ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠵ‍ ᠂ ᠯᠤᠤᠬ᠎ᠠ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠵ‍ ᠂ ᠯᠤᠤᠬ᠎ᠠ ︵ ᠵᠣᠣ ᠶᠢᠩ ᠭᠤᠸᠠᠩ ︶ ᠂ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠃ ᠳᠤᠮᠳᠠᠳᠤ ᠰᠤᠷᠭᠠᠭᠤᠯᠢ ᠶ᠋ᠢᠨ ᠳᠡᠭᠡᠳᠦ ᠲᠡᠰ ᠦ᠋ᠨ ᠪᠠᠭᠰᠢ ᠃ ᠤᠯᠠᠭᠠᠨᠬᠠᠳᠠ ᠬᠣᠲᠠ ᠶ᠋ᠢᠨ ᠳᠡᠭᠡᠳᠦ ᠳᠤᠮᠳᠠᠳᠤ ᠶ᠋ᠢᠨ ᠮᠣᠩᠭᠤᠯ ᠬᠡᠯᠡ ᠪᠢᠴᠢᠭ ᠦ᠋ᠨ ᠬᠢᠴᠢᠶᠡᠯ ᠲᠥᠷᠦᠯ ᠦ᠋ᠨ ᠭᠣᠣᠯᠯᠠᠭᠴᠢ ᠪᠠᠭᠰᠢ ᠃ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠦ᠌ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠰᠤᠳᠤᠯᠭᠠᠨ ᠤ᠋ ᠨᠡᠢᠭᠡᠮᠯᠢᠭ ᠦ᠋ᠨ ᠭᠡᠰᠢᠭᠦᠨ ᠃ ᠤᠯᠠᠭᠠᠨᠬᠠᠳᠠ ᠬᠣᠲᠠ ᠶ᠋ᠢᠨ ᠵᠣᠬᠢᠶᠠᠯᠴᠢᠳ ᠤ᠋ᠨ ᠨᠡᠢᠭᠡᠮᠯᠢᠭ ᠦ᠋ᠨ ᠭᠡᠰᠢᠭᠦᠨ ᠃ ᠤᠯᠠᠭᠠᠨᠬᠠᠳᠠ ᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠰᠤᠳᠤᠯᠭᠠᠨ ᠤ᠋ ᠨᠡᠢᠭᠡᠮᠯᠢᠭ ᠦ᠋ᠨ ᠭᠡᠰᠢᠭᠦᠨ ᠃ ᠤᠯᠠᠭᠠᠨᠬᠠᠳᠠ ᠬᠣᠲᠠ ᠶᠢᠨ ᠤᠳᠭ᠎ᠠ ᠤᠷᠠᠯᠢᠭ ᠤᠨ ᠬᠢᠨ ᠦ ᠬᠣᠯᠪᠤᠭ᠎ᠠ ᠶ᠋ᠢᠨ ᠤᠳᠭ᠎ᠠ ᠵᠣᠬᠢᠶᠠᠯ ᠤᠨ ᠰᠢᠭᠦᠮᠵᠢᠯᠡᠭᠴᠢᠳ ᠦᠨ ᠨᠡᠢᠭᠡᠮᠯᠢᠭ ᠦ᠋ᠨ ᠳᠡᠳ᠋ ᠲᠡᠷᠢᠭᠦᠯᠡᠭᠴᠢ ᠃ ᠣᠩᠨᠢᠭᠤᠳ ᠬᠣᠰᠢᠭᠤᠨ ᠤ᠋ ᠨᠢᠭᠡᠳᠦᠮᠡᠯ ᠹᠷᠣᠨᠲ᠋ ᠤ᠋ᠨ ᠣᠨᠤᠯ ᠤ᠋ᠨ ᠰᠤᠳᠤᠯᠭᠠᠨ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠶ᠋ᠢᠨ ᠣᠨᠴᠠ ᠤᠷᠢᠭᠰᠠᠨ ᠯᠸᠺᠲ᠋ᠣᠷ ᠃ ᠣᠩᠨᠢᠭᠤᠳ ᠮᠣᠩᠭᠤᠯᠴᠤᠳ ᠤ᠋ᠨ ᠠᠷᠠᠳ ᠤᠨ ᠤᠷᠠᠨ ᠪᠦᠲᠦᠭᠡᠯᠴᠢᠳ ᠦ᠋ᠨ ᠬᠣᠯᠪᠤᠭᠠᠨ ᠤ᠋ ᠨᠠᠷᠢᠨ ᠪᠢᠴᠢᠭ ᠦ᠋ᠨ ᠳᠠᠷᠤᠭ᠎ᠠ ᠵᠡᠷᠭᠡ ᠨᠡᠢᠭᠡᠮ ᠦ᠋ᠨ ᠲᠤᠰᠢᠶᠠᠯ ᠲᠠᠢ ᠃ 1971 ᠣᠨ ‍ᠳ᠋ᠣ ᠣᠩᠨᠢᠭᠤᠳ ᠬᠣᠰᠢᠭᠤᠨ ᠤ᠋ ᠭᠣᠷᠤᠬᠠᠨ ᠠᠢᠯ ‍ᠳ᠋ᠣ ᠵᠠᠯᠠᠢᠷ ᠠᠢᠮᠠᠭ ᠤ᠋ᠨ ᠮᠠᠯᠴᠢᠨ ᠤ ᠭᠡᠷ ᠲᠦ᠍ ᠲᠥᠷᠦᠵᠡᠢ ᠃ 1994 ᠣᠨ ᠳ᠋ᠤ᠌ ᠵᠤᠤ ᠤᠳᠠ ᠶᠢᠨ ᠮᠣᠩᠭᠤᠯ ᠦᠨᠳᠦᠰᠦᠲᠡᠨ ᠦ᠌ ᠪᠠᠭᠰᠢ ᠶᠢᠨ ᠲᠤᠰᠭᠠᠢ ᠮᠡᠷᠭᠡᠵᠢᠯ ᠦᠨ ᠰᠤᠷᠭᠠᠭᠤᠯᠢ ︵ ᠣᠳᠣ ᠶᠢᠨ ᠤᠯᠠᠭᠠᠨᠬᠠᠳᠠ ᠳᠡᠭᠡᠳᠦ ᠰᠤᠷᠭᠠᠭᠤᠯᠢ︶ ᠶᠢᠨ ᠮᠣᠩᠭᠤᠯ ᠬᠡᠯᠡ ᠤᠳᠭ᠎ᠠ ᠵᠣᠬᠢᠶᠠᠯ ᠤᠨ ᠰᠠᠯᠪᠤᠷᠢ ᠂2000 ᠣᠨ ᠳ᠋ᠤ᠌ ᠥᠪᠦᠷ ᠮᠣᠩᠭᠤᠯ ᠤ᠋ᠨ ᠶᠡᠬᠡ ᠰᠤᠷᠭᠠᠭᠤᠯᠢ ᠶᠢᠨ ᠮᠣᠩᠭᠤᠯ ᠬᠡᠯᠡ ᠤᠳᠭ᠎ᠠ ᠵᠣᠬᠢᠶᠠᠯ ᠤᠨ ᠰᠠᠯᠪᠤᠷᠢ ᠡᠴᠡ ᠲᠤᠰ ᠲᠤᠰ ᠰᠤᠷᠤᠯᠭ᠎ᠠ ᠲᠡᠭᠦᠰᠭᠡᠵᠦ ᠂ ᠭᠣᠷᠤᠬᠠᠨ ᠳᠤᠮᠳᠠᠳᠤ ᠰᠤᠷᠭᠠᠭᠤᠯᠢ ᠂ ᠪᠣᠷᠤᠬᠣᠲᠠ ᠮᠣᠩᠭᠤᠯ ᠳᠤᠮᠳᠠᠳᠤ ᠰᠤᠷᠭᠠᠭᠤᠯᠢ ᠂ ᠠᠰᠢᠬᠠᠨ ᠶᠡᠷᠦᠩᠬᠡᠢ ᠰᠤᠷᠭᠠᠭᠤᠯᠢ ᠂ ᠬᠣᠰᠢᠭᠤᠨ ᠤ᠋ ᠰᠤᠷᠭᠠᠨ ᠬᠥᠮᠦᠵᠢᠯ ᠦ᠋ᠨ ᠲᠣᠪᠴᠢᠶᠠᠨ ᠤ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠰᠠᠯᠠᠭ᠎ᠠ ᠵᠡᠷᠭᠡ ᠪᠠᠢᠭᠤᠯᠭ᠎ᠠ ᠨᠢᠭᠡᠴᠡ ᠳ᠋ᠦ᠍ ᠬᠡᠯᠡ ᠪᠢᠴᠢᠭ ᠦᠨ ᠪᠠᠭᠰᠢ ︵ ᠠᠩᠭᠢ ᠡᠷᠬᠢᠯᠡᠭᠴᠢ ︶ ᠂ ᠵᠢᠭᠠᠬᠤ ᠶᠢ ᠰᠤᠳᠤᠯᠬᠤ ᠳᠤᠭᠤᠢᠯᠠᠩ ᠤ᠋ᠨ ᠳᠠᠷᠤᠭ᠎ᠠ ︵ ᠠᠩᠭᠢ ᠡᠷᠬᠢᠯᠡᠭᠴᠢ ︶ ᠂ ᠰᠤᠷᠭᠠᠭᠤᠯᠢ ᠶᠢᠨ ᠵᠠᠬᠢᠷᠤᠯ ᠂ ᠲᠠᠰᠤᠭ ᠤᠨ ᠳᠠᠷᠤᠭ᠎ᠠ ᠵᠡᠷᠭᠡ ᠠᠵᠢᠯ ᠠᠯᠪᠠᠨ ᠳ᠋ᠤ᠌ ᠵᠢᠳᠭᠦᠵᠦ ᠶᠠᠪᠤᠭᠰᠠᠨ ᠪᠥᠭᠡᠳ ᠣᠳᠣ ᠣᠩᠨᠢᠭᠤᠳ ᠬᠣᠰᠢᠭᠤᠨ ᠤ᠋ ᠪᠣᠷᠤᠬᠣᠲᠠ ᠮᠣᠩᠭᠤᠯ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠦᠨ ᠱᠦᠵᠢ ᠶᠢᠨ ᠲᠤᠰᠢᠶᠠᠯ  ᠳ᠋ᠤ ᠲᠣᠮᠢᠯᠠᠭᠳᠠᠨ ᠠᠵᠢᠯᠯᠠᠵᠤ ᠪᠤᠢ ᠃ ᠬᠣᠰᠢᠭᠤᠨ ᠲᠡᠰ ᠦ᠋ᠨ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠱᠠᠩᠨᠠᠯ ᠂ ᠰᠢᠯᠢᠳᠡᠭ ᠠᠩᠭᠢ ᠡᠷᠬᠢᠯᠡᠭᠴᠢ   ᠶᠢᠨ ᠱᠠᠩᠨᠠᠯ ᠂ ᠣᠷᠤᠨ ᠤ᠋ ᠰᠢᠯᠢᠳᠡᠭ ᠬᠢᠴᠢᠶᠡᠯᠯᠡᠭᠡ  ᠶᠢᠨ ᠨᠢᠭᠡᠳᠦᠭᠡᠷ ᠲᠡᠰ ᠦ᠋ᠨ ᠱᠠᠩᠨᠠᠯ ᠂ ᠪᠦᠬᠦ ᠤᠯᠤᠰ ᠤ᠋ᠨ ᠨᠠᠢ᠍ᠮᠠᠨ ᠮᠤᠵᠢ ᠣᠷᠤᠨ ᠤ᠋ ︿ ︿ ᠨᠠᠢ᠍ᠮᠠᠨ ᠰᠢᠷᠭ᠎ᠠ ﹀ ﹀ ᠵᠣᠬᠢᠶᠠᠯ ᠤ᠋ᠨ ᠤᠷᠤᠯᠳᠤᠭᠠᠨ ᠤ᠋ ᠰᠢᠯᠢᠳᠡᠭ ᠵᠢᠯᠤᠭᠤᠳᠤᠭᠴᠢ ᠪᠠᠭᠰᠢ ᠪᠠ ᠰᠢᠯᠢᠳᠡᠭ ᠵᠣᠬᠢᠶᠠᠨ ᠪᠠᠢᠭᠤᠯᠤᠭᠴᠢ ᠂ ᠬᠤᠳᠠ  ᠶᠢᠨ ᠨᠣᠮ ᠤᠩᠰᠢᠭᠰᠠᠨ ᠰᠢᠯᠢᠳᠡᠭ ᠵᠠᠬᠢᠷᠤᠯ ᠤ᠋ᠨ ᠱᠠᠩᠨᠠᠯ ᠂ ᠪᠦᠬᠦ ᠬᠣᠰᠢᠭᠤᠨ ᠤ᠋ ᠮᠣᠩᠭᠤᠯ ᠢᠷᠠᠭᠤ ᠨᠠᠢᠷᠠᠭ ᠤ᠋ᠨ ᠪᠦᠲᠦᠭᠡᠯ ᠤᠩᠰᠢᠯᠭ᠎ᠠ ᠶ᠋ᠢᠨ ᠤᠷᠤᠯᠳᠤᠭᠠᠨ ᠤ᠋ ᠲᠡᠷᠢᠭᠦᠨ ᠂ ᠬᠣᠰᠢᠭᠤ ᠰᠤᠷᠭᠠᠨ ᠬᠥᠮᠦᠵᠢᠯ ᠦ᠋ᠨ ᠰᠢᠰᠲ᠋ᠧᠮ ᠦ᠋ᠨ ᠰᠢᠯᠢᠳᠡᠭ ᠠᠵᠢᠯᠲᠠᠨ ᠵᠡᠷᠭᠡ ᠢᠷᠠᠭᠤ ᠠᠯᠳᠠᠷ  ᠢ ᠣᠯᠵᠤ ᠥᠩᠭᠡᠷᠡᠪᠡ ᠃ 《 ᠪᠠᠷᠢᠮᠵᠢᠶ᠎ᠠ ᠠᠪᠢᠶ᠎ᠠ ᠳᠦᠷᠢᠮᠵᠢᠬᠦᠨ ᠪᠢᠴᠢᠯᠭᠡ  ᠶᠢᠨ ᠰᠤᠳᠤᠯᠭᠠᠨ》 ᠵᠡᠷᠭᠡ ᠤᠯᠤᠰ ᠣᠷᠤᠨ ᠤ᠋ ᠲᠡᠰ ᠦ᠋ᠨ ᠳᠥᠷᠪᠡᠨ ᠶᠡᠬᠡ ᠬᠢᠴᠢᠶᠡᠯ ᠰᠤᠳᠤᠯᠭᠠᠨ ᠤ᠋ ᠰᠡᠳᠦᠪ  ᠢ ᠳᠠᠭᠠᠭᠠᠴᠢᠯᠠᠬᠤ ᠪᠤᠶᠤ ᠵᠢᠯᠤᠭᠤᠳᠤᠨ ᠪᠡᠶᠡᠯᠡᠭᠦᠯᠦᠭᠰᠡᠨ ᠪᠥᠭᠡᠳ 《 ᠥᠨᠢᠷ ᠴᠡᠴᠡᠭ》 ᠂《 ᠵᠢᠷᠢᠮ ᠦ᠋ᠨ ᠤᠷᠠᠨ ᠵᠣᠬᠢᠶᠠᠯ》 ᠂《 ᠰᠢᠷ᠎ᠠ ᠮᠥᠷᠡᠨ》 ᠵᠡᠷᠭᠡ ᠣᠷᠤᠨ ᠠᠢᠮᠠᠭ ᠤ᠋ᠨ ᠰᠣᠨᠢᠨ ᠰᠡᠳᠭᠦᠯ ‍ᠳ᠋ᠣ ᠮᠢᠩᠭ᠎ᠠ ᠭᠠᠷᠤᠢ ᠵᠣᠬᠢᠶᠠᠯ ᠪᠦᠲᠦᠭᠡᠯ ᠢ᠋ᠶ᠋ᠡᠨ ᠨᠡᠢᠲᠡᠯᠡᠭᠦᠯᠪᠡ ᠃ ︿ ︿ ᠣᠩᠨᠢᠭᠤᠳ ᠤ᠋ᠨ ᠰᠣᠳᠤᠨ ᠮᠣᠩᠭᠤᠯᠴᠤᠳ ﹀ ﹀ ︿ ︿ ᠣᠩᠨᠢᠭᠤᠳ ᠤᠷᠠᠨ ᠵᠣᠬᠢᠶᠠᠯ ᠤ᠋ᠨ ᠰᠣᠩᠭᠤᠮᠠᠯ ﹀ ﹀ ︿ ︿ ᠬᠦᠰᠡᠯ ᠦ᠋ᠨ ᠳᠥᠷᠦᠭᠡ ﹀ ﹀ ︵ ᠪᠣᠷᠤᠬᠣᠲᠠ ᠮᠣᠩᠭᠤᠯ ᠳᠤᠮᠳᠠᠳᠤ ᠰᠤᠷᠭᠠᠭᠤᠯᠢ ᠶ᠋ᠢᠨ ᠣᠢᠯᠠᠯᠭ᠎ᠠ ︶ ︿ ︿ ᠬᠢᠶᠠᠨ ᠴᠣᠮᠣ ﹀ ﹀ ᠂ ︽ ᠰᠠᠨᠠᠵᠤ ᠬᠦᠷᠬᠦ ᠦᠭᠡᠢ ᠨᠤᠲᠤᠭ ︾ ᠵᠡᠷᠭᠡ ᠨᠣᠮ ᠢ᠋ ᠨᠠᠢᠷᠠᠭᠤᠯᠤᠨ ᠪᠢᠴᠢᠬᠦ ‍ᠳ᠋ᠣ ᠣᠷᠤᠯᠴᠠᠪᠠ ᠃《 ᠮᠢᠨᠤ ᠲᠠᠨᠢᠳᠠᠭ ᠵᠢᠮᠪᠠ  ᠶᠢᠨ ᠴᠡᠩᠬᠡᠯ》 ᠂《 ᠬᠤᠷᠢᠴᠠᠯ ᠤᠨ ᠤᠬᠠᠮᠰᠠᠷ ᠪᠠ ᠰᠢᠳᠢᠲᠦ ᠰᠣᠶᠤᠯ ᠤ᠋ᠨ ᠣᠨᠴᠠᠯᠢᠭ ᠪᠦᠬᠦᠢ ᠳᠣᠷᠤᠨᠠᠳᠠᠬᠢᠨ ᠤ᠋ ᠬᠤᠳᠠ ︱ ᠵᠢᠶᠠ ᠫᠢᠩ ᠣᠣ ᠶᠢᠨ〈 ᠬᠠᠭᠤᠴᠢᠨ ᠬᠤᠳᠠ〉  ᠶᠢ ᠰᠢᠭᠦᠮᠵᠢᠯᠡᠬᠦ ᠨᠢ》 ᠵᠡᠷᠭᠡ ᠰᠢᠭᠦᠮᠵᠢ ᠪᠠ《 ᠠᠷᠴᠠ  ᠶᠢᠨ ᠪᠡᠷᠬᠡ》 ᠂《 ᠰᠢᠯᠲᠠᠭ ᠮᠤᠩᠳᠠᠬᠤ ᠦᠭᠡᠢ》 ᠵᠡᠷᠭᠡ ᠰᠢᠯᠦᠭ ᠢ᠋ᠶ᠋ᠡᠷ ᠢ᠋ᠶ᠋ᠡᠨ ᠤᠩᠰᠢᠭᠴᠢᠳ ᠲᠤ ᠪᠡᠨ ᠲᠠᠨᠢᠭᠳᠠᠪᠠ ᠃ ︿ ︿ ᠳᠣᠮᠤᠭ ᠤ᠋ᠨ ᠤᠯᠠᠭᠠᠨ ᠲᠣᠭᠤᠰᠤᠨ ﹀ ﹀ ᠭᠡᠬᠦ ᠰᠢᠯᠦᠭ  ᠤᠨ ᠲᠡᠭᠦᠪᠦᠷᠢ ᠲᠠᠢ ᠃