ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠠᠩᠳᠦ᠋ᠭᠦᠷᠡᠩ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠠᠩᠳᠦ᠋ᠭᠦᠷᠡᠩ ︵ 1903 —— 1983 ︶ ᠬᠠᠭᠤᠷᠮᠠᠭ ᠬᠢᠵᠠᠭᠠᠷ ᠮᠣᠩᠭᠤᠯ ᠤ᠋ᠨ ᠮᠣᠩᠭᠤᠯ ᠴᠡᠷᠢᠭ ᠦᠨ ᠵᠠᠩᠵᠤᠨ᠃ ᠥᠭᠡᠷ᠎ᠡ ᠨᠡᠷ᠎ᠡ ᠨᠢ ᠪᠦᠦ ᠬᠠᠢ ᠮᠢᠩ ᠭᠡᠳᠡᠭ᠃ ᠥᠪᠦᠷ ᠮᠣᠩᠭᠤᠯ ᠤ᠋ᠨ ᠵᠢᠷᠢᠮ ᠠᠢᠮᠠᠭ ᠤᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ ᠪᠠᠶᠠᠨᠮᠠᠩᠬ᠎ᠠ ᠨᠤᠲᠤᠭ ᠤᠨ ᠪᠠᠭ᠎ᠠ ᠪᠠᠶᠠᠨᠮᠠᠩᠬ᠎ᠠ ᠶᠢᠨ ᠠᠢᠯ ᠳᠤ ᠲᠥᠷᠦᠵᠦ ᠥᠰᠴᠡᠢ᠃ ᠮᠣᠩᠭᠤᠯ ᠦᠨᠳᠦᠰᠦᠲᠡᠨ᠂ ᠪᠠᠯᠴᠢᠷ ᠪᠠᠭ᠎ᠠ ᠨᠠᠰᠤᠨ ᠳᠠᠭᠠᠨ ᠲᠤᠰ ᠬᠣᠰᠢᠭᠤᠨ ᠤ ᠴᠠᠭᠠᠯᠵᠢ ᠶᠢᠨ ᠠᠢᠯ ᠤᠨ ᠬᠡᠷ ᠦᠨ ᠰᠤᠷᠭᠠᠭᠤᠯᠢ ᠳᠤ ᠪᠢᠴᠢᠭ ᠦᠵᠡᠭᠡᠳ ᠰᠡᠭᠦᠯᠡᠷ ᠨᠢ ᠵᠧᠩ ᠵᠢᠶᠠ ᠲᠦᠨ ᠦ᠌ ᠳᠥᠷᠪᠡᠳᠦᠭᠡᠷ ᠳᠤᠮᠳᠠᠳᠤ ᠰᠤᠷᠭᠠᠭᠤᠯᠢ᠂ ᠪᠡᠭᠡᠵᠢᠩ ᠦᠨ ᠮᠣᠩᠭᠤᠯ ᠲᠥᠪᠡᠳ ᠦ᠋ᠨ ᠰᠤᠷᠭᠠᠭᠤᠯᠢ ᠳᠤ ᠪᠢᠴᠢᠭ ᠦᠵᠡᠭᠰᠡᠨ ᠶᠤᠮ᠃ 1929 ᠣᠨ ᠳᠤ ᠶᠠᠫᠣᠨ ᠳᠤ ᠰᠤᠷᠤᠯᠴᠠᠬᠤ ᠪᠠᠷ ᠣᠴᠢᠭᠠᠳ 1934 ᠣᠨ ᠳᠤ ᠶᠠᠫᠣᠨ ᠤ ᠬᠠᠭᠤᠷᠠᠢ ᠵᠠᠮ ᠤᠨ ᠴᠡᠷᠢᠭ ᠦᠨ ᠨᠣᠶᠠᠨ ᠤ ᠰᠤᠷᠭᠠᠭᠤᠯᠢ ᠠᠴᠠ ᠰᠤᠷᠤᠯᠭ᠎ᠠ ᠲᠡᠭᠦᠰᠪᠡ᠃ 1936—— 1945 ᠣᠨ ᠪᠣᠯᠲᠠᠯ᠎ᠠ ᠬᠠᠭᠤᠷᠮᠠᠭ ᠬᠢᠩᠭᠠᠨ ᠴᠡᠷᠢᠭ ᠲᠦ ᠲᠤᠰᠠᠯᠠᠭᠴᠢ ᠨᠣᠶᠠᠨ ᠤ ᠭᠠᠵᠠᠷ ᠤᠨ ᠳᠠᠷᠤᠭ᠎ᠠ᠂ ᠵᠠᠯᠠᠭᠤᠴᠤᠳ ᠪᠠᠭᠠᠴᠤᠳ ᠤᠨ ᠠᠩᠭᠢ ᠶᠢᠨ ᠳᠠᠷᠤᠭ᠎ᠠ᠂ ᠬᠠᠭᠤᠷᠮᠠᠭ ᠬᠢᠵᠠᠭᠠᠷ ᠮᠣᠩᠭᠤᠯ ᠤ᠋ᠨ ᠴᠡᠷᠢᠭ ᠦᠨ ᠨᠣᠶᠠᠨ ᠤ ᠰᠤᠷᠭᠠᠭᠤᠯᠢ ᠶᠢᠨ ᠰᠤᠷᠭᠠᠨ ᠬᠥᠮᠦᠵᠢᠯ ᠦ᠋ᠨ ᠳᠠᠷᠤᠭ᠎ᠠ᠂ ᠬᠣᠶᠠᠳᠤᠭᠠᠷ ᠠᠷᠮᠢ ᠶᠢᠨ ᠱᠲ᠋ᠠᠪ ᠤᠨ ᠳᠠᠷᠤᠭ᠎ᠠ᠂ 4• 9  ᠳᠦᠭᠡᠷ ᠳ᠋ᠢᠸᠢᠽᠢ ᠶᠢᠨ ᠳᠠᠷᠤᠭ᠎ᠠ᠂ ᠴᠡᠷᠢᠭ ᠦᠨ ᠨᠣᠶᠠᠨ ᠤ᠋ ᠰᠤᠷᠭᠠᠭᠤᠯᠢ ᠶᠢᠨ ᠳᠡᠰᠯᠡᠭᠴᠢ ᠭᠧᠨᠧᠷᠡᠯ ᠦ᠋ᠨ ᠴᠣᠯᠠ ᠲᠠᠢ ᠰᠤᠷᠭᠠᠭᠤᠯᠢ ᠶᠢᠨ ᠳᠠᠷᠤᠭ᠎ᠠ ᠵᠡᠷᠭᠡ ᠲᠤᠰᠢᠶᠠᠯ ᠤᠳ ᠢ ᠤᠷᠢᠳ ᠬᠣᠵᠢᠳ ᠡᠭᠦᠷᠭᠡᠯᠡᠭᠰᠡᠨ ᠶᠤᠮ᠃ ᠵᠠᠯᠠᠭᠤᠴᠤᠳ ᠪᠠᠭᠠᠴᠤᠳ ᠤᠨ ᠠᠩᠭᠢ᠂ ᠴᠡᠷᠢᠭ ᠦᠨ ᠨᠣᠶᠠᠨ ᠤ ᠰᠤᠷᠭᠠᠭᠤᠯᠢ ᠪᠣᠯᠤᠨ ᠬᠠᠭᠤᠷᠮᠠᠭ ᠬᠢᠵᠠᠭᠠᠷ ᠮᠣᠩᠭᠤᠯ ᠤ᠋ᠨ ᠴᠡᠷᠢᠭ ᠲᠦ᠍ ᠲᠤᠰᠢᠶᠠᠯ ᠬᠠᠷᠢᠭᠤᠴᠠᠨ ᠶᠠᠪᠤᠬᠤ ᠳᠠᠭᠠᠨ ᠮᠣᠩᠭᠤᠯ ᠰᠤᠷᠤᠭᠴᠢᠳ ᠪᠣᠯᠤᠨ ᠵᠠᠯᠠᠭᠤ ᠴᠡᠷᠢᠭ ᠦᠨ ᠳᠠᠷᠤᠭ᠎ᠠ ᠨᠠᠷ ᠲᠤ ᠦᠨᠳᠦᠰᠦᠲᠡᠨ ᠢᠶᠡᠨ ᠮᠠᠨᠳᠤᠭᠤᠯᠬᠤ ᠦᠵᠡᠯ ᠰᠠᠨᠠᠭᠠᠨ ᠤ ᠬᠥᠮᠦᠵᠢᠯ ᠢ᠋ ᠦᠷᠭᠦᠯᠵᠢ ᠬᠢᠵᠦ ᠪᠠᠢᠯ᠎ᠠ᠃ ᠳ᠋ᠢᠸᠢᠽᠢ ᠶᠢᠨ ᠳᠠᠷᠤᠭ᠎ᠠ ᠪᠠᠢᠭᠰᠠᠨ ᠦᠶ᠎ᠡ ᠳᠡᠭᠡᠨ ᠬᠠᠤᠯᠢ ᠶᠣᠰᠤᠨ ᠤ᠋ ᠡᠷᠬᠡ ᠮᠠᠲᠠᠯ ᠢᠶᠠᠨ ᠠᠰᠢᠭᠯᠠᠨ ᠫᠣᠩᠰᠤᠭ᠂ ᠲᠡᠮᠦᠷᠪᠠᠭᠠᠨ᠎ᠠ᠂ ᠪᠤᠶᠠᠨ ᠵᠡᠷᠭᠡ ᠨᠢᠭᠤᠴᠠ ᠠᠵᠢᠯᠲᠠᠨ ᠢ ᠬᠠᠪᠰᠤᠷᠤᠨ ᠬᠠᠯᠬᠠᠯᠠᠵᠤ᠂ ᠠᠶᠤᠯ ᠪᠠᠷᠲᠠᠭ᠎ᠠ ᠠᠴᠠ ᠠᠰᠢᠲᠠᠢᠬᠠᠨ ᠮᠤᠯᠲᠤᠷᠠᠭᠤᠯᠪᠠ᠃ ᠨᠢᠭᠡᠨ ᠤᠳᠠᠭ᠎ᠠ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠲᠤᠷᠰᠢᠭᠤᠯᠴᠢ᠂ ᠬᠠᠭᠤᠷᠮᠠᠭ ᠮᠣᠩᠭᠤᠯ ᠤ᠋ᠨ ᠴᠡᠷᠢᠭ ᠲᠦ ᠪᠠᠷᠢᠪᠴᠢᠯᠠᠭᠳᠠᠭᠰᠠᠨ ᠳᠤ᠂ ᠲᠠᠢᠨ ᠣᠯᠵᠤ ᠮᠡᠳᠡᠮᠡᠭᠴᠡ ᠪᠡᠨ ᠬᠣᠷᠢᠶᠠᠨ ᠳᠠᠷᠤᠭ᠎ᠠ ᠶᠢᠨ ᠲᠤᠰᠢᠶᠠᠯ ᠳᠤ ᠪᠠᠢᠭ᠎ᠠ ᠬᠥᠪᠡᠭᠦᠨ ᠪᠦᠦ ᠭᠦᠸᠧ ᠵᠦᠩ ᠢᠶᠡᠷ ᠢᠶᠡᠨ ᠳᠠᠮᠵᠢᠨ ᠲᠡᠭᠦᠨ ᠢ ᠠᠪᠤᠷᠠᠨ ᠭᠠᠷᠭᠠᠪᠠ᠃ ᠶᠠᠫᠣᠨ ᠴᠡᠷᠢᠭ ᠲᠦ ᠳᠤᠷ᠎ᠠ ᠦᠭᠡᠢᠴᠡᠨ ᠶᠠᠫᠣᠨ ᠴᠡᠷᠢᠭ ᠦᠨ ᠮᠠᠰᠢᠨ ᠲᠡᠷᠭᠡ ᠶᠢ ᠭᠠᠯᠳᠠᠭᠠᠳ ᠲᠡᠭᠦᠨ ᠦ ᠬᠦᠷᠢᠶᠡᠨ ᠳᠦ ᠳᠤᠲᠠᠭᠠᠨ ᠣᠷᠤᠵᠤ ᠢᠷᠡᠭᠰᠡᠨ ᠮᠣᠩᠭᠤᠯ ᠴᠡᠷᠢᠭ ᠢ ᠲᠡᠷᠡ ᠳᠠᠯᠳᠠᠯᠠᠨ ᠨᠢᠭᠤᠵᠤ ᠪᠠᠰᠠ ᠬᠥᠮᠦᠨ ᠲᠣᠮᠢᠯᠠᠨ ᠬᠡᠷ ᠲᠦᠨᠢ ᠬᠦᠷᠭᠡᠯᠭᠡᠪᠡ᠃ ᠲᠡᠭᠦᠨ ᠦ ᠭᠠᠷ ᠳᠣᠣᠷᠠᠬᠢ ᠰᠤᠮᠤᠨ ᠠᠩᠭᠢ ᠶᠢᠨ ᠳᠠᠷᠤᠭ᠎ᠠ ᠬᠠᠢ ᠹᠦ ᠯᠦᠩ ᠶᠠᠫᠣᠨ ᠴᠡᠷᠢᠭ ᠦᠨ ᠳᠠᠷᠤᠯᠠᠯ ᠳᠣᠷᠤᠮᠵᠢᠯᠠᠯ ᠢ᠋ ᠲᠡᠰᠴᠦ ᠶᠠᠳᠠᠨ ᠴᠡᠷᠢᠭ ᠢᠶᠡᠨ ᠳᠠᠭᠠᠭᠤᠯᠵᠤ ᠰᠠᠯᠵᠤ ᠶᠠᠪᠤᠭᠰᠠᠨ ᠳᠤ ᠲᠡᠷᠡ ᠥᠯᠦ ᠮᠡᠳᠡᠭᠴᠢ ᠪᠡᠷ ᠣᠪᠯᠠᠵᠤ ᠲᠠᠳᠠᠨᠤᠰ ᠢ ᠲᠠᠯᠪᠢᠨ ᠶᠠᠪᠤᠭᠤᠯᠵᠠᠢ᠃ 1945 ᠣᠨ ᠤ 9 ᠰᠠᠷ᠎ᠠ ᠳᠤ᠂ ᠰᠠᠩᠳᠦ᠋ᠭᠦᠷᠡᠩ ᠴᠡᠷᠢᠭ ᠦᠨ ᠨᠣᠶᠠᠨ ᠤ ᠰᠤᠷᠭᠠᠭᠤᠯᠢ ᠶᠢᠨ ᠳᠠᠷᠤᠭ᠎ᠠ ᠪᠠᠢᠬᠤ ᠳᠠᠭᠠᠨ᠂ ᠪᠡᠶ᠎ᠡ ᠪᠡᠷ ᠢᠶᠡᠨ ᠵᠠᠬᠢᠳᠠᠯ ᠪᠢᠴᠢᠵᠦ ᠲᠠᠮᠪᠠ᠂ ᠥᠯᠵᠡᠢᠲᠦ ᠨᠡᠷ ᠢ᠋ ᠲᠣᠮᠢᠯᠠᠨ᠂ ᠨᠠᠢ᠍ᠮᠠᠳᠤᠭᠠᠷ ᠵᠠᠮ ᠤᠨ ᠴᠡᠷᠢᠭ ᠦᠨ ᠤᠳᠤᠷᠢᠳᠤᠯᠭ᠎ᠠ ᠪᠠᠢᠭᠰᠠᠨ ᠪᠢᠯᠢᠭ᠌ᠪᠠᠭᠠᠲᠤᠷ ᠯᠤᠭ᠎ᠠ ᠬᠠᠷᠢᠯᠴᠠᠵᠤ᠂ ᠴᠡᠷᠢᠭ ᠦᠨ ᠤᠷᠪᠠᠯᠭᠠᠨ ᠭᠠᠷᠭᠠᠬᠤ ᠪᠠᠷ ᠪᠡᠯᠡᠳᠭᠡᠵᠦ ᠪᠠᠢᠭᠠᠳ ᠨᠢᠭᠤᠴᠠ ᠨᠢ ᠵᠠᠳᠠᠷᠠᠭᠰᠠᠨ ᠢᠶᠠᠷ ᠭᠣᠮᠢᠨᠳᠠᠩ ᠤᠨ ᠴᠡᠷᠢᠭ 10 ᠰᠠᠷ᠎ᠠ ᠶᠢᠨ 25 ᠤ ᠡᠳᠦᠷ ᠦᠨ ᠦᠷ ᠦᠨ ᠬᠢᠷᠠᠭ᠎ᠠ ᠪᠠᠷ ᠪᠠᠭ᠎ᠠ ᠰᠤᠷᠭᠠᠭᠤᠯᠢ ᠶᠢᠨ ᠲᠠᠯᠠᠪᠤᠷ ᠲᠠᠬᠢ ᠮᠣᠩᠭᠤᠯ ᠴᠡᠷᠢᠭ ᠦᠨ ᠴᠡᠷᠢᠭ ᠦ᠋ᠨ ᠨᠣᠶᠠᠨ ᠤ ᠰᠤᠷᠭᠠᠭᠤᠯᠢ ᠶᠢ ᠪᠦᠰᠡᠯᠡᠭᠡᠳ ᠬᠣᠶᠠᠷ ᠡᠲᠡᠭᠡᠳ ᠢᠶᠡᠷ ᠢᠶᠡᠨ ᠰᠢᠷᠦᠭᠦᠨ ᠢᠶᠡᠷ ᠲᠤᠯᠤᠯᠳᠤᠭᠰᠠᠨ ᠪᠣᠯᠪᠠᠴᠤ ᠬᠥᠮᠦᠨ ᠴᠥᠭᠡᠨ ᠬᠦᠴᠦᠨ ᠮᠡᠬᠦᠰᠳᠡᠵᠦ᠂ ᠵᠡᠪᠰᠡᠭ ᠢᠶᠡᠨ ᠬᠠᠶᠠᠵᠤ ᠪᠠᠭᠤᠨ ᠥᠭᠴᠡᠢ᠃ ᠡᠭᠦᠨ ᠢ ᠲᠡᠦᠬᠡᠨ ᠳᠡᠭᠡᠷ᠎ᠡ 《ᠪᠠᠭ᠎ᠠ ᠰᠤᠷᠭᠠᠭᠤᠯᠢ ᠶᠢᠨ ᠲᠠᠯᠠᠪᠤᠷ》 ᠤᠨ ᠬᠠᠷᠠᠰᠠᠯᠲᠤ ᠬᠡᠷᠡᠭ ᠭᠡᠳᠡᠭ᠃ ᠰᠠᠩᠳᠦ᠋ᠭᠦᠷᠡᠩ ᠴᠦ ᠪᠠᠷᠢᠪᠴᠢᠯᠠᠭᠳᠠᠵᠠᠢ᠃ t946 ᠣᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠠᠵᠢᠯᠲᠠᠨ ᠤ ᠬᠠᠪᠰᠤᠷᠤᠯᠭ᠎ᠠ ᠪᠠᠷ ᠿᠦᠩ ᠰᠢᠶᠠᠩ ᠪᠡᠶ᠎ᠡ ᠪᠡᠷ ᠢᠶᠡᠨ ᠲᠡᠭᠦᠨ ᠢ ᠪᠠᠲᠤᠯᠠᠵᠤ ᠭᠢᠨᠳᠠᠨ ᠠᠴᠠ ᠭᠠᠷᠭᠠᠪᠠ᠃ ᠲᠡᠭᠦᠨ ᠦ ᠳᠠᠷᠠᠭ᠎ᠠ᠂ ᠲᠡᠷᠡ ᠠᠮᠢ ᠨᠠᠰᠤᠨ ᠤ ᠠᠶᠤᠯ ᠲᠦᠭᠰᠢᠭᠦᠷᠢ ᠪᠡᠨ ᠬᠠᠢᠬᠤᠷᠤᠯ ᠦᠭᠡᠢ ᠪᠡᠷ ᠴᠢᠭᠤᠯᠤᠯᠲᠤ ᠬᠠᠭᠠᠯᠭ᠎ᠠ ᠳᠤ ᠬᠦᠷᠴᠦ ᠨᠠᠢ᠍ᠮᠠᠳᠤᠭᠠᠷ ᠵᠠᠮ ᠤᠨ ᠴᠡᠷᠢᠭ ᠦᠨ ᠸᠠᠩ ᠵᠧᠨ ᠵᠠᠩᠵᠤᠨ ᠯᠤᠭ᠎ᠠ ᠠᠭᠤᠯᠵᠠᠭᠰᠠᠨ ᠳᠤ᠂ ᠤᠯᠠᠭᠠᠨᠴᠠᠪ ᠤᠨ ᠵᠦᠸᠧᠽᠢ ᠰᠢᠶᠠᠨ ᠳᠤ ᠤᠭᠲᠤᠯᠭ᠎ᠠ ᠶᠢᠨ ᠬᠤᠷᠠᠯ ᠬᠢᠵᠦ᠂ ᠲᠡᠭᠦᠨ ᠦ ᠬᠤᠪᠢᠰᠭᠠᠯ ᠳᠤ ᠣᠷᠤᠯᠴᠠᠭᠰᠠᠨ ᠶᠠᠪᠤᠳᠠᠯ ᠢ ᠪᠠᠶᠠᠷᠯᠠᠨ ᠪᠡᠯᠡᠭᠯᠡᠪᠡ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠬᠣᠯᠪᠤᠭᠠᠲᠤ ᠬᠤᠷᠠᠯ ᠪᠠᠢᠭᠤᠯᠤᠭᠳᠠᠭᠰᠠᠨ ᠤ ᠳᠠᠷᠠᠭ᠎ᠠ ᠰᠠᠩᠳᠦ᠋ᠭᠦᠷᠡᠩ ᠴᠡᠷᠢᠭ ᠲᠡᠢᠨ ᠦ ᠬᠡᠯᠲᠡᠰ ᠦᠨ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠪᠠᠢᠵᠠᠢ᠃ ᠬᠤᠸᠠᠳᠧ ᠶᠢ ᠴᠢᠯᠥᠭᠡᠯᠡᠬᠦ ᠲᠤᠯᠤᠯᠳᠤᠭᠠᠨ ᠤ ᠳᠤᠮᠳᠠ ᠲᠡᠷᠡ ᠴᠡᠷᠢᠭ ᠠᠩᠭᠢ ᠶᠢ ᠵᠢᠯᠤᠭᠤᠳᠤᠨ᠂ ᠭᠣᠮᠢᠨᠳᠠᠩ ᠤᠨ ᠴᠡᠷᠢᠭ ᠲᠦ ᠪᠦᠰᠡᠯᠡᠭᠳᠡᠵᠦ ᠪᠠᠢᠭᠰᠠᠨ ᠯᠢᠦ ᠰᠢᠶᠣᠣ《ᠵᠥᠪᠯᠡᠯᠲᠦ ᠳ᠋ᠦ᠍ ᠰᠠᠭᠤᠭ᠎ᠠ ᠡᠯᠴᠢᠨ ᠰᠠᠢᠳ ᠭᠠᠳᠠᠭᠠᠳᠤ ᠶᠠᠪᠤᠳᠠᠯ ᠤᠨ ᠶᠠᠮᠤᠨ ᠤ ᠳᠡᠳ᠋ ᠳᠠᠷᠤᠭ᠎ᠠ ︶ ᠶᠢ ᠠᠪᠤᠷᠠᠨ ᠲᠡᠩᠬᠡᠷᠡᠭᠦᠯᠪᠡ᠃ 1946 ᠣᠨ ᠳᠤ ᠰᠠᠩᠳᠦ᠋ᠭᠦᠷᠡᠩ᠂ ᠭᠣᠮᠢᠨᠳᠠᠩ ᠤᠨ ᠴᠡᠷᠢᠭ ᠦᠨ ᠳ᠋ᠢᠸᠢᠽᠢ ᠶᠢᠨ ᠳᠠᠷᠤᠭ᠎ᠠ ᠪᠠᠢᠭᠰᠠᠨ ᠬᠠᠢ ᠹᠦ ᠯᠦᠩ ᠳᠦ ᠵᠠᠬᠢᠳᠠᠯ ᠪᠢᠴᠢᠵᠦ᠂ ᠥᠪᠡᠷ ᠦ᠋ᠨ ᠥᠩᠭᠡᠷᠡᠯᠲᠡ ᠪᠡᠷ ᠢ᠋ᠶ᠋ᠡᠨ ᠦᠨᠡᠨ ᠶᠣᠰᠤ ᠶ᠋ᠢ ᠤᠬᠠᠭᠤᠯᠤᠭᠰᠠᠨ ᠳᠤ ᠬᠠᠢ ᠹᠦ ᠯᠦᠩ ᠲᠡᠭᠦᠨ ᠦ ᠢᠳᠭᠠᠯ ᠢ ᠰᠣᠨᠤᠰᠴᠤ᠂ ᠴᠡᠷᠢᠭ ᠢᠶᠡᠨ ᠳᠠᠭᠠᠭᠤᠯᠤᠨ ᠳ᠋ᠠᠲ᠋ᠦ᠋ᠩ ᠳ᠋ᠦ᠍ ᠪᠣᠰᠤᠯᠭ᠎ᠠ ᠭᠠᠷᠭᠠᠵᠤ ᠬᠤᠪᠢᠰᠭᠠᠯ ᠳᠤ ᠣᠷᠤᠯᠴᠠᠭᠰᠠᠨ ᠶᠤᠮ᠃ ᠳᠡᠮᠡᠢ ᠤᠳᠠᠭ᠎ᠠ ᠦᠭᠡᠢ ᠪᠡᠷ ᠲᠡᠷᠡ ᠰᠢᠯᠢ ᠶᠢᠨ ᠭᠣᠣᠯ ᠠᠢᠮᠠᠭ ᠲᠤ ᠣᠴᠢᠵᠤ ᠪᠤᠷᠢᠶᠠᠳ ᠤᠨ ᠪᠤᠷᠤᠩᠬᠤᠢ ᠳᠠᠢᠰᠤᠨ ᠢ ᠰᠥᠨᠦᠭᠡᠬᠦ ᠲᠤᠯᠤᠯᠳᠤᠭᠠᠨ ᠳᠤ ᠣᠷᠤᠯᠴᠠᠵᠠᠢ᠃ ᠰᠡᠭᠦᠯᠡᠷ ᠨᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠬᠤ ᠠᠵᠢᠯ ᠢ ᠪᠡᠯᠡᠳᠭᠡᠬᠦ ᠪᠡᠷ ᠸᠠᠩ ᠤᠨ ᠰᠦᠮ᠎ᠡ︵ᠣᠳᠣ ᠶ᠋ᠢᠨ ᠤᠯᠠᠭᠠᠨᠬᠣᠲᠠ ︶ ᠳᠤ ᠢᠷᠡᠵᠡᠢ᠃ 1947 ᠣᠨ ᠤ 5 ᠰᠠᠷ᠎ᠠ ᠶᠢᠨ 1 ᠤ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠣᠷᠳᠤᠨ ᠪᠠᠢᠭᠤᠯᠤᠭᠳᠠᠭᠰᠠᠨ ᠳᠤ ᠰᠠᠩᠳᠦ᠋ᠭᠦᠷᠡᠩ ᠵᠥᠪᠯᠡᠭᠴᠢ ᠶ᠋ᠢᠨ ᠬᠡᠷ ᠦᠨ ᠨᠢᠭᠡᠳᠦᠭᠡᠷ ᠲᠠᠰ ᠤᠨ ᠵᠥᠪᠯᠡᠭᠴᠢ ᠪᠣᠯᠪᠠ᠃ 1949 ᠣᠨ ᠳᠤ ᠲᠤᠰᠠᠭᠠᠷᠯᠠᠨ ᠪᠠᠢᠴᠠᠭᠠᠭᠳᠠᠵᠤ ᠰᠢᠭᠦᠨ ᠲᠠᠰᠤᠯᠤᠭ᠎ᠠ ᠦᠭᠡᠢ ᠪᠡᠷ ᠬᠥᠳᠡᠯᠮᠦᠷᠢ ᠪᠡᠷ ᠥᠭᠡᠷᠡᠴᠢᠯᠡᠬᠦ ᠲᠠᠷᠢᠶᠠᠯᠠᠩ ᠤᠨ ᠲᠠᠯᠠᠪᠠᠢ ᠳᠤ ᠬᠦᠷᠭᠡᠭᠳᠡᠵᠦ ᠥᠭᠡᠷᠡᠴᠢᠯᠡᠭᠳᠡᠭᠡᠳ᠂ 1975 ᠣᠨ ᠳᠤ ᠰᠠᠶᠢ ᠰᠤᠯᠠᠯᠠᠭᠳᠠᠪᠠ᠃ 1980 ᠣᠨ ᠳᠤ ᠬᠢᠯᠢᠰ ᠢ ᠨᠢ ᠴᠠᠭᠠᠳᠭᠠᠵᠤ᠂ ᠨᠡᠷ᠎ᠡ ᠬᠦᠨᠳᠦ ᠶᠢ ᠨᠢ ᠰᠡᠷᠭᠦᠭᠡᠨ᠂ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠭᠠᠵᠠᠷ ᠤᠨ ᠳᠡᠭᠡᠳᠦ ᠵᠡᠷᠭᠡ ᠶᠢᠨ ᠵᠥᠪᠯᠡᠭᠴᠢ ᠶ᠋ᠢᠨ ᠲᠤᠰᠢᠶᠠᠯ ᠢ ᠨᠢ ᠰᠡᠷᠭᠦᠭᠡᠭᠰᠡᠨ ᠶᠤᠮ᠃ 1983 ᠣᠨ ᠤ 9 ᠰᠠᠷ᠎ᠠ ᠶᠢᠨ 27 ᠤ ᠡᠳᠦᠷ ᠰᠢᠯᠢᠩᠬᠣᠲᠠ ᠳᠤ ᠨᠠᠰᠤ ᠨᠥᠭᠴᠢᠵᠡᠢ᠃