ᠨᠡᠷ᠎ᠡ:
ᠰᠣᠶᠤᠯᠳᠠᠯᠠᠢ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠰᠣᠶᠤᠯᠳᠠᠯᠠᠢ ᠂ ᠮᠣᠩᠭᠤᠯ ᠦᠨᠳᠦᠰᠦᠲᠡᠨ ᠂ 1960 ᠣᠨ ᠤ ᠵᠤᠨ ᠣᠷᠳᠤᠰ ᠬᠣᠲᠠ ᠶ᠋ᠢᠨ ᠦᠦᠰᠢᠨ ᠬᠣᠰᠢᠭᠤᠨ ᠤ᠋ ᠰᠦᠯᠳᠡ ᠰᠤᠮᠤᠨ ᠤ᠋ ᠴᠠᠮᠬᠠᠭ ᠭᠠᠴᠠᠭᠠᠨ ᠤ ᠶᠡᠬᠡ ᠤᠰᠤ ᠬᠣᠷᠰᠢᠶ᠎ᠠ ᠶᠢᠨ ᠳᠡᠬᠦᠰᠵᠢᠷᠭᠠᠯ ᠂ ᠴᠣᠯᠮᠤᠨ ᠬᠣᠶᠠᠷ ᠤᠨ ᠤᠤᠭᠠᠨ ᠬᠥᠪᠡᠭᠦᠨ ᠪᠣᠯᠤᠨ ᠵᠠᠶᠠᠭᠠᠵᠠᠢ ᠃ 1971 ᠣᠨ ᠤ ᠬᠠᠪᠤᠷ ᠴᠠᠮᠬᠠᠭ ᠰᠤᠷᠭᠠᠭᠤᠯᠢ ᠳ᠋ᠣ ᠪᠢᠴᠢᠭ ᠦᠵᠡᠵᠦ ᠂ ᠠᠩᠬ᠎ᠠ ᠳᠤᠮᠳᠠᠳᠤ ᠰᠤᠷᠭᠠᠭᠤᠯᠢ ᠪᠡᠨ ᠲᠡᠭᠦᠰᠭᠡᠭᠡᠳ 1978 ᠣᠨ ᠤ ᠨᠠᠮᠤᠷ ᠶᠡᠬᠡ ᠵᠣᠣ ᠠᠢᠮᠠᠭ ᠤ᠋ᠨ ᠮᠣᠩᠭᠤᠯ ᠦᠨᠳᠦᠰᠦᠲᠡᠨ ᠦ᠌ ᠪᠠᠭᠰᠢ ᠶᠢᠨ ᠰᠤᠷᠭᠠᠭᠤᠯᠢ ᠳ᠋ᠣ ᠰᠢᠯᠭᠠᠭᠳᠠᠨ ᠣᠷᠤᠵᠤ ᠂ ᠬᠣᠶᠠᠷ ᠵᠢᠯ ᠰᠤᠷᠤᠯᠴᠠᠭᠠᠳ 1980 ᠣᠨ ᠤ ᠳᠣᠯᠤᠳᠤᠭᠠᠷ ᠰᠠᠷ᠎ᠠ ᠳ᠋ᠣ ᠱᠠᠷᠯᠢᠭ ᠰᠤᠷᠭᠠᠭᠤᠯᠢ ᠳ᠋ᠣ ᠬᠤᠪᠢᠶᠠᠭᠳᠠᠨ ᠪᠠᠭᠰᠢ ᠶᠢᠨ ᠠᠵᠢᠯ ᠢ ᠭᠠᠷᠳᠠᠪᠠ ᠃ 1986 ᠣᠨ ᠤ 7 ᠰᠠᠷ᠎ᠠ ᠶᠢᠨ 1 ᠤ ᠡᠳᠦᠷ ᠡᠪ ᠬᠠᠮᠲᠤ ᠨᠠᠮ ᠳ᠋ᠣ ᠣᠷᠤᠪᠠ ᠃ ᠪᠠᠭᠰᠢᠯᠠᠵᠤ ᠪᠠᠢᠬᠤ ᠬᠤᠭᠤᠴᠠᠭᠠᠨ ᠳ᠋ᠣ ᠪᠠᠨ ᠪᠢᠴᠢᠭ ᠵᠢᠭᠠᠵᠤ ᠬᠥᠮᠦᠨ ᠢ᠋ ᠬᠥᠮᠦᠵᠢᠭᠦᠯᠬᠦ ᠡᠭᠦᠷᠭᠡ ᠶ᠋ᠢ ᠲᠡᠷᠢᠭᠦᠨ ᠦ᠌ ᠪᠠᠢᠷᠢᠨ ᠳ᠋ᠣ ᠲᠠᠯᠪᠢᠵᠤ ᠂ ᠬᠣᠰᠢᠭᠤ ᠱᠠᠲᠤᠨ ᠤ᠋ ︽ ᠰᠢᠯᠢᠳᠡᠭ ᠬᠢᠴᠢᠶᠡᠯᠯᠡᠭᠴᠢ ︾ ᠶᠢᠨ ᠨᠡᠷᠡᠢᠳᠦᠯ ᠢ᠋ ᠳᠥᠷᠪᠡ ᠤᠳᠠᠭ᠎ᠠ ᠂ ᠠᠢᠮᠠᠭ ᠤ᠋ᠨ ᠱᠠᠲᠤᠨ ᠤ᠋ ᠬᠠᠮᠤᠭ ᠤ᠋ᠨ ᠠᠩᠬᠠᠨ ᠤ ᠰᠢᠯᠭᠠᠷᠠᠭᠤᠯᠤᠯᠲᠠ ᠳ᠋ᠣ ︽ ᠰᠢᠯᠢᠳᠡᠭ ᠬᠢᠴᠢᠶᠡᠯᠯᠡᠭᠴᠢ ︾ ᠶᠢᠨ ᠲᠡᠷᠢᠭᠦᠨ ᠱᠠᠩᠨᠠᠯ ᠢ ᠬᠦᠷᠲᠡᠵᠦ ᠂ ᠶᠡᠬᠡ ᠵᠣᠣ ᠠᠢᠮᠠᠭ ᠤ᠋ᠨ ᠰᠤᠷᠭᠠᠨ ᠬᠥᠮᠦᠵᠢᠯ ᠦ᠋ᠨ ᠳᠠᠪᠴᠠᠩ ᠳᠡᠭᠡᠷ᠎ᠡ ᠪᠡᠶ᠎ᠡ ᠪᠠᠨ ᠳᠠᠭᠠᠭᠠᠭᠰᠠᠨ ᠵᠢᠭᠠᠨ ᠰᠤᠷᠭᠠᠬᠤ ᠥᠪᠡᠷᠮᠢᠴᠡ ᠣᠨᠴᠠᠯᠢᠭ ᠢ᠋ ᠪᠣᠢ ᠪᠣᠯᠭᠠᠵᠤ ᠂ ᠪᠤᠰᠤᠳ ᠤ᠋ᠨ ᠰᠤᠷᠤᠯᠴᠠᠬᠤ ᠬᠡᠪ ᠳᠠᠭᠤᠷᠢᠶᠠᠯ ᠪᠣᠯᠵᠤ ᠪᠢᠯᠡ ᠃ ᠡᠨᠡᠬᠦ ᠬᠤᠭᠤᠴᠠᠭᠠᠨ ᠳ᠋ᠣ ᠪᠠᠨ ᠰᠢᠯᠦᠭ ᠵᠣᠬᠢᠶᠠᠯ ᠢ ᠢᠳᠡᠪᠬᠢᠲᠡᠢ ᠣᠷᠤᠯᠳᠤᠵᠤ ᠂ ᠠᠢᠮᠠᠭ ᠣᠷᠤᠨ ᠤ᠋ ᠰᠣᠨᠢᠨ ᠰᠡᠳᠭᠦᠯ ᠳ᠋ᠣ ᠥᠪᠡᠷ ᠦ᠋ᠨ ᠢ᠋ᠶ᠋ᠡᠨ ᠵᠣᠬᠢᠶᠠᠯ ᠪᠦᠲᠦᠭᠡᠯ ᠢ᠋ᠶ᠋ᠡᠨ ᠨᠡᠢᠲᠡᠯᠡᠭᠦᠯᠵᠦ ᠪᠠᠢᠪᠠ ᠃ ᠨᠠᠶᠠᠭᠠᠳ ᠣᠨ ᠳ᠋ᠣ ︽ ᠬᠦᠷᠳᠦ ︾ ᠂ ︽ ᠵᠠᠯᠠᠭᠤ ᠬᠥᠮᠦᠨ ᠴᠢ ︾ ᠂ ︽ ᠵᠠᠮ ᠰᠤᠨᠳᠠᠭ ︾ ᠂ ︽ ᠰᠢᠯᠦᠭ ᠱᠠᠭᠢᠳᠠᠭ ︾ ᠂ ︽ ᠲᠠᠯᠠᠷᠬᠠᠯ ᠤ᠋ᠨ ᠨᠢᠯᠪᠤᠰᠤ ︾ ᠂ ︽ ᠵᠠᠯᠠᠭᠤ ᠨᠠᠰᠤ ︾ ᠵᠡᠷᠭᠡ ᠰᠢᠯᠦᠭ ᠢ᠋ᠶ᠋ᠡᠨ ᠨᠡᠢᠲᠡᠯᠡᠭᠦᠯᠵᠦ ᠂ ︽ ᠬᠡᠨ ᠢᠯᠠᠬᠤ ᠪᠣᠢ ︾ ᠭᠡᠳᠡᠭ ᠰᠢᠨᠵᠢᠯᠡᠬᠦ ᠤᠬᠠᠭᠠᠨ ᠤ᠋ ᠬᠡᠦᠬᠡᠳ ᠦ᠋ᠨ ᠰᠢᠯᠦᠭ ᠨᠢ ᠶᠡᠬᠡ ᠵᠣᠣ ᠠᠢᠮᠠᠭ ᠤ᠋ᠨ ᠭᠤᠷᠪᠠᠳᠤᠭᠠᠷ ᠳᠡᠰ ᠦ᠋ᠨ ᠱᠠᠩᠨᠠᠯ ᠢ ᠲᠣᠰᠴᠤ ᠂ ︽ ᠳᠤᠮᠳᠠᠳᠤ ᠰᠤᠷᠭᠠᠭᠤᠯᠢ ᠶ᠋ᠢᠨ ᠰᠤᠷᠤᠭᠴᠢᠳ ᠲᠤ᠌ ᠬᠦᠨᠳᠦ ᠦᠭᠡᠰ ᠦ᠋ᠨ ᠲᠠᠢᠯᠤᠮᠵᠢ ᠬᠢᠬᠦ ᠲᠤᠬᠠᠢ ︾ ᠥᠭᠦᠯᠡᠯ ᠢ᠋ᠶ᠋ᠡᠨ ︽ ᠥᠪᠦᠷ ᠮᠣᠩᠭᠤᠯ ᠤ᠋ᠨ ᠰᠤᠷᠭᠠᠨ ᠬᠥᠮᠦᠵᠢᠯ ︾ ᠰᠡᠳᠭᠦᠯ ᠳ᠋ᠣ ᠨᠡᠢᠲᠡᠯᠡᠭᠦᠯᠵᠦ ᠂ ︽ ᠲᠠᠩᠰᠤᠭ ᠯᠠᠮᠠ ᠂ ᠪᠡᠴᠢᠨ ᠪᠠᠭᠰᠢ ᠂ ᠰᠢᠮᠨᠤ ᠶ᠋ᠢᠨ ᠭᠤᠷᠪᠠᠯᠵᠢᠨ ᠬᠠᠷᠢᠴᠠᠭᠠᠨ ᠤ ᠲᠤᠬᠠᠢ ︾ ᠭᠡᠬᠦ ᠪᠠᠷᠠᠭᠤᠨᠰᠢ ᠵᠣᠷᠴᠢᠭᠰᠠᠨ ᠦᠯᠢᠭᠡᠷ ᠦ᠋ᠨ ᠵᠣᠬᠢᠶᠠᠮᠵᠢ ᠶᠢᠨ ᠲᠤᠬᠠᠢ ᠥᠪᠡᠷ ᠦ᠋ᠨ ᠦᠵᠡᠯᠲᠡ ᠪᠠᠨ ᠳᠤᠷᠠᠳᠴᠤ ︽ ᠲᠣᠷᠭᠠᠨ ᠵᠢᠯᠤᠭᠤ ︾ ᠰᠡᠳᠭᠦᠯ ᠳ᠋ᠣ ᠨᠡᠢᠲᠡᠯᠡᠭᠦᠯᠵᠦ ᠪᠠᠢᠪᠠ ᠃ 1988 ᠣᠨ ᠳ᠋ᠣ ᠥᠪᠦᠷ ᠮᠣᠩᠭᠤᠯ ᠤ᠋ᠨ ᠪᠠᠭᠰᠢ ᠶᠢᠨ ᠶᠡᠬᠡ ᠰᠤᠷᠭᠠᠭᠤᠯᠢ ᠶ᠋ᠢᠨ ᠮᠣᠩᠭᠤᠯ ᠬᠡᠯᠡᠨ ᠦ᠌ ᠰᠠᠯᠪᠤᠷᠢ ᠶ᠋ᠢᠨ ᠵᠠᠬᠢᠳᠠᠯ ᠢᠶᠠᠷ ᠰᠤᠷᠤᠯᠴᠠᠬᠤ ᠠᠩᠭᠢ ᠳ᠋ᠣ ᠭᠤᠷᠪᠠᠨ ᠵᠢᠯ ᠰᠤᠷᠤᠯᠴᠠᠭᠠᠳ ᠶᠡᠬᠡ ᠰᠤᠷᠭᠠᠭᠤᠯᠢ ᠶ᠋ᠢᠨ ᠵᠢᠩᠬᠢᠨᠢ ᠠᠩᠭᠢ ᠶ᠋ᠢᠨ ᠰᠤᠷᠤᠯᠭ᠎ᠠ ᠶ᠋ᠢᠨ ᠨᠠᠮᠲᠠᠷ ᠢ᠋ ᠣᠯᠪᠠ ᠃ 2000 ᠣᠨ ᠳ᠋ᠣ ᠳᠤᠮᠳᠠᠳᠤ ᠰᠤᠷᠭᠠᠭᠤᠯᠢ ᠶ᠋ᠢᠨ ᠳᠡᠭᠡᠳᠦ ᠳᠡᠰ ᠦ᠋ᠨ ᠪᠠᠭᠰᠢ ᠶᠢᠨ ᠴᠣᠯᠠ ᠶᠢ ᠬᠠᠮᠠᠭᠠᠯᠠᠪᠠ ᠃ ᠲᠡᠷᠡ ᠠᠵᠢᠯ ᠤᠨ ᠬᠤᠭᠤᠴᠠᠭᠠᠨ ᠳ᠋ᠣ ᠪᠠᠨ ᠵᠢᠷ ᠦ᠋ᠨ ᠪᠠᠭᠰᠢ ᠂ ᠠᠩᠭᠢ ᠶ᠋ᠢᠨ ᠡᠷᠬᠢᠯᠡᠭᠴᠢ ᠂ ᠬᠢᠴᠢᠶᠡᠯ ᠬᠥᠮᠦᠵᠢᠯ ᠦ᠋ᠨ ᠡᠷᠬᠢᠯᠡᠭᠴᠢ ᠂ ᠰᠤᠷᠭᠠᠭᠤᠯᠢ ᠶ᠋ᠢᠨ ᠵᠠᠬᠢᠷᠤᠯ ᠤ᠋ᠨ ᠠᠯᠪᠠ ᠶᠢ ᠬᠠᠭᠠᠵᠤ ᠂ ᠣᠳᠣ ᠦᠦᠰᠢᠨ ᠬᠣᠰᠢᠭᠤᠨ ᠤ᠋ ᠰᠤᠷᠭᠠᠨ ᠬᠥᠮᠦᠵᠢᠯ ᠦ᠋ᠨ ᠨᠡᠢᠭᠡᠮᠯᠢᠭ ᠦ᠋ᠨ ᠳᠡᠳ᠋ ᠳᠠᠷᠤᠭ᠎ᠠ ᠪᠠᠷ ᠠᠵᠢᠯᠯᠠᠵᠤ ᠪᠣᠢ ᠃ 1997 ᠣᠨ ᠤ ᠨᠠᠮᠤᠷ ᠮᠠᠨ ᠤ ᠣᠷᠤᠨ ᠤ᠋ ᠬᠠᠮᠤᠭ ᠡᠷᠲᠡᠨ ᠦ᠌ ᠦᠶ᠎ᠡ ᠳ᠋ᠣ ᠪᠠᠢᠭᠤᠯᠤᠭᠳᠠᠭᠰᠠᠨ ᠰᠤᠷᠭᠠᠭᠤᠯᠢ ᠶ᠋ᠢᠨ ᠨᠢᠭᠡ ᠪᠣᠯᠬᠤ ︽ ᠱᠠᠷᠯᠢᠭ ᠰᠤᠷᠭᠠᠭᠤᠯᠢ ᠶ᠋ᠢᠨ ᠨᠠᠶᠠᠨ ᠵᠢᠯ ᠦ᠋ᠨ ᠦᠪᠡᠳᠡᠭᠰᠢ ᠴᠤᠭᠯᠠᠭᠠᠨ ︾ ᠢ ᠵᠣᠬᠢᠶᠠᠨ ᠪᠠᠢᠭᠤᠯᠵᠤ ᠂ ᠥᠪᠦᠷ ᠮᠣᠩᠭᠤᠯ ᠤ᠋ᠨ ᠲᠧᠯᠸᠢᠰ ᠦ᠋ᠨ ︽ ᠰᠣᠶᠤᠯ ᠤᠷᠠᠯᠢᠭ ︾ ᠳᠡᠯᠭᠡᠴᠡ ᠳ᠋ᠣ ᠣᠯᠠᠨ ᠤᠳᠠᠭ᠎ᠠ ᠨᠡᠪᠲᠡᠷᠡᠭᠦᠯᠵᠦ ᠂ 1998 ᠣᠨ ᠳ᠋ᠣ ︽ ᠬᠡᠰᠢᠭᠪᠠᠲᠤ ᠶ᠋ᠢᠨ ᠮᠡᠨᠳᠦᠯᠡᠭᠰᠡᠨ 150 ᠵᠢᠯ ᠦ᠋ᠨ ᠣᠢ ᠶᠢ ᠤᠭᠲᠤᠨ ᠪᠡᠯᠭᠡᠯᠡᠬᠦ ᠰᠤᠳᠤᠯᠭᠠᠨ ᠤ᠋ ᠶᠡᠬᠡ ᠬᠤᠷᠠᠯ ︾ ᠢ ᠬᠥᠬᠡᠬᠣᠲᠠ ᠳ᠋ᠣ ᠬᠢᠵᠦ ᠂ ︽ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠮᠣᠩᠭᠤᠯ ᠰᠤᠳᠤᠯᠤᠯ ᠤ᠋ᠨ ᠬᠦᠷᠢᠶᠡᠯᠡᠩ ︾ ᠂ ︽ ᠥᠪᠦᠷ ᠮᠣᠩᠭᠤᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ︾ ᠂ ︽ ᠥᠪᠦᠷ ᠮᠣᠩᠭᠤᠯ ᠤ᠋ᠨ ᠤᠳᠭ᠎ᠠ ᠤᠷᠠᠯᠢᠭ ᠤ᠋ᠨ ᠬᠢᠨᠢ ᠬᠣᠯᠪᠤᠭ᠎ᠠ ︾ ᠂ ︽ ᠦᠦᠰᠢᠨ ᠬᠣᠰᠢᠭᠤᠨ ᠤ᠋ ᠰᠤᠷᠭᠠᠨ ᠬᠥᠮᠦᠵᠢᠯ ᠦ᠋ᠨ ᠲᠣᠪᠴᠢᠶ᠎ᠠ ︾ ᠂ ︽ ᠦᠦᠰᠢᠨ ᠬᠣᠰᠢᠭᠤᠨ ᠤ᠋ ᠤᠳᠭ᠎ᠠ ᠤᠷᠠᠯᠢᠭ ᠤ᠋ᠨ ᠬᠢᠨᠢ ᠬᠣᠯᠪᠤᠭ᠎ᠠ ︾ ᠵᠡᠷᠭᠡ ᠪᠠᠢᠭᠤᠯᠭ᠎ᠠ ᠶ᠋ᠢᠨ ᠬᠠᠯᠠᠭᠤᠨ ᠳᠡᠮᠵᠢᠯᠭᠡ ᠶᠢ ᠣᠯᠵᠤ ᠰᠤᠳᠤᠯᠭᠠᠨ ᠤ᠋ ᠬᠤᠷᠠᠯ ᠢ᠋ᠶ᠋ᠠᠨ ᠠᠮᠵᠢᠯᠲᠠ ᠲᠡᠢ ᠬᠢᠪᠠ ᠃ ᠡᠨᠡᠬᠦ ᠰᠠᠭᠤᠷᠢᠨ ᠳᠡᠭᠡᠷ᠎ᠡ ︽ ᠬᠡᠰᠢᠭᠪᠠᠲᠤ ᠶ᠋ᠢᠨ ᠪᠦᠷᠢᠨ ᠲᠡᠭᠦᠪᠦᠷᠢ ︾ ᠵᠢᠷᠭᠤᠭᠠᠨ ᠲᠣᠮᠤ ᠪᠦᠲᠦᠭᠡᠯ ᠬᠡᠪᠯᠡᠭᠳᠡᠭᠰᠡᠨ ᠪᠠᠢᠨ᠎ᠠ ᠃ 2009 ᠣᠨ ᠠᠴᠠ ︽ ᠦᠦᠰᠢᠨ ᠬᠣᠰᠢᠭᠤᠨ ᠤ᠋ ᠰᠤᠷᠭᠠᠨ ᠬᠥᠮᠦᠵᠢᠯ ︾ ᠭᠡᠬᠦ ᠤᠯᠠᠷᠢᠯ ᠤ᠋ᠨ ᠰᠡᠳᠭᠦᠯ ᠢ᠋ ᠨᠠᠢᠷᠠᠭᠤᠯᠵᠤ ᠬᠡᠪᠯᠡᠭᠦᠯᠬᠦ ᠠᠵᠢᠯ ᠢ ᠭᠠᠷᠳᠠᠨ ᠬᠢᠵᠦ ᠂ ᠣᠳᠣ ᠪᠣᠯᠲᠠᠯ᠎ᠠ ᠪᠠᠨ ᠭᠤᠴᠢ ᠣᠷᠴᠢᠮ ᠬᠤᠭᠤᠴᠠᠭ᠎ᠠ ᠶ᠋ᠢ ᠠᠮᠵᠢᠯᠲᠠ ᠲᠡᠢ ᠡᠷᠬᠢᠯᠡᠪᠡ ᠃ ᠭᠣᠣᠯ ᠪᠣᠯᠬᠤ ᠵᠣᠬᠢᠶᠠᠯ ᠪᠦᠲᠦᠭᠡᠯ ⒈ ︽ ᠶᠡᠬᠡ ᠵᠣᠬᠢᠶᠠᠯᠴᠢ ᠬᠡᠰᠢᠭᠪᠠᠲᠤ ᠶ᠋ᠢᠨ ᠲᠤᠬᠠᠢ ︾ ︵ ᠳᠡᠯᠡᠬᠡᠢ ᠶ᠋ᠢᠨ ᠤᠳᠭ᠎ᠠ ᠵᠣᠬᠢᠶᠠᠯ ︶ 2006.6 ᠶᠡᠷᠦᠩᠬᠡᠢ 89 ᠳ᠋ᠣᠭᠡᠷ ⒉ ︽ ᠮᠢᠨᠤ ᠡᠵᠢ ︱ ᠮᠣᠩᠭᠤᠯ ᠰᠣᠶᠤᠯ ︾ ︵ ᠮᠣᠩᠭᠤᠯ ᠭᠡᠯᠡ ᠪᠢᠴᠢᠭ2005.9 ︶ ⒊ ︽ ᠠᠯᠤᠰ ᠲᠦ᠍ ᠠᠳᠤᠭᠤ ᠢᠨᠴᠠᠭᠠᠬᠤ ᠰᠣᠨᠤᠰᠳᠠᠨ᠎ᠠ ︾ ︵ ᠬᠤᠨ ᠭᠠᠯᠠᠭᠤ 2005.8 ︶ ⒋ ︽ ᠰᠢᠨᠡᠯᠠᠮ᠎ᠠ ᠶ᠋ᠢᠨ ᠨᠢᠭᠤᠴᠠ ᠵᠠᠬᠢᠳᠠᠯ ᠤᠨ ᠲᠤᠬᠠᠢ ᠲᠠᠢᠯᠤᠮᠵᠢ ︾ ︵ ᠮᠣᠩᠭᠤᠯ ᠭᠡᠯᠡ ᠪᠢᠴᠢᠭ2005 ᠣᠨ ︶ ⒌ ︽ ᠬᠢᠴᠢᠶᠡᠯ ᠦ᠋ᠨ ᠲᠠᠩᠬᠢᠮ ᠤ᠋ᠨ ᠥᠭᠡᠷᠡᠴᠢᠯᠡᠯᠲᠡ ᠶ᠋ᠢᠨ ᠲᠤᠬᠠᠢ ᠪᠠᠢᠴᠠᠭᠠᠯᠲᠠ ᠶ᠋ᠢᠨ ᠮᠡᠳᠡᠭᠦᠯᠦᠯᠲᠡ ︾ ︵ ᠥᠪᠦᠷ ᠮᠣᠩᠭᠤᠯ ᠤ᠋ᠨ ᠰᠤᠷᠭᠠᠨ ᠬᠥᠮᠦᠵᠢᠯ 2015.1 ︶ ⒍ ︽ ᠪᠠ ᠂ ᠵᠢᠷᠤᠮᠲᠤ ᠶ᠋ᠢᠨ ᠬᠣᠶᠠᠷ ᠥᠭᠦᠯᠡᠯᠭᠡ ᠶ᠋ᠢᠨ ᠲᠤᠬᠠᠢ ᠵᠠᠳᠠᠯᠤᠯᠲᠠ ︾ ︵ ᠠᠯᠳᠠᠨ ᠲᠦᠯᠬᠢᠭᠦᠷ 2008 ᠣᠨ ︶ ⒎ ︽ ᠴᠠᠮᠬᠠᠭ ᠤᠨ ᠵᠠᠭᠤᠨ ᠵᠢᠯ ︾ ︵ ᠭᠠᠴᠠᠭᠠᠨ ᠤ ᠣᠢᠯᠠᠯᠭ᠎ᠠ ︶ ᠳᠣᠲᠤᠭᠠᠳᠤ ᠬᠡᠪᠯᠡᠯ ⒏ ︽ ᠵᠣᠬᠢᠶᠠᠨ ᠪᠢᠴᠢᠬᠦ ᠤᠷ᠎ᠠ ᠳᠠᠮ ︾ ︵ ᠥᠪᠦᠷ ᠮᠣᠩᠭᠤᠯ ᠤ᠋ᠨ ᠠᠷᠠᠳ ᠤᠨ ᠬᠡᠪᠯᠡᠯ ᠦ᠋ᠨ ᠬᠣᠷᠢᠶ᠎ᠠ 2007 ᠣᠨ ︶ ⒐ ︽ ᠤᠷᠠᠨ ᠪᠢᠴᠢᠯᠭᠡ ᠶᠢᠨ ᠵᠢᠯᠤᠭᠤᠳᠤᠮᠵᠢ ︾ ︵ ᠥᠪᠦᠷ ᠮᠣᠩᠭᠤᠯ ᠤ᠋ᠨ ᠠᠷᠠᠳ ᠤᠨ ᠬᠡᠪᠯᠡᠯ ᠦ᠋ᠨ ᠬᠣᠷᠢᠶ᠎ᠠ 2011 ᠣᠨ ︶ ⒑ ︽ ᠬᠡᠰᠢᠭᠪᠠᠲᠤ ᠶ᠋ᠢᠨ ᠣᠷᠴᠢᠭᠤᠯᠤᠭᠰᠠᠨ ᠶᠤᠸᠠᠨ ᠤᠯᠤᠰ ᠤ᠋ᠨ ᠨᠢᠭᠤᠴᠠ ᠲᠣᠪᠴᠢᠶ᠎ᠠ ︾ ︵ ᠥᠪᠦᠷ ᠮᠣᠩᠭᠤᠯ ᠤ᠋ᠨ ᠠᠷᠠᠳ ᠤᠨ ᠬᠡᠪᠯᠡᠯ ᠦ᠋ᠨ ᠬᠣᠷᠢᠶ᠎ᠠ 2001 ᠣᠨ ᠠᠯᠳᠠᠠᠰᠦ᠋ᠮᠪᠣᠷ ᠲᠡᠢ ᠬᠠᠮᠲᠤᠷᠠᠨ ᠨᠠᠢᠷᠠᠭᠤᠯᠪᠠ ︶ ⒒ ︽ ᠬᠠᠸᠠᠩᠵᠠᠪ ᠤᠨ ᠤᠷᠠᠨ ᠪᠢᠴᠢᠯᠭᠡ ︾ ︵ 1 ︱ 6 ︶ ︵ ᠪᠠᠭ᠎ᠠ ᠰᠤᠷᠭᠠᠭᠤᠯᠢ ᠳ᠋ᠣ ᠰᠤᠷᠬᠤ ᠪᠢᠴᠢᠭ ︶ ᠥᠪᠦᠷ ᠮᠣᠩᠭᠤᠯ ᠤ᠋ᠨ ᠠᠷᠠᠳ ᠤᠨ ᠬᠡᠪᠯᠡᠯ ᠦ᠋ᠨ ᠬᠣᠷᠢᠶ᠎ᠠ ᠠᠴᠠ ᠬᠡᠪᠯᠡᠭᠦᠯᠪᠡ ᠃ ᠪᠣᠣ ᠵᠢᠨ ᠱᠠᠨ ᠲᠡᠢ ᠬᠠᠮᠲᠤ ᠨᠠᠢᠷᠠᠭᠤᠯᠪᠠ
Copyight 2016 by nmgmzw.gov.cn All Rights Reserved