ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

‍ᠳ᠋‍ ᠂ ᠭᠠᠩᠲᠡᠮᠦᠷ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

‍ᠳ᠋‍ ᠂ ᠭᠠᠩᠲᠡᠮᠦᠷ ᠂ ᠡᠷᠡᠭᠲᠡᠢ ᠂ ᠮᠣᠩᠭᠤᠯ ᠦᠨᠳᠦᠰᠦᠲᠡᠨ ᠃ ᠰᠢᠯᠢ  ᠶᠢᠨ ᠬᠤᠳᠠ  ᠶᠢᠨ ᠮᠣᠩᠭᠤᠯ ᠳᠤᠮᠳᠠᠳᠤ ᠰᠤᠷᠭᠠᠭᠤᠯᠢ  ᠶᠢᠨ ᠬᠡᠯᠡ ᠪᠢᠴᠢᠭ ᠦ᠋ᠨ ᠳᠡᠭᠡᠳᠦ ᠳᠡᠰ ᠦ᠋ᠨ ᠪᠠᠭᠰᠢ ᠃ ᠪᠦᠬᠦ ᠤᠯᠤᠰ ᠤᠨ ᠮᠣᠩᠭᠤᠯ ᠰᠤᠷᠬᠤ ᠪᠢᠴᠢᠭ ︵ ᠳᠤᠮᠳᠠᠳᠤ ᠪᠠᠭ᠎ᠠ ᠰᠤᠷᠭᠠᠭᠤᠯᠢ ︶ ᠢ ᠬᠢᠨᠠᠨ ᠪᠠᠢᠴᠠᠭᠠᠬᠤ ᠵᠥᠪᠯᠡᠯ  ‍ᠣᠨ ᠣᠨᠴᠠ ᠤᠷᠢᠭᠰᠠᠨ ᠲᠤᠰᠭᠠᠢ ᠮᠡᠷᠭᠡᠵᠢᠯᠲᠡᠨ ᠂ ᠣᠷᠤᠨ ᠤ᠋ ᠳᠡᠰ ᠦ᠋ᠨ ᠪᠠᠷᠢᠮᠵᠢᠶ᠎ᠠ ᠠᠪᠢᠶᠠᠨ ᠤ ᠲᠦᠪᠰᠢᠨ ᠦ᠌ ᠰᠢᠯᠭᠠᠭᠴᠢ ᠂ ᠰᠢᠯᠢ  ᠶᠢᠨ ᠭᠣᠣᠯ ᠠᠢᠮᠠᠭ ᠤ᠋ᠨ ᠵᠣᠬᠢᠶᠠᠯᠴᠢᠳ ᠤ᠋ᠨ ᠨᠡᠢᠭᠡᠮᠯᠢᠭ ᠪᠠ ᠰᠢᠭᠦᠮᠵᠢᠯᠡᠭᠴᠢ ᠶ᠋ᠢᠨ ᠨᠡᠢᠭᠡᠮᠯᠢᠭ ᠦ᠋ᠨ ᠭᠡᠰᠢᠭᠦᠨ ᠂ ᠥᠪᠦᠷ ᠮᠣᠩᠭᠤᠯ ᠤ᠋ᠨ ᠤᠳᠭ᠎ᠠ ᠤᠷᠠᠯᠢᠭ ᠤᠨ ᠬᠣᠯᠪᠤᠭᠠᠨ ᠤ᠋ ᠰᠢᠭᠦᠮᠵᠢᠯᠡᠭᠴᠢ ᠶ᠋ᠢᠨ ᠨᠡᠢᠭᠡᠮᠯᠢᠭ ᠦ᠋ᠨ ᠭᠡᠰᠢᠭᠦᠨ ᠵᠡᠷᠭᠡ ᠨᠡᠢᠭᠡᠮ ᠦ᠋ᠨ ᠲᠤᠰᠢᠶᠠᠯ ᠲᠠᠢ ᠃ 1963 ᠣᠨ ᠳ᠋ᠤ᠌ ᠂ ᠰᠢᠯᠤᠭᠤᠨ ᠬᠥᠪᠡᠭᠡᠲᠦ ᠴᠠᠭᠠᠨ ᠬᠣᠰᠢᠭᠤᠨ ᠤ᠋ ᠪᠤᠯᠭᠠᠨᠲᠣᠬᠤᠢ ᠰᠤᠮᠤᠨ ‍ᠤᠦᠵᠢᠩᠳᠠᠢ ᠭᠠᠴᠠᠭᠠᠨ ᠳ᠋ᠤ᠌ ᠲᠥᠷᠦᠪᠡ ᠃ ᠰᠤᠷᠬᠤ ᠨᠠᠰᠤᠨ  ᠠᠴᠠ ᠪᠠᠨ ᠡᠬᠢᠯᠡᠵᠦ ᠦᠵᠢᠩᠳᠠᠢ ᠰᠤᠷᠭᠠᠭᠤᠯᠢ ᠂ ᠪᠤᠯᠭᠠᠨᠲᠣᠬᠤᠢ ᠰᠤᠷᠭᠠᠭᠤᠯᠢ ᠂ ᠰᠢᠯᠤᠭᠤᠨ ᠬᠥᠪᠡᠭᠡᠲᠦ ᠴᠠᠭᠠᠨ ᠬᠣᠰᠢᠭᠤᠨ ᠤ᠋ ᠮᠣᠩᠭᠤᠯ ᠳᠤᠮᠳᠠᠳᠤ ᠰᠤᠷᠭᠠᠭᠤᠯᠢ ᠳ᠋ᠤ᠌ ᠰᠤᠷᠤᠯᠴᠠᠵᠤ ᠂ 1981 ᠣᠨ ᠳ᠋ᠤ᠌ ᠥᠪᠦᠷ ᠮᠣᠩᠭᠤᠯ ᠤ᠋ᠨ ᠦᠨᠳᠦᠰᠦᠲᠡᠨ ᠦ ᠪᠠᠭᠰᠢ ᠶᠢᠨ ᠰᠤᠷᠭᠠᠭᠤᠯᠢ  ᠠᠴᠠ ᠲᠡᠭᠦᠰᠴᠦ ᠰᠡᠭᠦᠯᠡᠷ ᠨᠢ ᠥᠪᠦᠷ ᠮᠣᠩᠭᠤᠯ ᠤ᠋ᠨ ᠰᠤᠷᠭᠠᠨ ᠬᠥᠮᠦᠵᠢᠯ  ᠤᠨ ᠳᠡᠭᠡᠳᠦ ᠰᠤᠷᠭᠠᠭᠤᠯᠢ ᠳ᠋ᠤ᠌ ᠮᠡᠷᠭᠡᠵᠢᠯ ᠳᠡᠭᠡᠭᠰᠢᠯᠡᠭᠦᠯᠦᠨ ᠮᠣᠩᠭᠤᠯ ᠬᠡᠯᠡ ᠤᠳᠭ᠎ᠠ ᠵᠣᠬᠢᠶᠠᠯ ᠤᠨ ᠴᠢᠭᠯᠡᠯ ᠢ᠋ᠶ᠋ᠡᠷ ᠦᠨᠳᠦᠰᠦᠨ ᠠᠩᠭᠢ ᠠ᠋ᠴᠠ ᠲᠡᠭᠦᠰᠪᠡ ᠃ ᠠᠪᠠᠭ᠎ᠠ ᠬᠣᠰᠢᠭᠤᠨ ᠤ᠋ ᠮᠣᠩᠭᠤᠯ ᠳᠤᠮᠳᠠᠳᠤ ᠰᠤᠷᠭᠠᠭᠤᠯᠢ ᠳ᠋ᠤ᠌ ᠠᠵᠢᠯ ᠤᠨ ᠭᠠᠷᠤᠭ᠎ᠠ ᠪᠠᠨ ᠠᠪᠴᠤ ᠂1983 ᠣᠨ ᠤ ᠨᠠᠮᠤᠷ ᠰᠢᠯᠤᠭᠤᠨ ᠬᠥᠪᠡᠭᠡᠲᠦ ᠴᠠᠭᠠᠨ ᠬᠣᠰᠢᠭᠤᠨ ᠤ᠋ ᠮᠣᠩᠭᠤᠯ ᠳᠤᠮᠳᠠᠳᠤ ᠰᠤᠷᠭᠠᠭᠤᠯᠢ ᠳ᠋ᠤ᠌ ᠰᠢᠯᠵᠢᠨ ᠠᠵᠢᠯᠯᠠᠪᠠ ᠃ 2001 ᠣᠨ ᠳ᠋ᠤ᠌ ᠰᠢᠯᠢ  ᠶᠢᠨ ᠬᠣᠲᠠ  ᠶᠢᠨ ᠮᠣᠩᠭᠤᠯ ᠳᠤᠮᠳᠠᠳᠤ ᠰᠤᠷᠭᠠᠭᠤᠯᠢ ᠳ᠋ᠤ᠌ ᠰᠢᠯᠵᠢᠨ ᠢᠷᠡᠵᠡᠢ ᠃ ᠠᠵᠢᠯ ᠳ᠋ᠤ᠌ ᠭᠠᠷᠤᠭᠰᠠᠨ  ᠠᠴᠠ ᠨᠠᠰᠢ ᠵᠢᠭᠠᠨ ᠰᠤᠷᠭᠠᠯᠲᠠ ᠂ ᠤᠷᠠᠨ ᠵᠣᠬᠢᠶᠠᠯ ᠭᠡᠬᠦ ᠬᠤᠶᠠᠷ ᠴᠢᠭᠯᠡᠯ  ᠢᠶᠡᠷ ᠡᠷᠴᠢᠮᠯᠡᠨ ᠠᠵᠢᠯᠯᠠᠵᠤ ᠡᠳᠦᠭᠡ ᠳ᠋ᠦ᠍ ᠬᠦᠷᠴᠡᠢ ᠃ ᠤᠷᠢᠳ ᠬᠣᠵᠢᠳ ᠣᠷᠤᠨ ᠤ᠋ ᠳᠡᠰ ‍ᠶᠢᠨᠰᠢᠨ᠎ᠡ ᠡᠭᠦᠳᠦᠯᠲᠦ ᠬᠢᠴᠢᠶᠡᠯᠯᠡᠭᠡ  ᠶᠢᠨ ᠠᠵᠢᠯᠯᠠᠭᠠᠨ ᠤ ᠨᠢᠭᠡᠳᠦᠭᠡᠷ ᠲᠡᠰ  ᠤᠨ ᠱᠠᠩᠨᠠᠯ ᠂ ᠠᠢᠮᠠᠭ ᠤ᠋ᠨ ᠲᠡᠰ ᠦ᠋ᠨ ᠵᠢᠭᠠᠨ ᠰᠤᠷᠭᠠᠬᠤ ᠴᠢᠳᠠᠪᠤᠷᠢᠲᠠᠨ ᠂ ᠬᠢᠴᠢᠶᠡᠯ ᠲᠥᠷᠦᠯ  ᠤᠨ ᠳᠠᠭᠠᠭᠤᠯᠤᠭᠴᠢ ᠂ ᠵᠢᠱ᠌ᠢᠶᠡᠴᠢ ᠪᠠᠭᠰᠢ ᠂ ᠣᠷᠤᠨ ᠤ᠋ ᠲᠡᠰ  ᠤᠨ ᠵᠢᠭᠠᠨ ᠰᠤᠷᠭᠠᠯᠲᠠ  ᠶᠢᠨ ᠥᠭᠦᠯᠡᠯ ᠦ᠋ᠨ ᠨᠢᠭᠡᠳᠦᠭᠡᠷ ᠲᠡᠰ ᠦ᠋ᠨ ᠱᠠᠩᠨᠠᠯ ᠂ ᠬᠣᠲᠠ  ᠶᠢᠨ ᠲᠡᠰ ᠦ᠋ᠨ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠤᠪᠢ ᠬᠥᠮᠦᠨ ᠂ ᠠᠢᠮᠠᠭ  ᠤᠨ ᠲᠡᠰ ᠦ᠋ᠨ ᠰᠢᠯᠢᠳᠡᠭ ᠰᠢᠭᠦᠮᠵᠢᠯᠡᠭᠴᠢ  ᠶᠢᠨ ᠬᠥᠬᠢᠭᠦᠯᠦᠯ  ᠢ ᠬᠦᠷᠲᠡᠵᠦ ᠥᠩᠭᠡᠷᠡᠪᠡ ᠃ ᠭᠠᠭᠴᠠᠭᠠᠷ ᠪᠤᠶᠤ ᠪᠤᠰᠤᠳ ᠲᠠᠢ ᠬᠠᠮᠲᠤ ᠨᠠᠢᠷᠠᠭᠤᠯᠤᠭᠰᠠᠨ ᠨᠣᠮ ᠪᠦᠲᠦᠭᠡᠯ ᠄ ᠥᠪᠦᠷ ᠮᠣᠩᠭᠤᠯ ᠤ᠋ᠨ ᠬᠡᠪᠯᠡᠯ ᠦᠨ ᠪᠦᠯᠦᠭᠯᠡᠯ ᠦᠨ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦᠨ ᠬᠣᠷᠢᠶ᠎ᠠ  ᠠᠴᠠ ᠬᠡᠪᠯᠡᠭᠦᠯᠦᠭᠰᠡᠨ ᠨᠣᠮ— ︽ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠵᠣᠬᠢᠶᠠᠨ ᠪᠢᠴᠢᠯᠭᠡ ᠶᠢᠨ ᠰᠣᠩᠭᠤᠮᠠᠯ ᠂14 ︾ ︵ 1993.8 ︶ ᠂ ︽ ᠵᠡᠷᠭᠡᠴᠡᠭᠡ ᠪᠣᠯᠪᠠᠰᠤᠷᠠᠯ ︾ ︵ ᠠᠩᠬ᠎ᠠ ᠳᠤᠮᠳᠠᠳᠤ ᠶᠢᠨ ᠬᠣᠶᠠᠳᠤᠭᠠᠷ ᠳᠡᠪᠲᠡᠷ ᠂ 1999.12 ︶ ᠂ ︽ ᠺᠣᠨ᠋ᠰᠫᠧᠺᠲ ︾ ︵ ᠳᠡᠭᠡᠳᠦ ᠳᠤᠮᠳᠠᠳᠤ ᠶᠢᠨ ᠳᠥᠷᠪᠡᠳᠦᠭᠡᠷ ᠬᠡᠯᠡ ᠪᠢᠴᠢᠭ᠂2004.4 ︶ ᠂ ︽ ᠵᠡᠷᠭᠡᠴᠡᠭᠡ ᠪᠣᠯᠪᠠᠰᠤᠷᠠᠯ ︾ ︵ ᠳᠡᠭᠡᠳᠦ ᠳᠤᠮᠳᠠᠳᠤ ᠶᠢᠨ ᠬᠣᠶᠠᠳᠤᠭᠠᠷ ᠬᠡᠯᠡ ᠪᠢᠴᠢᠭ᠂2004.11 ︶ ᠂ ︽ ᠪᠣᠯᠪᠠᠰᠤᠷᠠᠯ ᠤᠨ ᠥᠷᠦᠭᠡ ︾ ︵ ᠲᠤᠭᠤᠵᠢᠰ ᠵᠥᠵᠦᠭᠡ ᠶᠢᠨ ᠰᠣᠨᠢᠷᠬᠠᠮᠵᠢ ᠂2012.1 ︶ ᠂ ︽ ᠰᠢᠯᠢ ᠶᠢᠨ ᠭᠣᠣᠯ ᠠᠢᠮᠠᠭ ᠤ᠋ᠨ ᠦᠨᠳᠦᠰᠦᠲᠡᠨ ᠦ ᠰᠤᠷᠭᠠᠨ ᠬᠥᠮᠦᠵᠢᠯ ᠦ᠋ᠨ ᠰᠢᠵᠢᠷ ᠬᠠᠭᠤᠳᠠᠰᠤ ︾ ︵2012.9 ︶ ︽ ᠮᠣᠩᠭᠤᠯ ᠰᠣᠶᠤᠯ ᠬᠥᠮᠦᠵᠢᠯ ︾ ︵ ᠠᠩᠬ᠎ᠠ ᠳᠤᠮᠳᠠᠳᠤ ᠂2016 ︶ ᠃ ᠠᠯᠤᠰ ᠤᠨ ᠪᠠᠷ ᠬᠡᠪᠯᠡᠯ ᠦᠨ ᠬᠣᠷᠢᠶ᠎ᠠ ᠠ᠋ᠴᠠ ᠬᠡᠪᠯᠡᠭᠦᠯᠦᠭᠰᠡᠨ ᠨᠣᠮ—︽ ᠰᠤᠷᠭᠠᠬᠤ ᠪᠠ ᠰᠤᠷᠬᠤ ᠠᠷᠭ᠎ᠠ ᠶᠢᠨ ᠬᠤᠷᠢᠶᠠᠴᠮᠵᠢ ︾ ︵ ᠥᠭᠦᠯᠡᠯ ᠦ᠋ᠨ ᠲᠡᠭᠦᠪᠦᠷᠢ 2004.9 ︶ ᠃ ᠳᠡᠭᠡᠷ᠎ᠡ ᠵᠠᠭᠤᠨ ᠤ ᠶᠡᠷᠡᠭᠡᠳ ᠣᠨ ᠤ᠋ ᠳᠤᠮᠳᠠᠴᠢ  ᠠᠴᠠ ᠡᠬᠢᠯᠡᠨ ᠤᠷᠠᠨ ᠵᠣᠬᠢᠶᠠᠯ ᠤᠨ ᠣᠨᠤᠯ ᠰᠢᠭᠦᠮᠵᠢ ᠶ᠋ᠢᠨ ᠪᠦᠲᠦᠭᠡᠯ ᠤᠷᠤᠯᠳᠤᠵᠤ ᠂ ︽ ᠪᠥᠬᠡ ᠶ᠋ᠢᠨ ᠤᠷᠢᠶ᠎ᠠ ︱ ᠣᠶᠤᠨ ᠤᠬᠠᠭᠠᠨ ᠤ ᠬᠠᠩᠭᠢᠨᠠᠮ᠎ᠠ ᠡᠭᠡᠰᠢᠭ ᠂ ᠵᠣᠷᠢᠭ ᠰᠠᠨᠠᠭᠠᠨ ᠤ ᠤᠷᠢ ᠳᠠᠭᠤᠤ ︾ ᠂ ︽ ᠤᠷᠢ ᠬᠠᠢᠷ᠎ᠠ ᠂ ᠤᠬᠠᠭᠠᠨ ᠴᠢᠳᠠᠯ ᠤᠨ ᠢᠪᠢᠯᠭᠡ ︱ ᠨᠤᠲᠤᠭ ᠤᠰᠤ ᠮᠢᠨᠢ ‍ᠳ᠋ᠠ ︾ ᠂ ︽ ᠥᠨᠳᠦᠷᠯᠢᠭ ᠦ᠋ᠨ ᠡᠯᠢᠭᠡᠨ ᠳ᠋ᠦ᠍ ᠪᠤᠲᠠᠯᠠᠭᠰᠠᠨ ᠥᠩᠭᠡᠲᠦ ᠴᠡᠴᠡᠭ ︾ ᠵᠡᠷᠭᠡ ᠰᠢᠭᠦᠮᠵᠢ ᠪᠠᠨ ︽ ᠰᠢᠯᠢ  ᠶᠢᠨ ᠭᠣᠣᠯ ︾ ︽ ᠠᠯᠳᠠᠨ ᠲᠦᠯᠬᠢᠭᠦᠷ ︾ ︽ ᠥᠨᠢᠷ ᠴᠡᠴᠡᠭ ︾ ᠰᠡᠳᠭᠦᠯ ᠳ᠋ᠦ᠍ ᠨᠡᠢᠲᠡᠯᠡᠭᠦᠯᠵᠦ ᠰᠢᠭᠦᠮᠵᠢ ᠪᠦᠲᠦᠭᠡᠯ ᠦ᠋ᠨ ᠠᠶᠠᠨ ᠤ ᠵᠥᠷᠢᠭ ᠢ᠋ᠶ᠋ᠡᠨ ᠥᠭᠰᠦᠭᠦᠯᠵᠡᠢ ᠃ ︽ ᠠᠯᠳᠠᠨ ᠲᠦᠯᠬᠢᠭᠦᠷ ︾ ᠰᠡᠳᠭᠦᠯ ᠦ᠋ᠨ 2004 ᠣᠨ ᠤ᠋ 2 ‍ᠳ᠋ᠤᠭᠠᠷ ᠬᠤᠭᠤᠴᠠᠭᠠᠨ ᠳ᠋ᠤ᠌ ᠨᠡᠢᠲᠡᠯᠡᠭᠳᠡᠭᠰᠡᠨ ︽ ᠰᠡᠳᠭᠢᠵᠦ ᠯᠠ ᠶᠠᠪᠤᠪᠠᠯ ᠬᠠᠳᠠᠨ ᠤ ᠠᠩ  ᠠᠴᠠ ᠴᠦ᠍ ᠦᠵᠡᠯ ᠰᠠᠨᠠᠭ᠎ᠠ ᠣᠯᠳᠠᠨ᠎ᠠ ︾ ᠭᠡᠬᠦ ᠰᠢᠭᠦᠮᠵᠢ ᠨᠢ ᠥᠪᠦᠷ ᠮᠣᠩᠭᠤᠯ ᠤ᠋ᠨ ᠦᠨᠳᠦᠰᠦᠲᠡᠨ ᠦ᠌ ᠳᠡᠭᠡᠳᠦ ᠵᠡᠷᠭᠡ  ᠶᠢᠨ ᠲᠤᠰᠭᠠᠢ ᠮᠡᠷᠭᠡᠵᠢᠯ ᠦ᠋ᠨ ᠰᠤᠷᠭᠠᠭᠤᠯᠢ  ᠶᠢᠨ ︽ ᠰᠣᠩᠭᠤᠮᠠᠯ ᠵᠣᠬᠢᠶᠠᠯ ︾ ᠳ᠋ᠦ ᠰᠢᠯᠢᠭᠳᠡᠨ ᠣᠷᠤᠵᠤ ᠥᠩᠭᠡᠷᠡᠪᠡ ᠃ 2014 ᠣᠨ ᠳ᠋ᠤ᠌ ᠂ ︽ ᠤᠷᠠᠨ ᠪᠦᠲᠦᠭᠡᠯ  ‍ᠣᠨ ᠰᠣᠨᠢᠷᠬᠠᠮᠵᠢ ︾ ᠭᠡᠬᠦ ᠤᠷᠠᠨ ᠵᠣᠬᠢᠶᠠᠯ  ‍ᠣᠨ ᠰᠢᠭᠦᠮᠵᠢ ᠶ᠋ᠢᠨ ᠲᠡᠭᠦᠪᠦᠷᠢ ᠪᠡᠨ ᠥᠪᠦᠷ ᠮᠣᠩᠭᠤᠯ ᠤ᠋ᠨ ᠠᠷᠠᠳ ᠤᠨ ᠬᠡᠪᠯᠡᠯ  ᠤᠨ ᠬᠣᠷᠢᠶᠠᠨ ᠳ᠋ᠤ᠌ ᠬᠡᠪᠯᠡᠭᠦᠯᠪᠡ ᠃