ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠧᠷᠠᠤᠲᠤ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠧᠷᠠᠤᠲᠤ ︵ l927—— ︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦ᠋ᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠮᠣᠷᠢᠲᠤ ᠴᠡᠷᠢᠭ ᠦᠨ ᠪᠠᠢᠯᠳᠤᠭᠠᠨ ᠤ ᠪᠠᠭᠠᠲᠤᠷ᠃ ᠥᠪᠦᠷ ᠮᠣᠩᠭᠤᠯ ᠤ᠋ᠨ ᠬᠥᠪᠡᠭᠡᠲᠦ ᠰᠢᠷ᠎ᠠ ᠬᠣᠰᠢᠭᠤᠨ ᠳᠤ ᠨᠤᠲᠤᠭ ᠲᠠᠢ᠃ ᠮᠣᠩᠭᠤᠯ ᠦᠨᠳᠦᠰᠦᠲᠡᠨ᠃ 1946 ᠣᠨ ᠤ 5 ᠰᠠᠷ᠎ᠠ ᠳᠤ ᠴᠡᠷᠢᠭ ᠲᠦ ᠣᠷᠤᠵᠤ᠂ 19.18 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ 1947 ᠣᠨ ᠤ 3 ᠰᠠᠷ᠎ᠠ ᠳᠤ ᠿᠤᠸᠠᠨ ᠵᠢᠨ ᠼᠦᠨ ᠲᠣᠰᠭᠤᠨ ᠤ ᠲᠤᠯᠤᠯᠳᠤᠭᠠᠨ ᠳᠤᠮᠳᠠ᠂ ᠳᠠᠢᠰᠤᠨ ᠤ ᠬᠠᠲᠠᠭᠤ ᠰᠢᠷᠦᠭᠦᠨ ᠭᠠᠯᠯᠠᠭ᠎ᠠ ᠶᠢᠨ ᠳᠣᠣᠷ᠎ᠠ ᠠᠮᠢ ᠪᠡᠶ᠎ᠡ ᠪᠡᠨ ᠬᠠᠢᠬᠤᠷᠤᠯ ᠦᠭᠡᠢ ᠰᠤᠮᠤᠨ ᠮᠥᠨᠳᠦᠷ ᠳᠣᠣᠭᠤᠷ ᠰᠢᠷᠭᠤᠯᠠᠨ ᠬᠦᠨᠳᠦ ᠰᠢᠷᠬᠠᠲᠤᠭᠰᠠᠨ ᠰᠤᠮᠤᠨ ᠳᠠᠷᠤᠭ᠎ᠠ ᠴᠣᠭᠰᠠᠷᠠᠩ ᠵᠡᠷᠭᠡ ᠭᠤᠷᠪᠠᠨ ᠨᠥᠬᠦᠷ ᠢ᠋ᠶ᠋ᠡᠨ ᠨᠢᠭᠡ ᠨᠢᠭᠡ ᠪᠡᠷ ᠡᠭᠦᠷᠴᠦ ᠠᠮᠤᠷ ᠠᠮᠤᠭᠤᠯᠠᠩ ᠭᠠᠵᠠᠷ ᠠᠪᠠᠴᠢᠵᠤ ᠲᠠᠯᠪᠢᠭᠠᠳ ᠪᠥᠬᠦ ᠰᠤᠮᠤᠨ ᠠᠩᠭᠢ ᠶᠢᠨ ᠳᠠᠢᠴᠢᠨ ᠨᠤᠭᠤᠳ ᠤ᠋ᠨ ᠢ᠋ᠶ᠋ᠠᠨ ᠬᠠᠢᠷ᠎ᠠ ᠬᠦᠨᠳᠦᠳᠭᠡᠯ ᠢ ᠣᠯᠵᠠᠢ᠃ ᠲᠤᠰ ᠵᠢᠯ ᠦᠨ 6 ᠰᠠᠷ᠎ᠠ ᠶᠢᠨ 15 ᠤ ᠡᠳᠦᠷ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ4 ᠳᠦᠭᠡᠷ ᠳ᠋ᠢᠸᠢᠽᠢ ᠬᠤᠷᠠᠭ᠎ᠠ ᠰᠦᠮ᠎ᠡ ᠳᠦ ᠭᠣᠮᠢᠨᠳᠠᠩ ᠤᠨ ᠴᠡᠷᠢᠭ ᠦᠨ ᠮᠠᠰᠢᠨ ᠲᠡᠷᠭᠡᠲᠦ ᠴᠡᠷᠢᠭ ᠠᠩᠭᠢ ᠪᠣᠯᠤᠨ ᠪᠦᠦ ᠭᠦᠢ ᠲᠢᠩ ᠦᠨ ᠮᠣᠷᠢᠲᠤ ᠴᠡᠷᠢᠭ ᠦᠨ 1000 ᠭᠠᠷᠤᠶ ᠬᠥᠮᠦᠰ  ᠯᠦᠭᠡ ᠲᠤᠯᠤᠯᠳᠤᠭᠰᠠᠨ ᠲᠤᠯᠤᠯᠳᠤᠭᠠᠨ ᠳᠤᠮᠳᠠ ᠰᠧᠷᠠᠤᠲᠤ ᠨᠢᠭᠡᠨ ᠰᠠᠯᠠᠭ᠎ᠠ ᠴᠡᠷᠢᠭ ᠢ ᠳᠠᠢᠴᠢᠯᠠᠨ ᠭᠣᠣᠯ ᠴᠡᠷᠢᠭ ᠦᠨ ᠰᠢᠯᠵᠢᠯᠲᠡ ᠶᠢ ᠬᠠᠮᠠᠭᠠᠯᠠᠪᠠ᠃ ᠲᠡᠷᠡ ᠪᠥᠬᠦ ᠰᠠᠯᠠᠭ᠎ᠠ ᠪᠠᠨ ᠳᠠᠭᠠᠭᠤᠯᠤᠨ ᠡᠷᠡᠯᠬᠡᠭ ᠢᠶᠡᠷ ᠪᠠᠢᠯᠳᠤᠵᠤ ᠳᠠᠢᠰᠤᠨ ᠤ ᠣᠯᠠᠨ ᠤᠳᠠᠭᠠᠨ ᠤ ᠲᠠᠭᠠᠷᠢᠯᠲᠠ ᠶᠢ ᠴᠣᠬᠢᠨ ᠤᠬᠤᠷᠢᠭᠤᠯᠵᠤ᠂ ᠣᠯᠠᠨ ᠳᠠᠢᠰᠤᠨ ᠢ ᠠᠯᠠᠵᠤ ᠰᠢᠷᠬᠠᠲᠤᠭᠤᠯᠤᠨ᠂ ᠰᠢᠯᠵᠢᠯᠲᠡ ᠶᠢ ᠬᠠᠮᠠᠭᠠᠯᠠᠬᠤ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠦᠭᠰᠡᠨ ᠦ ᠳᠠᠷᠠᠭ᠎ᠠ ᠵᠢᠭᠰᠠᠭᠠᠯ ᠤᠨ ᠭᠠᠵᠠᠷ ᠠᠴᠠ ᠪᠠᠨ ᠤᠬᠤᠷᠢᠨ ᠭᠠᠷᠴᠤ ᠭᠣᠣᠯ ᠴᠡᠷᠢᠭ ᠲᠡᠢ ᠪᠡᠨ ᠨᠡᠢᠯᠡᠵᠡᠢ᠃ ᠲᠤᠰ ᠵᠢᠯ ᠦᠨ 9 ᠰᠠᠷ᠎ᠠ ᠳᠤ ᠮᠢᠩᠭᠠᠨ ᠬᠣᠰᠢᠭᠤᠨ ᠤ ᠳᠠᠷᠠᠰᠤᠲᠠᠢ ᠭᠣᠣᠯ ᠤᠨ ᠲᠤᠯᠤᠯᠳᠤᠭᠠᠨ ᠳᠤᠮᠳᠠ ᠲᠡᠭᠦᠨ ᠦ ᠰᠠᠯᠠᠭ᠎ᠠ ᠨᠢ ᠳᠠᠢᠰᠤᠨ ᠳᠤ ᠭᠤᠷᠪᠠᠨ ᠲᠠᠯ᠎ᠠ ᠠᠴᠠ ᠪᠠᠨ ᠪᠦᠰᠡᠯᠡᠭᠳᠡᠨ ᠭᠣᠣᠯ ᠴᠡᠷᠢᠭ  ᠯᠦᠭᠡ ᠪᠡᠨ ᠬᠠᠷᠢᠴᠠᠭ᠎ᠠ ᠲᠠᠰᠤᠷᠠᠭᠰᠠᠨ ᠪᠠᠢᠳᠠᠯ ᠳᠣᠣᠷ᠎ᠠ ᠲᠡᠷᠡ ᠠᠶᠤᠵᠤ ᠰᠦᠷᠳᠡᠯ ᠦᠭᠡᠢ ᠲᠣᠭᠲᠠᠭᠤᠨ ᠯᠠᠪᠳᠠᠭᠤᠨ ᠢᠶᠠᠷ ᠲᠤᠯᠤᠯᠳᠤᠨ ᠤᠷᠢᠳ ᠢᠶᠠᠷ 2᠂ 3 ᠳ᠋ᠤᠭᠠᠷ ᠲᠠᠰᠤᠭ ᠵᠢᠭ ᠪᠦᠰᠡᠯᠡᠯᠲᠡ ᠶᠢ ᠰᠢᠪᠲᠤᠯᠤᠭᠤᠯᠵᠤ ᠥᠪᠡᠷᠲᠡᠭᠡᠨ ᠨᠢᠭᠡᠨ ᠲᠠᠰᠤᠭ ᠯᠤᠭ᠎ᠠ ᠬᠠᠮᠠᠭᠠᠯᠠᠪᠠ᠃ ᠳᠠᠢᠰᠤᠨ ᠤ ᠪᠦᠰᠡᠯᠡᠯᠲᠡ ᠶᠢᠨ ᠴᠠᠭᠠᠷᠢᠭ ᠤᠯᠠᠮ ᠢᠪᠴᠤᠤ ᠪᠣᠯᠵᠤ ᠠᠶᠤᠯ ᠲᠦᠭᠰᠢᠭᠦᠷᠢ ᠤᠯᠠᠮ ᠶᠡᠬᠡᠳᠦᠭᠰᠡᠨ ᠳᠦ ᠲᠡᠷᠡ l  ᠳᠦᠭᠡᠷ ᠲᠠᠰᠤᠭ ᠵᠢᠭ ᠪᠠᠰᠠ ᠪᠦᠰᠡᠯᠡᠯᠲᠡ ᠶᠢ ᠰᠢᠪᠲᠤᠯᠤᠭᠤᠯᠤᠨ ᠥᠪᠡᠷᠲᠡᠭᠡᠨ ᠬᠣᠯᠪᠤᠭᠠᠴᠢᠨ ᠲᠢ ᠬᠣᠶᠠᠭᠤᠯᠠ ᠪᠠᠨ ᠬᠠᠮᠠᠭᠠᠯᠠᠵᠤ᠂ ᠪᠥᠬᠦ ᠰᠠᠯᠠᠭ᠎ᠠ ᠨᠢ ᠴᠥᠮ ᠪᠦᠰᠡᠯᠡᠯᠲᠡ ᠶᠢ ᠰᠢᠪᠲᠤᠯᠤᠭᠰᠠᠨ ᠤ ᠳᠠᠷᠠᠭ᠎ᠠ ᠲᠠᠳᠠ ᠬᠣᠶᠠᠭᠤᠯᠠ ᠰᠠᠶᠢ ᠮᠣᠷᠢ ᠳᠣᠪᠲᠤᠯᠭᠠᠨ ᠵᠠᠭᠰᠠᠭᠠᠯ ᠤᠨ ᠭᠠᠵᠠᠷ ᠠᠴᠠ ᠰᠠᠯᠵᠠᠢ᠃ 1948 ᠣᠨ ᠤ ᠨᠠᠮᠤᠷ ᠲᠡᠮᠭᠡᠲᠦ ᠶᠢᠨ ᠠᠭᠤᠯᠠ ᠶᠢᠨ ᠲᠤᠯᠤᠯᠳᠤᠭᠠᠨ ᠳᠤ ᠬᠣᠯᠪᠤᠭᠠᠴᠢᠨ ᠥᠯᠵᠡᠢ ᠬᠦᠨᠳᠦ ᠰᠢᠷᠬᠠᠲᠤᠵᠤ ᠤᠨᠤᠭᠰᠠᠨ ᠬᠦᠯᠦᠭ ᠨᠢ ᠳᠠᠢᠰᠤᠨ ᠳᠤ ᠠᠯᠠᠭᠳᠠᠭᠰᠠᠨ ᠳᠤ ᠰᠸᠷᠣ᠋ᠳᠣ ᠥᠪᠡᠷ ᠦ᠋ᠨ ᠤᠨᠤᠭᠰᠠᠨ ᠬᠦᠯᠦᠭ ᠳᠡᠭᠡᠷ᠎ᠡ ᠪᠡᠨ ᠥᠯᠵᠡᠢ ᠶᠢ ᠲᠦᠰᠢᠨ ᠭᠠᠷᠭᠠᠵᠤ ᠲᠡᠭᠦᠨ ᠢ ᠬᠠᠮᠠᠭᠠᠯᠠᠨ ᠳᠤᠲᠠᠭᠠᠯᠭᠠᠪᠠ᠃ ᠥᠯᠵᠡᠢ ᠪᠦᠰᠡᠯᠡᠯᠲᠡ ᠶᠢ ᠰᠢᠪᠲᠤᠯᠤᠨ ᠠᠶᠤᠯ ᠠᠴᠠ ᠮᠤᠯᠲᠤᠷᠠᠭᠰᠠᠨ ᠤ ᠰᠡᠭᠦᠯᠡᠷ ᠲᠡᠷᠡ ᠰᠠᠶᠢ ᠠᠭᠤᠯᠠᠨ ᠭᠣᠣ ᠪᠠᠷ ᠤᠬᠤᠷᠢᠵᠤ ᠶᠠᠪᠤᠪᠠ᠃ ᠲᠡᠷᠡ ᠪᠠᠢᠯᠳᠤᠭᠠᠨ ᠳᠤ ᠪᠠᠭᠠᠲᠤᠷᠯᠢᠭ ᠵᠢᠭᠰᠠᠭᠠᠯ ᠤᠨ ᠡᠮᠦᠨ᠎ᠡ ᠤᠷᠤᠭᠰᠢᠯᠠᠨ᠂ ᠠᠶᠤᠯ ᠲᠢ ᠦᠶ᠎ᠡ ᠳᠦ ᠠᠮᠢᠳᠤᠷᠠᠬᠤ ᠶᠢᠨ ᠡᠷᠡᠮᠡᠯᠵᠡᠯ ᠢ ᠨᠦᠭᠦᠳ ᠲᠡᠭᠡᠨ ᠥᠭᠴᠦ ᠠᠶᠤᠯ ᠲᠦᠭᠰᠢᠭᠦᠷᠢ ᠦᠬᠦᠯ ᠵᠣᠪᠠᠯ ᠢ ᠠᠮᠢᠨ ᠳᠠᠭᠠᠨ ᠦᠯᠡᠳᠡᠭᠡᠳᠡᠭ᠃ ᠲᠡᠷᠡ ᠤᠷᠢᠳ ᠬᠣᠵᠢᠳ 3 ᠶᠡᠬᠡ ᠪᠠᠢᠯᠳᠤᠭᠠᠨ ᠤ ᠭᠠᠪᠢᠶ᠎ᠠ᠂ 7 ᠪᠠᠭ᠎ᠠ ᠭᠠᠪᠢᠶ᠎ᠠ ᠪᠠᠢᠭᠤᠯᠤᠭᠰᠠᠨ ᠶᠤᠮ᠃ 1949 ᠣᠨ ᠤ 9 ᠰᠠᠷ᠎ᠠ ᠳᠤ ᠥᠪᠦᠷ ᠮᠣᠩᠭᠤᠯ ᠤ᠋ᠨ ᠮᠣᠷᠢᠲᠤ ᠴᠡᠷᠢᠭ ᠦᠨ4  ᠳᠦᠭᠡᠷ ᠳ᠋ᠢᠸᠢᠽᠢ ᠶᠢᠨ ᠱᠠᠩᠲᠤ ᠰᠢᠶᠠᠨ ᠤ ᠬᠣᠩᠭᠤᠷᠲᠤ ᠳ᠋ᠤ᠌ ᠬᠤᠷᠠᠯᠳᠤᠭᠤᠯᠤᠭᠰᠠᠨ ᠭᠠᠪᠢᠶ᠎ᠠ ᠲᠡᠮᠳᠡᠭᠯᠡᠬᠦ ᠶᠡᠬᠡ ᠬᠤᠷᠠᠯ ᠳᠤ ᠣᠷᠤᠯᠴᠠᠵᠤ ᠪᠠᠢᠯᠳᠤᠭᠠᠨ ᠤ ᠵᠢᠰᠢᠶᠠᠴᠢ ᠰᠠᠯᠠᠭᠠᠨ ᠳᠠᠷᠤᠭ᠎ᠠ ᠪᠠᠷ ᠬᠥᠬᠢᠭᠦᠯᠦᠭᠳᠡᠵᠡᠢ᠃ l949 ᠣᠨ ᠤ l0 ᠰᠠᠷ᠎ᠠ ᠳᠤ ᠰᠦᠢᠶᠤᠸᠠᠨ ᠤ ᠴᠡᠷᠢᠭ ᠦᠨ ᠲᠣᠭᠤᠷᠢᠭ ᠤᠨ ᠪᠠᠭᠠᠲᠤᠷ ᠵᠢᠱ᠌ᠢᠶᠡᠴᠢᠳ ᠦ᠋ᠨ ᠲᠥᠯᠦᠭᠡᠯᠡᠭᠴᠢᠳ ᠦ᠋ᠨ ᠶᠡᠬᠡ ᠬᠤᠷᠠᠯ ᠳᠤ ᠣᠷᠤᠯᠴᠠᠭᠠᠳ ᠭᠤᠷᠪᠠᠳᠤᠭᠠᠷ ᠲᠠᠰ ᠤᠨ ᠪᠠᠢᠯᠳᠤᠭᠠᠨ ᠤ ᠪᠠᠭᠠᠲᠤᠷ ᠤᠨ ᠴᠣᠯᠠ ᠠᠴᠠ ᠬᠦᠷᠲᠡᠵᠡᠢ᠃