ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠦᠩ ᠴᠠᠩ ᠾᠧ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠦᠩ ᠴᠠᠩ ᠾᠧ ︵ 926—— ︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠮᠣᠷᠢᠲᠤ ᠴᠡᠷᠢᠭ ᠦᠨ ᠭᠠᠪᠢᠶᠠᠲᠠᠨ᠃ ᠬᠠᠷᠠᠮᠥ᠋ᠷᠡᠨ ᠮᠤᠵᠢ ᠶᠢᠨ ᠵᠣᠣ ᠶᠤᠸᠠᠨ ᠰᠢᠶᠠᠨ ᠳᠤ ᠨᠤᠲᠤᠭ ᠲᠠᠢ᠃ ᠮᠣᠩᠭᠤᠯ ᠦᠨᠳᠦᠰᠦᠲᠡᠨ᠃ 1947 ᠣᠨ ᠤ 6 ᠰᠠᠷ᠎ᠠ ᠳᠤ ᠴᠡᠷᠢᠭ ᠲᠦ ᠣᠷᠤᠵᠤ᠂ 1947 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ ᠴᠡᠷᠢᠭ ᠠᠩᠭᠢ ᠳᠤ ᠪᠠᠢᠯᠳᠤᠭᠴᠢ᠂ ᠲᠠᠰᠤᠭ ᠤᠨ ᠳᠠᠷᠤᠭ᠎ᠠ᠂ ᠰᠠᠯᠠᠭᠠᠨ ᠳᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠠᠢ᠃ 1947 ᠣᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶ᠎ᠠ ᠠᠴᠠ︽ᠳᠤᠮᠳᠠᠳᠤ ᠤᠯᠤᠰ ᠤᠨ ᠭᠠᠵᠠᠷ ᠰᠢᠷᠤᠢ ᠶ᠋ᠢᠨ ᠬᠠᠤᠯᠢ ᠶᠢᠨ ᠶᠡᠬᠡ ᠮᠥᠷ ᠦ᠋ᠨ ᠬᠥᠲᠦᠯᠪᠦᠷᠢ︾ ᠶᠢ ᠨᠡᠢᠲᠡᠯᠡᠭᠰᠡᠨ ᠳᠦ ᠥᠪᠦᠷ ᠮᠣᠩᠭᠤᠯ ᠤ᠋ᠨ ᠨᠠᠮ ᠤᠨ ᠬᠣᠷᠢᠶ᠎ᠠ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠠ᠋ᠴᠠ ᠵᠡᠭᠦᠨ ᠣᠷᠤᠨ ᠤ᠋ ᠬᠥᠳᠡᠭᠡ ᠲᠣᠰᠭᠤᠨ ᠳᠤ ᠭᠠᠵᠠᠷ ᠰᠢᠷᠤᠢ ᠶ᠋ᠢᠨ ᠥᠭᠡᠷᠡᠴᠢᠯᠡᠯᠲᠡ ᠭᠡᠬᠦ ᠪᠡᠷ ᠲᠣᠭᠲᠠᠭᠠᠪᠠ᠃ ᠥᠪᠦᠷ ᠮᠣᠩᠭᠤᠯ ᠤ᠋ᠨ ᠮᠣᠷᠢᠲᠤ ᠴᠡᠷᠢᠭ ᠦᠨ l  ᠳᠦᠭᠡᠷ ᠳ᠋ᠢᠸᠢᠽᠢ ᠶᠢᠨ 2 ᠳ᠋ᠤᠭᠠᠷ ᠬᠣᠷᠢᠶ᠎ᠠ ᠨᠢ ᠭᠠᠵᠠᠷ ᠰᠢᠷᠤᠢ ᠶ᠋ᠢᠨ ᠥᠭᠡᠷᠡᠴᠢᠯᠡᠯᠲᠡ ᠶ᠋ᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠪᠡᠷ ᠬᠢᠩᠭᠠᠨ ᠠᠢᠮᠠᠭ ᠤᠨ ᠵᠠᠯᠠᠢᠳ ᠬᠣᠰᠢᠭᠤᠨ ᠳᠤ ᠣᠷᠤᠵᠤ ᠰᠠᠭᠤᠭᠠᠳ ᠭᠠᠵᠠᠷ ᠰᠢᠷᠤᠢ ᠶ᠋ᠢᠨ ᠥᠭᠡᠷᠡᠴᠢᠯᠡᠯᠲᠡ ᠶᠢᠨ ᠠᠵᠢᠯ ᠢ ᠬᠠᠮᠠᠭᠠᠯᠠᠪᠠ᠃ ᠰᠦᠩ ᠴᠠᠩ ᠾᠧ ᠶᠢᠨ ᠪᠠᠢᠭ᠎ᠠ ᠰᠤᠮᠤᠨ ᠠᠩᠭᠢ ᠨᠢ ᠶᠠᠳᠠᠭᠤ ᠬᠥᠯᠦᠰᠦᠨ ᠲᠠᠷᠢᠶᠠᠴᠢᠨ ᠳᠤ ᠥᠮᠦᠭ ᠲᠦᠰᠢᠭ ᠪᠣᠯᠵᠤ ᠶᠠᠳᠠᠭᠤ ᠲᠠᠷᠢᠶᠠᠴᠢᠳ ᠲᠤ ᠰᠠᠢᠨ ᠠᠵᠢᠯ ᠬᠢᠵᠦ ᠥᠭᠬᠦ ᠠᠷᠠᠳ ᠢᠶᠠᠨ ᠬᠠᠢᠷᠠᠯᠠᠬᠤ ᠠᠵᠢᠯᠯᠠᠭ᠎ᠠ ᠥᠷᠨᠢᠭᠦᠯᠵᠡᠢ᠃ ᠡᠨᠡ ᠬᠦ ᠬᠤᠭᠤᠴᠠᠭᠠᠨ ᠳᠤ ᠲᠡᠷᠡ ᠠᠷᠠᠳ ᠣᠯᠠᠨ ᠳᠤ ᠤᠰᠤ ᠳᠠᠮᠨᠠᠬᠤ᠂ ᠬᠦᠷᠢᠶ᠎ᠡ ᠱᠦᠭᠦᠷᠳᠡᠬᠦ᠂ ᠲᠦᠯᠡᠭᠡ ᠠᠪᠬᠤ᠂ ᠲᠠᠷᠢᠶ᠎ᠠ ᠬᠠᠳᠤᠬᠤ᠂ ᠦᠲᠦᠷᠮ᠎ᠡ ᠠᠪᠬᠤ ᠵᠡᠷᠭᠡ ᠠᠷᠠᠳ ᠢᠶᠠᠨ ᠬᠠᠢᠷᠠᠯᠠᠬᠤ ᠬᠥᠳᠡᠯᠮᠦᠷᠢ ᠳᠤᠮᠳᠠ ᠵᠢᠰᠢᠶᠠᠴᠢ ᠲᠣᠯᠤᠭᠠᠢᠯᠠᠬᠤ ᠦᠢᠯᠡᠳᠦᠯ ᠦᠵᠡᠭᠦᠯᠵᠦ ᠠᠵᠢᠯ ᠪᠣᠯᠭᠠᠨ ᠳᠤ ᠭᠠᠪᠰᠢᠭᠠᠢᠯᠠᠨ᠂ ᠭᠠᠵᠠᠷ ᠪᠣᠯᠭᠠᠨ ᠳᠤ ᠲᠡᠷᠢᠭᠦᠯᠡᠭᠰᠡᠨ ᠢᠶᠡᠷ ᠠᠷᠠᠳ ᠢᠶᠠᠨ ᠬᠠᠢᠷᠠᠯᠠᠭᠴᠢ ᠬᠥᠳᠡᠯᠮᠦᠷᠢ ᠶᠢᠨ ᠵᠢᠱ᠌ᠢᠶᠡᠴᠢ ᠪᠡᠷ ᠰᠣᠩᠭᠤᠭᠳᠠᠨ 1 ᠶᠡᠬᠡ ᠭᠠᠪᠢᠶ᠎ᠠ ᠪᠠᠢᠭᠤᠯᠵᠠᠢ᠃ 1948 ᠣᠨ ᠤ ᠯᠢᠶᠣᠣ ᠱᠧᠨ ᠦ ᠳᠠᠢᠯᠠᠯᠳᠤᠭᠠᠨ ᠤ ᠬᠤᠭᠤᠴᠠᠭᠠᠨ ᠳᠤ ᠥᠪᠦᠷ ᠮᠣᠩᠭᠤᠯ ᠤ᠋ᠨ ᠮᠣᠷᠢᠲᠤ ᠴᠡᠷᠢᠭ ᠦᠨ l  ᠳᠦᠭᠡᠷ ᠳ᠋ᠢᠸᠢᠽᠢ ᠨᠢ 8 ᠰᠠᠷ᠎ᠠ ᠶᠢᠨ 8 ᠤ ᠡᠳᠦᠷ ᠱᠢ ᠮᠢᠨ ᠢ ᠪᠦᠰᠡᠯᠡᠬᠦ ᠪᠠᠢᠯᠳᠤᠭᠠᠨ ᠤ ᠡᠭᠦᠷᠭᠡ ᠶᠢ ᠬᠦᠯᠢᠶᠡᠪᠡ᠃ ᠰᠦᠩ ᠴᠠᠩ ᠾᠧ ᠶᠢᠨ ᠪᠠᠢᠭ᠎ᠠ ᠰᠤᠮᠤᠨ ᠠᠩᠭᠢ ᠨᠢ ᠴᠠᠭᠳᠠᠨ ᠪᠠᠢᠴᠠᠭᠠᠬᠤ ᠡᠭᠦᠷᠭᠡ ᠶᠢ ᠭᠦᠢᠴᠡᠳᠭᠡᠵᠦ ᠶᠠᠪᠤᠭ᠎ᠠ ᠦᠶ᠎ᠡ ᠳᠦ ᠲᠡᠭᠦᠨ ᠦ ᠳᠠᠭᠠᠭᠤᠯᠤᠭᠰᠠᠨ ᠬᠣᠰᠢᠭᠤᠴᠢ ᠲᠠᠰᠤᠭ ᠨᠢ ᠳᠠᠢᠰᠤᠨ ᠤ ᠨᠢᠭᠡᠨ ᠥᠴᠦᠬᠡᠨ ᠪᠦᠯᠦᠭ ᠲᠠᠩᠨᠠᠭᠤᠯ ᠴᠡᠷᠢᠭ ᠲᠣᠰᠭᠤᠨ ᠳᠤ ᠣᠷᠤᠭᠰᠠᠨ ᠢ᠋ ᠣᠯᠵᠤ ᠮᠡᠳᠡᠭᠡᠳ ᠲᠡᠷᠡ ᠳᠠᠷᠤᠢ ᠬᠥᠮᠦᠨ ᠲᠣᠮᠢᠯᠠᠨ ᠰᠤᠮᠤᠨ ᠠᠩᠭᠢ ᠶᠢᠨ ᠳᠠᠷᠤᠭ᠎ᠠ ᠳᠠᠭᠠᠨ ᠬᠠᠷᠢᠭᠤ ᠮᠡᠳᠡᠭᠦᠯᠬᠦ ᠶᠢᠨ ᠵᠡᠷᠭᠡᠴᠡᠭᠡ ᠪᠡᠷ 3 ᠪᠠᠢᠯᠳᠤᠭᠴᠢᠳ ᠢᠶᠠᠨ ᠳᠠᠭᠠᠭᠤᠯᠤᠨ ᠬᠦᠯᠦᠭ ᠮᠣᠷᠢ ᠬᠡᠢᠰᠭᠡᠨ ᠳᠠᠢᠰᠤᠨ ᠢ ᠨᠡᠬᠡᠮᠵᠢᠯᠡᠵᠦ 1 ᠬᠥᠮᠦᠨ᠂ l ᠫᠤᠤ᠂ 2 ᠴᠡᠷᠢᠭ ᠦᠨ ᠠᠭᠲᠠ ᠣᠯᠵᠠᠯᠠᠵᠤ l ᠤᠳᠠᠭᠠᠨ ᠤ ᠪᠠᠢᠯᠳᠤᠭᠠᠨ ᠤ ᠶᠡᠬᠡ ᠭᠠᠪᠢᠶ᠎ᠠ ᠪᠠᠢᠭᠤᠯᠤᠭᠰᠠᠨ ᠪᠠᠢᠵᠠᠢ᠃