ᠨᠡᠷ᠎ᠡ:
ᠭᠸ ᠂ ᠬᠠᠰᠳᠣᠡᠩᠭᠠᠯᠠᠭ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠭᠸ ᠂ ᠬᠠᠰᠳᠣᠡᠩᠭᠠᠯᠠᠭ ᠄ 1965 ᠣᠨ ᠤ 4 ᠰᠠᠷ᠎ᠠ ᠶᠢᠨ 22 ᠳ᠋ᠦ ᠪᠠᠭᠠᠷᠢᠨ ᠪᠠᠷᠠᠭᠤᠨ ᠬᠣᠰᠢᠭᠤᠨ ᠤ᠋ ᠰᠤᠪᠤᠷᠭ᠎ᠠ ᠪᠠᠯᠭᠠᠰᠤ ᠶ᠋ᠢᠨ ᠬᠣᠰᠢᠭᠣᠮᠠᠩᠬᠠ ᠨᠢᠭᠡᠳᠦᠭᠡᠷ ᠲᠣᠭᠣᠶᠢᠯᠡᠩ ᠤᠨ ᠮᠠᠯᠴᠢᠨ ᠭᠸᠨᠳᠦᠨ ᠂ ᠮᠸᠳᠡᠭ ᠦᠨ ᠭᠤᠷᠪᠠᠳᠤᠭᠠᠷ ᠬᠡᠦᠬᠡᠳ ᠪᠣᠯᠵᠤ ᠵᠠᠶᠠᠭᠠᠵᠠᠢ ᠃ ᠭᠸ ᠂ ᠬᠠᠰᠳᠣᠡᠩᠭᠠᠯᠠᠭ ᠪᠠᠭ᠎ᠠ ᠠᠴᠠ ᠪᠠᠨ ᠰᠤᠷᠤᠯᠭ᠎ᠠ ᠰᠠᠢᠨ ᠪᠠᠢᠭᠰᠠᠨ ᠪᠣᠯᠪᠠᠴᠤ ᠠᠮᠢᠳᠤᠷᠠᠯ ᠤ᠋ᠨ ᠣᠯᠠᠨ ᠰᠢᠯᠲᠠᠭᠠᠨ ᠠ᠋ᠴᠠ ᠪᠣᠯᠵᠤ ᠠᠷᠪᠠᠨ ᠳᠥᠷᠪᠡᠨ ᠨᠠᠰᠤᠨ ᠳ᠋ᠠᠭᠠᠨ ᠰᠤᠷᠤᠯᠭ᠎ᠠ ᠵᠣᠭᠰᠤᠨ ᠬᠥᠳᠡᠭᠡ ᠭᠡᠷ ᠲᠡᠭᠡᠨ ᠮᠠᠯ ᠤᠨ ᠳᠠᠭᠤᠨ ᠢ᠋ᠶ᠋ᠠᠨ ᠰᠡᠳᠭᠢᠯ ᠢ᠋ᠶ᠋ᠡᠨ ᠪᠠᠶᠠᠰᠭᠠᠨ ᠮᠠᠯᠴᠢᠨ ᠵᠠᠶᠠᠭ᠎ᠠ ᠡᠷᠭᠦᠨ ᠶᠠᠪᠤᠵᠤ ᠪᠢᠯᠡ ︕ ᠬᠣᠷᠢᠨ ᠬᠡᠳᠦᠨ ᠵᠢᠯ ᠦᠨ ᠳᠠᠷᠠᠭ᠎ᠠ ᠥᠪᠡᠷ ᠦ᠋ᠨ ᠳᠤᠷ᠎ᠠ ᠪᠠᠬ᠎ᠠ ᠳ᠋ᠠᠭᠠᠨ ᠬᠥᠲᠦᠯᠦᠭᠳᠡᠨ2007 ᠣᠨ ᠠᠴᠠ ᠵᠣᠬᠢᠶᠠᠯ ᠪᠦᠲᠦᠭᠡᠯ ᠤᠷᠤᠯᠳᠤᠨ ᠂2010 ᠣᠨ ᠳ᠋ᠤ᠌ ᠠᠩᠬᠠᠳᠠᠭᠴᠢ ᠵᠣᠬᠢᠶᠠᠯ ᠲᠡᠭᠦᠪᠦᠷᠢ ︽ ᠬᠦᠳᠦᠰᠦᠨ ᠦ ᠥᠭᠡᠳᠡᠰᠦ ︾ ᠪᠠᠨ ᠬᠡᠪᠯᠡᠭᠦᠯᠦᠭᠰᠡᠨ ᠡᠴᠡ ᠨᠠᠭᠠᠰᠢ ︽ ᠬᠤᠨ ᠭᠠᠯᠠᠭᠤ ︾ ᠂ ︽ ᠰᠢᠷ᠎ᠠ ᠮᠥᠷᠡᠨ ︾ ᠂ ︽ ᠴᠡᠯᠡᠭᠡᠷ ᠲᠠᠯ᠎ᠠ ︾ ᠂ ︽ ᠠᠯᠳᠠᠨ ᠬᠢᠩᠭᠠᠨ ︾ ᠂ ︽ ᠵᠠᠯᠠᠭᠤᠴᠤᠳ ︾ ᠵᠡᠷᠭᠡ ᠣᠷᠤᠨ ᠤ᠋ ᠳᠣᠲᠤᠨ᠎ᠠ ᠭᠠᠳᠠᠨᠠᠬᠢ ᠰᠣᠨᠢᠨ ᠰᠡᠳᠭᠦᠯ ᠵᠢᠴᠢ ᠰᠦᠯᠵᠢᠶ᠎ᠡ ᠬᠣᠯᠪᠤᠭ᠎ᠠ ᠪᠠᠷ ᠳᠥᠷᠪᠡᠨ ᠵᠠᠭᠤ ᠭᠠᠷᠤᠢ ᠵᠣᠬᠢᠶᠠᠯ ᠪᠦᠲᠦᠭᠡᠯ ᠂ ᠵᠢᠷᠭᠤᠭᠠᠨ ᠳᠠᠭᠤᠨ ᠤ᠋ ᠰᠢᠯᠦᠭ ᠪᠢᠴᠢᠵᠦ ᠂ ︽ ᠪᠠᠭᠠᠷᠢᠨ ᠪᠠᠷᠠᠭᠤᠨ ᠬᠣᠰᠢᠭᠤᠨ ᠤ᠋ ᠰᠣᠶᠤᠯ ᠤᠷᠠᠯᠢᠭ ᠤ᠋ᠨ ᠨᠥᠬᠦᠷᠯᠡᠯ ᠦ᠋ᠨ ᠬᠣᠯᠪᠤᠭ᠎ᠠ ︾ ᠂ ︽ ᠵᠣᠣ ᠤᠳᠠ ᠮᠣᠩᠭᠤᠯ ᠤᠷᠠᠨ ᠵᠣᠬᠢᠶᠠᠯᠴᠢᠳ ᠤᠨ ᠨᠡᠢᠭᠡᠮᠯᠢᠭ ︾ ᠂ ︽ ᠪᠠᠭᠠᠷᠢᠨ ᠮᠠᠯᠴᠢᠨ ᠵᠣᠬᠢᠶᠠᠯᠴᠢᠳ ᠤᠨ ᠨᠡᠢᠭᠡᠮᠯᠢᠭ ︾ ᠤᠨ ᠭᠡᠰᠢᠭᠦᠨ ᠢᠶᠡᠷ ᠡᠯᠰᠡᠭᠳᠡᠵᠦ ᠂ ᠡᠯ᠎ᠡ ᠵᠦᠢᠯ ᠦ᠋ᠨ ᠵᠣᠬᠢᠶᠠᠯ ᠪᠦᠲᠦᠭᠡᠯ ᠦ᠋ᠨ ᠤᠷᠤᠯᠳᠤᠭᠠᠨ ᠤ᠋ ᠱᠠᠩᠨᠠᠯ ᠢᠶᠠᠷ ᠡᠩᠭᠡᠷ ᠢᠶᠡᠨ ᠮᠢᠯᠢᠶᠠᠯᠭᠠᠵᠤ ᠂ ᠣᠷᠤᠢᠬᠠᠨ ᠪᠢᠷ ᠠᠳᠭᠤᠭᠰᠠᠨ ᠴᠦ᠍ ᠥᠪᠡᠷ ᠦ᠋ᠨ ᠳᠤᠷ᠎ᠠ ᠰᠣᠨᠢᠷᠬᠠᠯ ᠳ᠋ᠠᠭᠠᠨ ᠬᠥᠲᠦᠯᠦᠭᠳᠡᠨ ᠤᠷᠠᠨ ᠵᠣᠬᠢᠶᠠᠯ ᠤᠨ ᠵᠠᠮ ᠢᠶᠠᠷ ᠬᠦᠰᠡᠯ ᠳᠡᠭᠡᠳᠦᠯᠡᠨ ᠶᠠᠪᠤᠭ᠎ᠠ ᠮᠠᠯᠴᠢᠨ ᠪᠦᠰᠡᠭᠦᠢ ᠪᠢᠯᠡ ︕ ᠴᠧᠨ ᠭᠤᠸ᠎ᠠ 1966 ᠣᠨ ᠤ᠋ 4 ᠰᠠᠷ᠎ᠠ ᠶᠢᠨ27 ᠤ ᠡᠳᠦᠷ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠲᠦᠯᠢᠶᠡᠮᠤᠳᠤ ᠪᠠᠯᠭᠠᠰᠤᠨ ᠤ ᠶᠤᠸᠠᠨ ᠪᠤᠤ ᠲᠦᠨ ᠭᠠᠴᠠᠭᠠᠨ ᠤ ᠲᠠᠷᠢᠶᠠᠴᠢᠨ ᠫᠤᠤ ᠪᠤᠤ ᠯᠢᠶᠤᠤ ᠂ ᠮᠸᠢ ᠷᠥᠩ ᠤᠨ ᠭᠤᠷᠪᠠᠳᠤᠭᠠᠷ ᠬᠡᠦᠬᠡᠨ ᠨᠢ ᠪᠣᠯᠵᠤ ᠵᠠᠶᠠᠭᠠᠵᠠᠢ ᠃ ᠡᠩᠬᠦᠯ ᠲᠤᠩᠬᠤᠯ ᠠᠮᠢᠳᠤᠷᠠᠯ ᠤᠨ ᠵᠠᠮ ᠢᠶᠠᠷ ᠪᠦᠳᠦᠴᠢᠵᠦ ᠶᠠᠪᠤᠬᠤ ᠳ᠋ᠠᠭᠠᠨ ᠢᠲᠡᠭᠡᠯ ᠵᠣᠷᠢᠭ ᠢ᠋ ᠡᠪᠦᠷᠯᠡᠨ ᠂ ᠴᠥᠬᠦᠷᠡᠰᠢ ᠦᠭᠡᠢ ᠴᠢᠷᠮᠠᠢᠭᠰᠠᠨ ᠠᠴᠠ1989 ᠣᠨ ᠳ᠋ᠤ ᠬᠢᠩᠭᠠᠨ ᠤ ᠪᠠᠭᠰᠢ ᠶᠢᠨ ᠰᠤᠷᠭᠠᠭᠤᠯᠢ ᠠᠴᠠ ᠰᠢᠯᠢᠳᠡᠭ ᠬᠢᠷᠢ ᠪᠦᠲᠦᠮᠵᠢ ᠪᠡᠷ ᠲᠡᠭᠦᠰᠴᠦ ᠂ ᠬᠦᠨᠳᠡᠯᠡᠨ ᠭᠣᠣᠯ ᠪᠠᠭ᠎ᠠ ᠰᠤᠷᠭᠠᠭᠤᠯᠢ ᠳ᠋ᠤ᠌ ᠠᠵᠢᠯ ᠤᠨ ᠭᠠᠷᠤᠭ᠎ᠠ ᠪᠠᠨ ᠠᠪᠴᠤ ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠲᠠᠷᠬᠠᠨ ᠡᠭᠦᠷᠭᠡ ᠶᠢ ᠬᠠᠷᠢᠭᠤᠴᠠᠵᠤ ᠂ ᠥᠰᠪᠦᠷᠢ ᠶ᠋ᠢᠨ ᠬᠡᠦᠬᠡᠳ ᠲᠤ ᠡᠷᠳᠡᠮ ᠦ᠋ᠨ ᠵᠢᠯᠤᠭᠤ ᠠᠳᠭᠤᠭᠤᠯᠬᠤ ᠪᠠᠷ ᠣᠶᠤᠨ ᠲᠠᠷᠢᠬᠢ ᠪᠠᠨ ᠰᠢᠪᠬᠠᠨ ᠠᠵᠢᠯᠯᠠᠬᠤ ᠶᠢᠨ ᠳᠠᠭᠠᠤ ᠠᠵᠢᠯ ᠤᠨ ᠴᠢᠯᠦᠭᠡ ᠵᠠᠪ ᠢᠶᠠᠷ ᠢ᠋ᠶ᠋ᠡᠨ ᠨᠣᠮ ᠵᠣᠬᠢᠶᠠᠯ ᠤᠩᠰᠢᠨ ᠰᠣᠨᠢᠷᠬᠠᠵᠤ ᠂ᠤᠷᠠᠨ ᠵᠣᠬᠢᠶᠠᠯ ᠪᠢᠴᠢᠵᠦ ᠤᠷᠤᠯᠳᠤᠨ ᠂2003 ᠣᠨ ᠳ᠋ᠤ᠌ ︽ ᠨᠤᠲᠤᠭ ᠤ᠋ᠨ ᠠᠭᠤᠯᠠ ︾ ᠭᠡᠬᠦ ᠠᠩᠬᠠᠨ ᠤ ᠰᠢᠯᠦᠭ ᠢ᠋ᠶ᠋ᠡᠨ ︽ ᠬᠢᠩᠭᠠᠨ ᠤ ᠡᠳᠦᠷ ᠦ᠋ᠨ ᠰᠣᠨᠢᠨ ︾ ᠤ ︽ ᠲᠤᠭᠤᠷ ᠤᠨ ᠭᠣᠣᠯ ︾ ᠳ᠋ᠤ ᠨᠡᠢᠲᠡᠯᠡᠭᠦᠯᠦᠭᠰᠡᠨ ᠡᠴᠡ ᠨᠠᠰᠢ ᠤᠷᠢᠳ ᠬᠣᠵᠢᠳ ︽ ᠪᠠᠭᠰᠢ ᠬᠥᠮᠦᠨ ︾ ᠂︽ ᠤᠶᠠᠩᠭ᠎ᠠ ᠪᠣᠳᠤᠯ ᠤᠨ ᠵᠥᠩᠨᠡᠯ ︾ ︽ ᠠᠢᠯ ᠭᠡᠷ ᠭᠡᠭᠴᠢ ︔ ︔ ︾ ︽ ᠮᠢᠨᠤ ᠠᠮᠢᠳᠤᠷᠠᠬᠤᠢ ᠶᠢᠨ ᠦᠵᠡᠯᠲᠡ ︾ ᠂ ︽ᠭᠠᠴᠠᠭᠠᠨ ᠳᠠᠷᠤᠭ᠎ᠠ ᠶ᠋ᠢᠨ ᠮᠠᠭᠲᠠᠭᠤ ︾ ᠂ ᠂ ᠂ ᠂︔ᠵᠡᠷᠭᠡ ᠭᠤᠷᠪᠠᠨ ᠵᠠᠭᠤ ᠭᠠᠷᠤᠢ ᠰᠢᠯᠦᠭ ᠂ ᠨᠠᠢᠷᠠᠭᠤᠯᠤᠯ ᠂ ᠢᠷᠦᠭᠡᠯ ᠂ ᠬᠣᠯᠪᠤᠭ᠎ᠠ ᠂ ᠮᠡᠳᠡᠭᠡᠯᠡᠯ ᠦ᠋ᠨ ᠤᠷᠠᠨ ᠵᠣᠬᠢᠶᠠᠯ ᠢ᠋ᠶ᠋ᠠᠨ ︽ ᠬᠢᠩᠭᠠᠨ ᠤ ᠡᠳᠦᠷ ᠣᠨ ᠰᠣᠨᠢᠨ ︾ ︽ ᠠᠯᠳᠠᠨ ᠬᠢᠩᠭᠠᠨ ︾ ︽ ᠥᠨᠢᠷ ᠴᠡᠴᠡᠭ ︾︽ ᠵᠢᠷᠢᠮ ᠦ᠋ᠨ ᠤᠷᠠᠨ ᠵᠣᠬᠢᠶᠠᠯ ︾ ︽ ᠬᠢᠯᠢᠴᠢᠳ ︾ ︽ ᠤᠷᠤᠭ ᠂ ᠭᠡᠷ ᠪᠦᠯᠢ ᠂ ᠨᠡᠢᠭᠡᠮ ︾ ᠂ ︽ᠥᠪᠦᠷ ᠮᠣᠩᠭᠤᠯ ᠤ᠋ᠨ ᠡᠳᠦᠷ ᠦ᠋ᠨ ᠰᠣᠨᠢᠨ ︾ ᠂ ᠂ ᠂ ᠂ ᠵᠡᠷᠭᠡ ᠣᠷᠤᠨ ᠠᠢᠮᠠᠭ ᠤ᠋ᠨ ᠰᠣᠨᠢᠨ ᠰᠡᠳᠭᠦᠯ ᠳ᠋ᠦ᠍ ᠨᠡᠢᠲᠡᠯᠡᠭᠦᠯᠵᠦ ᠤᠩᠰᠢᠭᠴᠢᠳ ᠤᠨ ᠮᠡᠯᠮᠡᠢ ᠶᠢ ᠪᠠᠶᠠᠰᠭᠠᠵᠤ ᠶᠠᠪᠤᠭᠰᠠᠨ ᠪᠢᠯᠡ ᠃ ᠲᠡᠷᠡ ᠪᠡᠷ 2016 ᠣᠨ ᠤ᠋ 5 ᠰᠠᠷ᠎ᠠ ᠳ᠋ᠤ᠌ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠬᠡᠷᠡᠭ ᠡᠷᠬᠢᠯᠡᠬᠦ ᠲᠣᠪᠴᠢᠶ᠎ᠠ ᠪᠠ ᠤᠳᠭ᠎ᠠ ᠤᠷᠠᠯᠢᠭ ᠤᠨ ᠬᠢᠨ ᠦ᠌ ᠬᠣᠯᠪᠤᠭ᠎ᠠ ᠠ᠋ᠴᠠ ᠡᠷᠬᠢᠯᠡᠨ ᠶᠠᠪᠤᠭᠳᠠᠭᠤᠯᠤᠭᠰᠠᠨ ᠲᠦᠰᠢᠶᠡᠲᠦ ᠬᠣᠰᠢᠭᠤᠨ ᠤ᠋ ᠠᠩᠬᠠᠳᠤᠭᠠᠷ ᠤᠳᠠᠭᠠᠨ ᠤ ︽ ᠦᠨᠳᠦᠰᠦᠲᠡᠨ ᠦ᠌ ᠪᠦᠯᠬᠦᠮᠳᠡᠯ ᠬᠤᠨᠳᠠᠭᠠᠲᠤ ︾ ᠵᠣᠬᠢᠶᠠᠯ ᠤ᠋ᠨ ᠤᠷᠤᠯᠳᠤᠭᠠᠨ ᠳ᠋ᠤ᠌ ︽ ᠥᠭᠭᠢᠶᠡᠮᠦᠷᠴᠢ ᠮᠣᠩᠭᠤᠯ ᠣᠲᠠᠴᠢ ᠶ᠋ᠢᠨ ᠦᠨᠡᠨᠴᠢ ᠵᠢᠳᠭᠦᠯ ᠦ᠋ᠨ ᠤᠯᠠ ᠮᠥᠷ ︾ ᠬᠡᠮᠡᠬᠦ ᠮᠡᠳᠡᠭᠡᠯᠡᠯ ᠦ᠋ᠨ ᠤᠷᠠᠨ ᠵᠣᠬᠢᠶᠠᠯ ᠢ᠋ᠶ᠋ᠠᠷ ᠢ᠋ᠶ᠋ᠠᠨ ᠰᠢᠯᠢᠳᠡᠭ ᠲᠡᠰ ᠦ᠋ᠨ ᠱᠠᠩ ᠲᠤᠰᠴᠤ ᠂2018 ᠣᠨ ᠤ᠋ 5 ᠰᠠᠷ᠎ᠠ ᠳ᠋ᠤ᠌ ᠬᠣᠷᠴᠢᠨ ᠪᠠᠷᠠᠭᠤᠨ ᠳᠤᠮᠳᠠᠳᠤ ᠬᠣᠰᠢᠭᠤᠨ ᠤ᠋ ᠤᠳᠭ᠎ᠠ ᠤᠷᠠᠯᠢᠭ ᠤᠨ ᠬᠢᠨ ᠦ᠌ ᠬᠣᠯᠪᠤᠭ᠎ᠠ ᠪᠠ ᠬᠣᠰᠢᠭᠤᠨ ᠤ᠋ ᠵᠣᠬᠢᠶᠠᠯᠴᠢᠳ ᠤ᠋ᠨ ᠨᠡᠢᠭᠡᠮᠯᠢᠭ ᠠᠴᠠ ᠡᠷᠬᠢᠯᠡᠭᠰᠡᠨ ︽ ᠭᠣᠣᠯ ᠤ᠋ᠨ ᠪᠠᠢᠰᠢᠩ ᠬᠤᠨᠳᠠᠭᠠᠲᠤ ︾ ᠤᠷᠤᠯᠳᠤᠭᠠᠨ ᠳ᠋ᠤ᠌ ︽ ᠠᠷᠠᠳ ᠵᠤᠨ ᠢ᠋ᠶ᠋ᠠᠨ ᠢᠪᠡᠭᠡᠭᠰᠡᠨ ᠠᠷᠢᠬᠢᠨ ᠦᠢᠯᠡᠳᠪᠦᠷᠢ ᠶᠢᠨ ᠮᠠᠭᠲᠠᠭᠤ ︾ ᠬᠣᠯᠪᠤᠭ᠎ᠠ ᠂ ᠮᠥᠨ ᠲᠤᠰ ᠣᠨ ᠤ᠋ 9 ᠰᠠᠷ᠎ᠠ ᠶᠠᠪᠤᠭᠳᠠᠭᠰᠠᠨ ᠪᠦᠬᠦ ᠠᠢᠮᠠᠭ ᠤ᠋ᠨ ︽ ᠦᠢᠯᠡᠰ ᠬᠤᠨᠳᠠᠭᠠᠲᠤ ︾ ᠮᠣᠩᠭᠤᠯ ᠰᠢᠯᠦᠭ ᠦ᠋ᠨ ᠨᠠᠭᠠᠳᠤᠮ ᠳ᠋ᠤ᠌ ︽ ᠮᠣᠩᠭᠤᠯ ᠳᠠᠭᠤᠤ ᠤᠷᠠᠯᠢᠭ ᠤᠨ ᠷᠢᠳᠢ ᠰᠢᠳᠢ ︾ ᠪᠦᠲᠦᠭᠡᠯ ᠢ᠋ᠶ᠋ᠡᠷ ᠢ᠋ᠶ᠋ᠡᠨ ᠲᠤᠰ ᠲᠤᠰ ᠰᠢᠯᠢᠳᠡᠭ ᠲᠡᠰ ᠦ᠋ᠨ ᠱᠠᠩᠨᠠᠯ ᠢᠶᠠᠷ ᠡᠩᠭᠡᠷ ᠢ᠋ᠶ᠋ᠡᠨ ᠮᠢᠯᠢᠶᠠᠯᠭᠠᠵᠤ ᠶᠠᠪᠤᠭᠰᠠᠨ ᠪᠢᠯᠡ ᠃ ᠡᠭᠦᠨ ᠡᠴᠡ ᠬᠣᠢᠰᠢ ᠨᠡᠩ ᠳᠣᠷᠪᠢᠯᠢᠭ ᠪᠦᠲᠦᠭᠡᠯ ᠲᠤᠭᠤᠷᠪᠢᠬᠤ ᠪᠠᠷ ᠤᠷᠠᠨ ᠵᠣᠬᠢᠶᠠᠯ ᠤ᠋ᠨ ᠪᠠᠷᠲᠠᠭᠠᠲᠤ ᠵᠥᠷᠢᠭ ᠢ᠋ᠶ᠋ᠡᠷ ᠵᠣᠷᠢᠭ ᠰᠢᠨᠲᠠᠷᠠᠯ ᠦᠭᠡᠢ ᠴᠢᠷᠮᠠᠢᠨᠠᠮ ︕
Copyight 2016 by nmgmzw.gov.cn All Rights Reserved