ᠨᠡᠷ᠎ᠡ:
ᠰ · ᠪᠠᠶᠠᠷ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰ · ᠪᠠᠶᠠᠷ ︵ ᠲᠣᠭᠲᠠᠨᠪᠠᠶᠠᠷ ︶ ᠪᠢᠯᠢᠭ ᠦ᠋ᠨ 1957 ᠣᠨ ᠤ 12 ᠰᠠᠷ᠎ᠠ ᠳ᠋ᠤ᠌ ᠬᠦᠷᠢᠶ᠎ᠡ ᠬᠣᠰᠢᠭᠤᠨ ᠤ᠋ ᠮᠠᠩᠬᠠᠨ ᠨᠤᠲᠤᠭ ᠤ᠋ᠨ ᠨᠠᠷᠢᠨᠲᠠᠯ᠎ᠠ ᠠᠢᠯ ᠳ᠋ᠤ᠌ ᠮᠠᠯᠴᠢᠨ ᠰᠸᠷᠢ ᠪᠠᠳᠮ᠎ᠠ ᠶᠢᠨ ᠤᠤᠭᠠᠨ ᠬᠥᠪᠡᠭᠦᠨ ᠪᠣᠯᠵᠤ ᠵᠠᠶᠠᠭᠠᠪᠠ ᠃ 1979 ᠣᠨ ᠳ᠋ᠤ᠌ ᠵᠢᠷᠢᠮ ᠦ᠋ᠨ ᠪᠠᠭᠰᠢ ᠶᠢᠨ ᠰᠤᠷᠭᠠᠭᠤᠯᠢ ᠠᠴᠠ ᠲᠡᠭᠦᠰᠴᠦ ᠪᠠᠭᠰᠢᠯᠠᠪᠠ ᠃ ᠡᠯᠡᠰᠦᠨ ᠭᠣᠣᠯ ᠪᠠᠭ᠎ᠠ ᠰᠤᠷᠭᠠᠭᠤᠯᠢ ᠳ᠋ᠤ᠌ ᠰᠤᠷᠭᠠᠭᠤᠯᠢ ᠶᠢᠨ ᠳᠠᠷᠤᠭ᠎ᠠ ᠪᠠᠷ ᠠᠵᠢᠯᠯᠠᠵᠤ ᠪᠠᠢᠭᠰᠠᠨ ᠢ᠋ᠶ᠋ᠠᠨ 2017 ᠣᠨ ᠳ᠋ᠤ᠌ ᠬᠦᠷᠢᠶ᠎ᠡ ᠲᠤᠷᠰᠢᠯᠲᠠ ᠶ᠋ᠢᠨ ᠪᠠᠭ᠎ᠠ ᠰᠤᠷᠭᠠᠭᠤᠯᠢ ᠠᠴᠠ ᠲᠡᠳᠭᠦᠪᠦᠷᠢ ᠳ᠋ᠦ᠍ ᠭᠠᠷᠪᠠ ᠃ ᠥᠪᠦᠷ ᠮᠣᠩᠭᠤᠯ ᠤ᠋ᠨ ᠦᠨᠳᠦᠰᠦᠲᠡᠨ ᠦ᠌ ᠪᠠᠭᠰᠢ ᠶᠢᠨ ᠳᠡᠭᠡᠳᠦ ᠰᠤᠷᠭᠠᠭᠤᠯᠢ ᠶᠢᠨ ᠮᠣᠩᠭᠤᠯ ᠬᠡᠯᠡ ᠤᠳᠭ᠎ᠠ ᠵᠣᠬᠢᠶᠠᠯ ᠤ᠋ᠨ ᠰᠠᠯᠪᠤᠷᠢ ᠶᠢᠨ ᠵᠠᠬᠢᠳᠠᠯ ᠢ᠋ᠶ᠋ᠠᠷ ᠰᠤᠷᠭᠠᠬᠤ ᠵᠢᠩᠬᠢᠨᠢ ᠠᠩᠭᠢ ᠳ᠋ᠤ᠌ ᠰᠤᠷᠤᠯᠴᠠᠪᠠ ᠃ ᠳᠤᠮᠳᠠᠳᠤ ᠰᠤᠷᠭᠠᠭᠤᠯᠢ ᠶᠢᠨ ᠳᠡᠭᠡᠳᠦ ᠲᠡᠰ ᠦ᠋ᠨ ᠪᠠᠭᠰᠢ ᠃ ᠳᠤᠮᠳᠠᠳᠤ ᠤᠯᠤᠰ ᠤᠨ ︽ ᠮᠣᠩᠭᠤᠯ ᠬᠡᠯᠡ ᠪᠢᠴᠢᠭ ᠦ᠋ᠨ ᠰᠤᠳᠤᠯᠭᠠᠨ ᠤ ᠨᠡᠢᠭᠡᠮᠯᠢᠭ ︾ ᠤᠨ ᠭᠡᠰᠢᠭᠦᠨ ᠂ ᠥᠪᠦᠷ ᠮᠣᠩᠭᠤᠯ ᠤ᠋ᠨ ︽ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠬᠡᠯᠡ ᠪᠢᠴᠢᠭ ᠦ᠋ᠨ ᠵᠢᠭᠠᠨ ᠰᠤᠷᠭᠠᠯᠲᠠ ᠶ᠋ᠢᠨ ᠰᠤᠳᠤᠯᠭᠠᠨ ᠤ ᠨᠡᠢᠭᠡᠮᠯᠢᠭ ︾ ᠤᠨ ᠬᠡᠷᠡᠭ ᠡᠷᠬᠢᠯᠡᠭᠴᠢ ᠂ ᠲᠦᠩᠯᠢᠶᠣᠤ ᠬᠤᠳᠠ ᠶᠢᠨ ᠬᠣᠶᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠲᠥᠯᠦᠭᠡᠯᠡᠭᠴᠢ ᠂ ᠤᠯᠤᠰ ᠲᠥᠷᠦ ᠶ᠋ᠢᠨ ᠵᠥᠪᠯᠡᠯᠭᠡᠨ ᠦ᠌ ᠬᠦᠷᠢᠶ᠎ᠡ ᠬᠣᠰᠢᠭᠤᠨ ᠤ᠋ ᠬᠣᠷᠢᠶ᠎ᠠ ᠶ᠋ᠢᠨ 3 ᠬᠤᠭᠤᠴᠠᠭ᠎ᠠ ᠶᠢᠨ ᠪᠠᠢᠩᠭᠤ ᠶ᠋ᠢᠨ ᠭᠡᠰᠢᠭᠦᠨ ᠁ ᠵᠡᠷᠭᠡ ᠨᠡᠢᠭᠡᠮ ᠦ᠋ᠨ ᠲᠤᠰᠢᠶᠠᠯ ᠢ᠋ ᠬᠠᠪᠰᠤᠷᠭᠠᠨ ᠬᠠᠷᠢᠭᠤᠴᠠᠵᠤ ᠪᠠᠢᠪᠠ ᠃ ᠪᠦᠬᠦ ᠤᠯᠤᠰ ᠤᠨ ︽ ᠡᠷᠡᠮᠡᠯᠵᠡᠯ ᠢᠨᠵᠧᠨᠧᠷᠢᠩ ᠦ᠋ᠨ ᠴᠡᠴᠡᠷᠯᠢᠭᠴᠢ ᠶᠢᠨ ᠱᠠᠩᠨᠠᠯ ︾ ᠂ ᠪᠦᠬᠦ ᠣᠷᠤᠨ ᠤ᠋ ︽ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢᠨ ᠲᠡᠷᠢᠭᠦᠨ ᠦ᠌ ᠬᠤᠪᠢ ᠬᠥᠮᠦᠨ ︾ ᠂ ︽ ᠤᠯᠠᠭᠠᠨᠬᠦᠦ ᠶᠢᠨ ᠮᠣᠩᠭᠤᠯ ᠬᠡᠯᠡ ᠪᠢᠴᠢᠭ ᠦ᠋ᠨ ᠱᠠᠩᠨᠠᠯ ︾ ᠂ ︽ ᠣᠷᠤᠨ ᠤ ᠲᠡᠰ ᠦ᠋ᠨ ᠡᠬᠡ ᠬᠡᠯᠡ ᠪᠠᠨ ᠥᠪᠯᠡᠨ ᠤᠯᠠᠮᠵᠢᠯᠠᠭᠰᠠᠨ ᠵᠢᠱ᠌ᠢᠶᠡᠴᠢ ︾ ᠂ ᠥᠪᠦᠷ ᠮᠣᠩᠭᠤᠯ ᠤ᠋ᠨ ᠡᠳᠦᠷ ᠦ᠋ᠨ ᠰᠣᠨᠢᠨ ᠤ᠋ ︽ ᠳᠠᠷᠬᠠᠨ ᠤᠩᠰᠢᠭᠴᠢ ︾ ᠂ ᠲᠦᠩᠯᠢᠶᠣᠤ ᠬᠤᠳᠠ ᠶᠢᠨ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶ᠋ᠢᠨ ᠬᠣᠷᠢᠶ᠎ᠠ ᠶ᠋ᠢᠨ ︽ ᠰᠢᠯᠢᠳᠡᠭ ᠰᠠᠨᠠᠯ ᠳᠤᠷᠠᠳᠤᠯᠭ᠎ᠠ ᠶᠢᠨ ᠱᠠᠩᠨᠠᠯ ︾ ᠵᠡᠷᠭᠡ ᠪᠠᠷ ᠦᠢᠯᠡᠰ ᠦ᠋ᠨ ᠮᠥᠷ ᠢ᠋ᠶ᠋ᠡᠨ ᠮᠢᠯᠢᠶᠠᠯᠭᠠᠵᠤ ᠢᠷᠡᠪᠡ ᠃ ᠪᠠᠭᠰᠢᠯᠠᠭᠰᠠᠨ ᠡᠳᠦᠷ ᠡᠴᠡ ᠪᠡᠨ ᠰᠤᠷᠭᠠᠨ ᠬᠥᠮᠦᠵᠢᠯ ᠪᠠ ᠬᠡᠯᠡ ᠰᠢᠨᠵᠢᠯᠡᠭᠡᠨ ᠦ᠌ ᠰᠤᠳᠤᠯᠭᠠᠨ ᠳ᠋ᠤ᠌ ᠰᠢᠮᠳᠠᠵᠤ 150 ᠭᠠᠷᠤᠢ ᠥᠭᠦᠯᠡᠯ ᠨᠠᠢᠷᠠᠭᠤᠯᠤᠯ ᠢ᠋ᠶ᠋ᠠᠨ ᠤᠯᠤᠰ ᠪᠠ ᠣᠷᠤᠨ ᠤ ᠲᠡᠰ ᠦ᠋ᠨ ᠰᠣᠨᠢᠨ ᠰᠡᠳᠭᠦᠯ ᠳ᠋ᠦ᠍ ᠨᠡᠢᠲᠡᠯᠡᠭᠦᠯᠵᠦ ︽ ᠭᠤᠷᠪᠠᠨ ᠬᠡᠯᠡᠨ ᠦ᠌ ᠵᠢᠭᠠᠨ ᠰᠤᠷᠭᠠᠯᠲᠠ ᠶ᠋ᠢ ᠵᠢᠷᠤᠮᠵᠢᠭᠤᠯᠵᠤ ᠵᠢᠭᠠᠨ ᠰᠤᠷᠭᠠᠯᠲᠠ ᠶ᠋ᠢᠨ ᠪᠦᠲᠦᠮᠵᠢ ᠪᠠᠨ ᠥᠨᠳᠦᠷᠵᠢᠭᠦᠯᠦᠶᠡ ︾ ᠭᠡᠬᠦ ᠥᠭᠦᠯᠡᠯ ᠢ᠋ᠶ᠋ᠡᠨ ᠮᠣᠩᠭᠤᠯ ᠤᠯᠤᠰ ᠤᠨ ︽ ᠪᠠᠭ᠎ᠠ ᠪᠣᠯᠪᠠᠰᠤᠷᠠᠯ ᠤ᠋ᠨ ᠪᠠᠭᠰᠢ ᠶᠢᠨ ᠬᠥᠭᠵᠢᠯ ︾ ᠰᠡᠳᠭᠦᠯ ᠳ᠋ᠦ᠍ ᠨᠡᠢᠲᠡᠯᠡᠭᠦᠯᠵᠦ ᠂ ᠮᠣᠩᠭᠤᠯ ᠰᠤᠷᠭᠠᠨ ᠬᠥᠮᠦᠵᠢᠯ ᠦ᠋ᠨ ᠥᠴᠢᠷᠡ ᠪᠠᠭᠠᠲᠤᠷ ᠲᠡᠷᠢᠭᠦᠯᠡᠭᠴᠢ ᠳ᠋ᠦ᠍ ᠬᠦᠷᠲᠡᠯ᠎ᠡ ᠵᠠᠬᠢᠳᠠᠯ ᠢᠯᠡᠭᠡᠵᠦ ᠶᠠᠪᠤᠪᠠ ᠃ ᠬᠠᠶᠠ ᠪᠠᠢᠨ ᠰᠢᠯᠦᠭ ᠨᠠᠢᠷᠠᠭᠤᠯᠤᠯ ᠢ᠋ᠶ᠋ᠠᠷ ᠬᠥᠭᠰᠡᠵᠦ ᠬᠦᠨᠳᠦᠷᠡᠬᠦ ᠶᠢᠨ ᠰᠡᠳᠭᠢᠯᠭᠡ ᠪᠠᠨ ᠲᠣᠬᠢᠷᠠᠭᠤᠯᠵᠤ ᠴᠦ᠍ ᠶᠠᠪᠤᠳᠠᠭ ᠃ ︽ ᠡᠷᠢᠯᠬᠢᠯᠡᠯ ︾ ᠂ ︽ ᠵᠢᠯᠤᠭᠤ ︾ ᠂ ︽ ᠳᠥᠷᠦᠭᠡ ︾ ᠵᠡᠷᠭᠡ ᠥᠭᠦᠯᠡᠯ ᠨᠠᠢᠷᠠᠭᠤᠯᠤᠯ ᠤ᠋ᠨ ᠲᠡᠭᠦᠪᠦᠷᠢ ᠡᠴᠡ ᠭᠠᠳᠠᠨ᠎ᠠ ᠠᠮᠤᠷᠪᠠᠲᠤ ᠲᠡᠢ ᠬᠠᠮᠲᠤᠷᠠᠨ ︽ ᠬᠦᠷᠢᠶ᠎ᠡ ᠮᠣᠩᠭᠤᠯᠴᠤᠳ ᠤ᠋ᠨ ᠣᠪᠤᠭ ᠤᠭᠰᠠᠭ᠎ᠠ ᠶᠢᠨ ᠴᠢᠭᠤᠯᠭ᠎ᠠ ︾ ᠂ ︽ ᠬᠦᠷᠢᠶ᠎ᠡ ᠮᠣᠩᠭᠤᠯ ᠰᠤᠷᠭᠠᠨ ᠬᠥᠮᠦᠵᠢᠯ ᠦ᠋ᠨ ᠲᠣᠪᠴᠢᠶ᠎ᠠ ︾ ᠂ ᠷᠠᠰᠢᠰᠡᠩᠭᠡ ᠲᠡᠢ ᠬᠠᠮᠲᠤᠷᠠᠨ ︽ ᠨᠠᠷᠢᠨᠲᠠᠯ᠎ᠠ ᠲᠣᠪᠴᠢᠶᠠᠨ ︾ ᠵᠡᠷᠭᠡ ᠨᠣᠮ ᠢ ᠬᠡᠪᠯᠡᠭᠦᠯᠪᠡ ᠃ ︽ ᠬᠡᠯᠡ ᠪᠢᠴᠢᠭ ᠦ᠋ᠨ ᠬᠢᠴᠢᠶᠡᠯ ᠦ᠋ᠨ ᠵᠢᠭᠠᠬᠤ ᠠᠬᠢᠴᠠ ᠶᠢ ᠲᠦᠷᠭᠡᠳᠭᠡᠭᠰᠡᠨ ᠲᠤᠷᠰᠢᠯᠲᠠ ᠶ᠋ᠢᠨ ᠮᠡᠳᠡᠭᠦᠯᠦᠯᠲᠡ ︾ ᠂ ︽ ᠪᠢ ᠮᠣᠩᠭᠤᠯ ᠲᠧᠯᠸᠢᠰ ᠲᠡᠢ ᠪᠠᠨ ︾ ᠵᠡᠷᠭᠡ ᠣᠯᠠᠨ ᠥᠭᠦᠯᠡᠯ ᠵᠣᠬᠢᠶᠠᠯ ᠨᠢ ᠤᠯᠤᠰ ᠣᠷᠤᠨ ᠤ ᠲᠡᠰ ᠦ᠋ᠨ ᠱᠠᠩᠨᠠᠯ ᠢ ᠬᠦᠷᠲᠡᠵᠦ ᠪᠠᠢᠪᠠ ᠃ 1986 ᠣᠨ ᠠ᠋ᠴᠠ ︽ ᠪᠦᠬᠦ ᠣᠷᠤᠨ ᠤ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠰᠤᠳᠤᠯᠭᠠᠨ ᠤ ᠬᠤᠷᠠᠯ ︾ ᠂ ︽ ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ ᠦ᠋ᠨ ᠰᠢᠨᠵᠢᠯᠡᠭᠡᠨ ᠦ᠌ ᠬᠤᠷᠠᠯ ︾ ᠂ ︽ ᠮᠣᠩᠭᠤᠯ ᠬᠢᠲᠠᠳ ᠬᠣᠣᠰ ᠬᠡᠯᠡᠨ ᠦ᠌ ᠰᠤᠳᠤᠯᠭᠠᠨ ᠬᠢᠭᠡᠳ ᠵᠢᠭᠠᠨ ᠰᠤᠷᠭᠠᠯᠲᠠ ᠶ᠋ᠢᠨ ᠣᠯᠠᠨ ᠤᠯᠤᠰ ᠤ᠋ᠨ ᠡᠷᠳᠡᠮ ᠰᠢᠨᠵᠢᠯᠡᠭᠡᠨ ᠦ᠌ ᠬᠤᠷᠠᠯ ︾ ᠵᠡᠷᠭᠡ ᠡᠷᠳᠡᠮ ᠰᠢᠨᠵᠢᠯᠡᠭᠡᠨ ᠦ᠌ ᠬᠤᠷᠠᠯ ᠳ᠋ᠤ᠌ ᠦᠷᠭᠦᠯᠵᠢ ᠣᠷᠤᠯᠴᠠᠵᠤ ᠶᠠᠪᠤᠨ᠎ᠠ ᠃
Copyight 2016 by nmgmzw.gov.cn All Rights Reserved