠡᠬᠦ ᠥᠭᠦᠯᠡᠯ ᠪᠦᠬᠦ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠡᠷᠳᠡᠮ ᠰᠢᠨᠵᠢᠯᠡᠭᠡᠨ ᠦ᠌ ᠪᠦᠲᠦᠭᠡᠯ ᠦ᠋ᠨ ᠨᠢᠭᠡᠳᠦᠭᠡᠷ ᠳᠡᠰ ᠦ᠋ᠨ ᠱᠠᠩᠨᠠᠯ ᠬᠦᠷᠲᠡᠵᠡᠢ ᠃ ᠣᠳᠣ ︽ ᠳᠤᠮᠳᠠᠳᠤ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠦ᠋ᠨ ᠰᠢᠨ᠎ᠡ ᠬᠢᠴᠢᠶᠡᠯ ᠦ᠋ᠨ ᠵᠢᠭᠠᠨ ᠰᠤᠷᠭᠠᠯᠲᠠ ᠶ᠋ᠢᠨ ᠰᠤᠳᠤᠯᠤᠯ ︾ ᠭᠡᠬᠦ ᠨᠣᠮ  ᠢᠶᠠᠨ ᠲᠤᠭᠤᠷᠪᠢᠨ ᠪᠢᠴᠢᠵᠦ ᠳᠠᠭᠤᠰᠭᠠᠭᠠᠳ ᠬᠡᠪᠯᠡᠯ ‍ᠳ᠋ᠥ ᠥᠭᠭᠦᠭᠡᠳ ᠪᠣᠢ ᠃ ᠡᠭᠦᠨ ᠡᠴᠡ ᠭᠠᠳᠠᠨ᠎ᠠ ᠂ ︽ ᠪᠠᠶᠠᠨ ᠨᠠᠭᠤᠷ ᠰᠣᠨᠢᠨ ︾ ᠤ ᠣᠨᠴᠠ ᠤᠷᠢᠭᠰᠠᠨ ᠴᠢᠮᠡᠭᠡᠯᠡᠭᠴᠢ ᠂ ᠳᠤᠮᠳᠠᠳᠤ ᠤᠯᠤᠰ ᠤ᠋ᠨ ᠵᠣᠬᠢᠶᠠᠯᠴᠢᠳ ᠤ᠋ᠨ ᠬᠣᠯᠪᠤᠭᠠᠨ ᠤ᠋ ᠨᠡᠢᠭᠡᠮᠯᠢᠭ ᠦ᠋ᠨ ᠭᠡᠰᠢᠭᠦᠨ ᠵᠡᠷᠭᠡ ᠨᠡᠢᠭᠡᠮ ᠦ᠋ᠨ ᠠᠵᠢᠯ ᠲᠥᠷᠦᠯ ‍ᠳ᠋ᠥ ᠣᠷᠤᠯᠴᠠᠵᠤ ᠪᠣᠢ ᠃