ᠨᠡᠷ᠎ᠡ:
ᠮ ᠂ ᠬᠤᠪᠢᠰᠭᠠᠯᠲᠤ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠠᠵᠢᠯ ᠤᠨ ᠴᠢᠯᠥᠭᠡᠨ ᠦ᠌ ᠢᠷᠠᠭᠤ ᠨᠠᠢᠷᠠᠭᠴᠢ ᠮ ᠂ ᠬᠤᠪᠢᠰᠭᠠᠯᠲᠤ ᠬᠥᠬᠡ ᠮᠣᠷᠢᠨ ᠵᠢᠯ ︵ 1954 ᠣᠨ ︶ ᠤᠨ ᠵᠤᠨ ᠪᠠᠭᠠᠷᠢᠨ ᠪᠠᠷᠠᠭᠤᠨ ᠬᠣᠰᠢᠭᠤᠨ ᠤ᠋ ᠴᠠᠭᠠᠨ ᠮᠥᠷᠡᠨ ᠨᠤᠲᠤᠭ ᠤ᠋ᠨ ᠰᠢᠪᠠᠷᠲᠠᠢ ᠶᠢᠨ ᠮᠠᠯᠴᠢᠨ ᠮᠠᠷᠰᠠᠭᠠ ᠂ ᠳᠠᠷᠢᠮ᠎ᠠ ᠶ᠋ᠢᠨ ᠤᠤᠭᠠᠨ ᠬᠥᠪᠡᠭᠦᠨ ᠪᠣᠯᠵᠤ ᠵᠠᠶᠠᠭᠠᠵᠠᠢ ᠃ 1961 ᠣᠨ ᠠ᠋ᠴᠠ1968 ᠣᠨ ᠬᠦᠷᠲᠡᠯ᠎ᠡ ᠴᠠᠭᠠᠨ ᠮᠥᠷᠡᠨ ᠪᠦᠷᠢᠨ ᠪᠠᠭ᠎ᠠ ᠰᠤᠷᠭᠠᠭᠤᠯᠢ ᠳ᠋ᠤ᠌ ᠰᠤᠷᠤᠯᠴᠠᠵᠤ ᠂1968 ᠣᠨ ᠤ᠋ ᠨᠠᠮᠤᠷ ᠳ᠋ᠠᠪᠠᠨ ᠨᠢᠭᠡᠳᠦᠭᠡᠷ ᠳᠤᠮᠳᠠᠳᠤ ᠰᠤᠷᠭᠠᠭᠤᠯᠢ ᠳ᠋ᠤ᠌ ᠰᠢᠯᠭᠠᠨ ᠣᠷᠤᠭᠰᠠᠨ ᠪᠣᠯᠪᠠᠴᠤ 《 ᠰᠣᠶᠤᠯ ᠤ᠋ᠨ ᠶᠡᠬᠡ ᠬᠤᠪᠢᠰᠭᠠᠯ 》 ᠤᠨ ᠨᠥᠯᠦᠭᠡ ᠪᠡᠷ ᠰᠤᠷᠭᠠᠭᠤᠯᠢ ᠨᠢ ᠡᠭᠦᠳᠡ ᠪᠡᠨ ᠬᠠᠭᠠᠵᠤ ᠂ ᠰᠣᠶᠤᠯ ᠮᠡᠳᠡᠯᠭᠡ ᠰᠤᠷᠬᠤ ᠵᠠᠪᠰᠢᠶᠠᠨ ᠢᠶᠠᠨ ᠠᠯᠳᠠᠪᠠ ᠃ 1974 ᠣᠨ ᠤ᠋ 12 ᠰᠠᠷ᠎ᠠ ᠳ᠋ᠤ᠌ ᠵᠤᠤ ᠤᠳᠠ ᠠᠢᠮᠠᠭ ᠤ᠋ᠨ ᠮᠣᠩᠭᠤᠯ ᠡᠮᠴᠢ ᠶᠢᠨ ᠳᠠᠪᠰᠢᠨ ᠪᠣᠯᠪᠠᠰᠤᠷᠠᠭᠤᠯᠬᠤ ᠠᠩᠭᠢ ᠳ᠋ᠤ᠌ ᠪᠦᠬᠦᠯᠢ ᠨᠢᠭᠡ ᠵᠢᠯ ᠰᠤᠷᠤᠯᠴᠠᠵᠤ ᠂ ᠠᠯᠳᠠᠷᠲᠤ ᠮᠣᠩᠭᠤᠯ ᠡᠮᠴᠢ ᠳ᠋ ᠂ ᠷᠠᠰᠢᠰᠡᠷᠡᠩ ︵ ᠰᠢᠷ᠎ᠠ ᠯᠠᠮᠠ ︶ ᠳ᠋ᠤ ᠰᠡᠴᠡᠨ ᠰᠡᠷᠭᠦᠯᠡᠩ ᠠᠪᠢᠶᠠᠰ ᠪᠢᠯᠢᠭ ᠢ᠋ᠶ᠋ᠡᠷ ᠢ᠋ᠶ᠋ᠡᠨ ᠲᠠᠨᠢᠭᠳᠠᠨ ᠱᠠᠪᠢ ᠡᠮᠴᠢ ᠪᠣᠯᠵᠤ ᠂ ᠴᠠᠯᠢᠩ ᠬᠥᠯᠦᠰᠦ ᠦᠭᠡᠢ 30 ᠭᠠᠷᠤᠢ ᠵᠢᠯ ᠠᠵᠢᠯᠯᠠᠭᠰᠠᠨ ᠶᠤᠮ ᠃ ᠠᠵᠢᠯ ᠤᠨ ᠵᠠᠪ ᠢᠶᠠᠷ ᠢᠶᠠᠨ ᠰᠢᠯᠦᠭ ᠪᠢᠴᠢᠬᠦ ᠪᠠ ᠡᠮᠴᠢᠯᠡᠭᠡᠨ ᠦ᠌ ᠲᠤᠬᠠᠢᠯᠠᠭᠰᠠᠨ ᠠᠵᠢᠯ ᠮᠡᠷᠭᠡᠵᠢᠯ ᠦ᠋ᠨ ᠨᠣᠮ ᠪᠢᠴᠢᠭ ᠦᠵᠡᠬᠦ ᠪᠡᠨ ᠶᠡᠷᠦ ᠨᠢ ᠴᠥᠬᠦᠷᠡᠯ ᠦᠭᠡᠢ ᠤᠷᠲᠤ ᠬᠤᠭᠤᠴᠠᠭ᠎ᠠ ᠪᠠᠷᠢᠮᠲᠠᠯᠠᠭᠰᠠᠭᠠᠷ ᠢᠷᠡᠵᠡᠢ ᠃ ᠲᠡᠭᠦᠨ ᠦ᠌1976 ᠣᠨ ᠳ᠋ᠤ᠌ ᠪᠢᠴᠢᠭᠰᠡᠨ《 ᠬᠠᠢᠷ᠎ᠠ ᠰᠡᠳᠭᠢᠯ ᠦ᠋ᠨ ᠤᠶᠠᠩᠭᠠᠯᠠᠯ 》 ᠭᠡᠬᠦ ᠰᠢᠯᠦᠭ ᠨᠢ《 ᠮᠢᠩᠭᠠᠨ ᠭᠠᠯᠠᠪ ᠤᠨ ᠬᠥᠰᠢᠶ᠎ᠡ 》 ᠭᠡᠬᠦ ᠰᠢᠯᠦᠭ ᠦ᠋ᠨ ᠲᠡᠭᠦᠪᠦᠷᠢ ᠳ᠋ᠦ᠍ ᠨᠡᠢᠲᠡᠯᠡᠭᠳᠡᠭᠰᠡᠨ ᠡᠴᠡ ᠨᠠᠭᠠᠰᠢ ᠂《 ᠥᠨᠢᠷ ᠴᠡᠴᠡᠭ 》 ᠂《 ᠰᠢᠷ᠎ᠠ ᠮᠥᠷᠡᠨ 》 ᠂《 ᠮᠥᠩᠭᠦᠨ ᠬᠥᠰᠢᠭᠡ 》 ᠵᠡᠷᠭᠡ ᠰᠡᠳᠭᠦᠯ ᠪᠠ《 ᠵᠤᠤ ᠤᠳᠠ ᠶᠢᠨ ᠡᠳᠦᠷ ᠦ᠋ᠨ ᠰᠣᠨᠢᠨ 》 ᠂《 ᠮᠠᠯᠴᠢᠳ ᠤᠨ ᠰᠣᠨᠢᠨ 》 ᠵᠡᠷᠭᠡ ᠰᠣᠨᠢᠨ ᠰᠡᠳᠭᠦᠯ ᠳ᠋ᠦ᠍ ᠤᠷᠢᠳ ᠬᠣᠵᠢᠳ 60 ᠭᠠᠷᠤᠢ ᠰᠢᠯᠦᠭ ᠥᠭᠦᠯᠡᠯ ᠬᠢᠭᠡᠳ ᠡᠮ ᠡᠮᠨᠡᠯᠭᠡ ᠶ᠋ᠢᠨ ᠮᠡᠳᠡᠯᠭᠡ ᠵᠡᠷᠭᠡ ᠡᠬᠡ ᠪᠢᠴᠢᠭ ᠦ᠋ᠳ ᠢ᠋ ᠨᠡᠢᠲᠡᠯᠡᠭᠦᠯᠵᠡᠢ ᠃ ᠳᠥᠴᠢᠭᠡᠳ ᠵᠢᠯ ᠦ᠋ᠨ ᠠᠵᠢᠯ ᠤᠨ ᠶᠠᠪᠤᠴᠠ ᠳ᠋ᠠᠭᠠᠨ ᠨᠤᠲᠤᠭ ᠤ᠋ᠨ ᠡᠮᠴᠢ ᠂ ᠰᠤᠮᠤᠨ ᠤ ᠡᠮᠴᠢ ᠂ ᠰᠤᠮᠤᠨ ᠤ ᠡᠷᠡᠭᠦᠯ ᠬᠠᠮᠠᠭᠠᠯᠠᠯ ᠤᠨ ᠬᠣᠷᠢᠶᠠᠨ ᠤ᠋ ᠳᠠᠷᠤᠭ᠎ᠠ ᠂ ᠭᠠᠴᠠᠭᠠᠨ ᠤ ᠨᠠᠮ ᠤᠨ ᠱᠦᠵᠢ ᠵᠡᠷᠭᠡ ᠠᠵᠢᠯ ᠤᠳ ᠢ ᠡᠭᠦᠷᠭᠡᠯᠡᠵᠦ ᠥᠩᠭᠡᠷᠡᠪᠡ ᠃ ᠲᠡᠷᠡ ᠪᠠᠰᠠ1985 ︱ 1988 ᠣᠨ ᠤ᠋8 ᠰᠠᠷ᠎ᠠ ᠬᠦᠷᠲᠡᠯ᠎ᠡ ᠥᠪᠦᠷ ᠮᠣᠩᠭᠤᠯ ᠤ᠋ᠨ ᠡᠷᠡᠭᠦᠯ ᠬᠠᠮᠠᠭᠠᠯᠠᠯ ᠤᠨ ᠲᠢᠩᠬᠢᠮ ᠡᠴᠡ ᠡᠷᠬᠢᠯᠡᠭᠰᠡᠨ ᠮᠣᠩᠭᠤᠯ ᠡᠮᠨᠡᠯᠭᠡ ᠶᠢᠨ ᠶᠡᠬᠡ ᠡᠮᠴᠢ ᠶᠢᠨ ᠪᠣᠯᠪᠠᠰᠤᠷᠠᠯ ᠳ᠋ᠤ᠌ ᠣᠷᠤᠯᠴᠠᠵᠤ《 ᠮᠣᠩᠭᠤᠯ ᠶᠡᠬᠡ ᠡᠮᠴᠢ ᠶᠢᠨ ᠦᠨᠡᠮᠯᠡᠯ》 ᠬᠦᠷᠲᠡᠪᠡ ᠃ ᠠᠵᠢᠯ ᠤᠨ ᠦᠷ᠎ᠡ ᠪᠦᠲᠦᠮᠵᠢ ᠪᠠ ᠴᠥᠬᠦᠷᠡᠰᠢ ᠦᠭᠡᠢ ᠴᠢᠷᠮᠠᠢᠯᠭ᠎ᠠ ᠨᠢ ᠲᠡᠭᠦᠨ ᠢ ᠭᠣᠮᠤᠳᠠᠭᠠᠭᠰᠠᠨ ᠦᠭᠡᠢ ᠃ 1996 ᠣᠨ ᠤ᠋7 ᠰᠠᠷ᠎ᠠ ᠳ᠋ᠤ᠌ ᠪᠠᠭᠠᠷᠢᠨ ᠪᠠᠷᠠᠭᠤᠨ ᠬᠣᠰᠢᠭᠤᠨ ᠤ᠋ ᠰᠢᠯᠢᠳᠡᠭ ᠡᠪ ᠬᠠᠮᠲᠤ ᠨᠠᠮ ᠤᠨ ᠭᠡᠰᠢᠭᠦᠨ ᠢ᠋ᠶ᠋ᠡᠷ ᠬᠥᠬᠢᠭᠦᠯᠦᠭᠳᠡᠪᠡ ᠃ 2002 ᠣᠨ ᠤ᠋ 8 ᠰᠠᠷ᠎ᠠ ᠳ᠋ᠤ᠌ ᠪᠠᠭᠠᠷᠢᠨ ᠪᠠᠷᠠᠭᠤᠨ ᠬᠣᠰᠢᠭᠤᠨ ᠤ᠋ ᠨᠠᠮ ᠤᠨ ᠬᠣᠷᠢᠶ᠎ᠠ ᠂ ᠵᠠᠰᠠᠭ ᠤᠨ ᠣᠷᠳᠤᠨ ᠳ᠋ᠤ᠌ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢᠨ ᠲᠡᠷᠢᠭᠦᠨ ᠦ᠌ ᠬᠤᠪᠢ ᠬᠥᠮᠦᠨ ᠢ᠋ᠶ᠋ᠡᠷ ᠬᠥᠬᠢᠭᠦᠯᠦᠭᠳᠡᠪᠡ ᠃ 2004 ᠣᠨ ᠳ᠋ᠤ᠌ ᠪᠠᠭᠠᠷᠢᠨ ᠪᠠᠷᠠᠭᠤᠨ ᠬᠣᠰᠢᠭᠤᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠬᠤᠷᠠᠯ ᠤᠨ ᠲᠥᠯᠦᠭᠡᠯᠡᠭᠴᠢ ᠪᠡᠷ ᠰᠣᠩᠭᠤᠭᠳᠠᠪᠠ ᠃ 2002 ᠣᠨ ᠳ᠋ᠤ᠌ ᠰᠢᠪᠠᠷᠲᠠᠢ ᠰᠤᠮᠤᠨ ᠤ ᠲᠠᠪᠤ ᠂ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠲᠥᠯᠦᠭᠡᠯᠡᠭᠴᠢ ᠵᠡᠷᠭᠡ ᠨᠡᠢᠭᠡᠮ ᠦ᠋ᠨ ᠲᠤᠰᠢᠶᠠᠯ ᠡᠭᠦᠷᠭᠡ ᠶ᠋ᠢ ᠭᠦᠢᠴᠡᠳᠭᠡᠵᠦ ᠥᠩᠭᠡᠷᠡᠪᠡ ᠃ 2015 ᠣᠨ ᠳ᠋ᠤ᠌ ᠠᠵᠢᠯ ᠤᠨ ᠠᠮᠠᠷᠠᠯᠲᠠ ᠪᠡᠨ ᠠᠪᠤᠭᠠᠳ 2017 ᠣᠨ ᠠ᠋ᠴᠠ ᠨᠠᠰᠢ《 ᠲᠠᠯ᠎ᠠ ᠶᠢᠨ ᠤᠷᠠᠨ ᠵᠡᠷᠭᠡᠯᠭᠡᠨ 》 ᠭᠡᠬᠦ ᠰᠢᠯᠦᠭ ᠦ᠋ᠨ ᠲᠡᠭᠦᠪᠦᠷᠢ ᠪᠠ《 ᠪᠠᠭᠠᠷᠢᠨ ᠵᠠᠩᠵᠤᠨ ᠳᠠᠶᠠ ᠸᠠᠩ ᠤᠨ ᠲᠤᠤᠯᠢ 》 ᠭᠡᠬᠦ ᠬᠤᠶᠠᠷ ᠨᠣᠮ ᠢ᠋ᠶ᠋ᠠᠨ ᠬᠡᠪᠯᠡᠭᠦᠯᠦᠭᠡᠳ ᠪᠤᠢ ᠃ ᠲᠡᠷᠡ ᠮᠥᠨ ᠦᠷᠭᠦᠯᠵᠢᠯᠡᠨ ᠵᠣᠬᠢᠶᠠᠨ ᠪᠢᠴᠢᠬᠦ ᠠᠵᠢᠯ ᠳ᠋ᠠᠭᠠᠨ ᠰᠢᠮᠳᠠᠵᠤ ᠪᠤᠢ ᠃
Copyight 2016 by nmgmzw.gov.cn All Rights Reserved