ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠦᠸᠧ ᠯᠢ ᠪᠦᠸᠧ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠦᠸᠧ ᠯᠢ ᠪᠦᠸᠧ ︵1906——1972︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦ᠋ᠨ ᠵᠠᠩᠵᠤᠨ᠂ ᠮᠣᠩᠭᠤᠯ ᠦᠨᠳᠦᠰᠦᠲᠡᠨ᠂ ᠤᠭ ᠤᠨ ᠨᠡᠷ᠎ᠡ ᠨᠢ ᠯᠢ ᠪᠦᠸᠧ ᠭᠡᠳᠡᠭ᠃ ᠥᠪᠦᠷ ᠮᠣᠩᠭᠤᠯ ᠤ᠋ᠨ ᠱᠠᠩᠲᠤ ᠰᠢᠶᠠᠨ ᠳᠤ ᠨᠤᠲᠤᠭ ᠲᠠᠢ᠃ ᠱᠠᠨ ᠰᠢ ᠮᠤᠵᠢ ᠶᠢᠨ ᠳ᠋ᠠᠲ᠋ᠦ᠋ᠩ ᠬᠣᠲᠠᠨ ᠳᠤ ᠲᠥᠷᠦᠵᠡᠢ᠃ 1924 ᠣᠨ ᠳᠤ ᠹᠧᠩ ᠢᠦᠢ ᠰᠢᠶᠠᠩ ᠤᠨ ᠪᠠᠷᠠᠭᠤᠨ ᠬᠣᠢᠲᠤ ᠣᠷᠤᠨ ᠤ᠋ ᠴᠡᠷᠢᠭ ᠦ᠋ᠨ ᠰᠤᠷᠭᠠᠭᠤᠯᠢ ᠳᠤ ᠰᠢᠯᠭᠠᠨ ᠣᠷᠤᠵᠤ᠂ ᠰᠡᠭᠦᠯᠡᠷ ᠨᠢ ᠪᠠᠷᠠᠭᠤᠨ ᠬᠣᠢᠲᠤ ᠣᠷᠤᠨ ᠤ᠋ ᠴᠡᠷᠢᠭ ᠲᠦ᠍ ᠳᠡᠰᠯᠡᠭᠴᠢ ᠴᠣᠯᠠ ᠲᠠᠢ ᠰᠠᠯᠠᠭ᠎ᠠ ᠶᠢᠨ ᠳᠠᠷᠤᠭ᠎ᠠ ᠪᠣᠯᠪᠠ᠃ 1926 ᠣᠨ ᠳᠤ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠦᠨ ᠭᠡᠰᠢᠭᠦᠨ ᠢᠶᠡᠷ ᠡᠯᠰᠡᠭᠳᠡᠵᠦ᠂ 1929 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠵᠠᠢ᠃ ᠲᠡᠭᠦᠨ ᠡᠴᠡ ᠠᠪᠤᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠠᠵᠢᠯ ᠢ ᠡᠷᠬᠢᠯᠡᠨ ᠬᠢᠵᠦ ᠬᠠᠤᠯᠢ ᠶᠣᠰᠤᠨ ᠤ᠋ ᠪᠠᠢᠷᠢ ᠰᠠᠭᠤᠷᠢ ᠪᠠᠷ ᠵᠢᠭ ᠭᠣᠮᠢᠨᠳᠠᠩ ᠤᠨ ᠴᠡᠷᠢᠭ ᠳᠣᠲᠤᠷ᠎ᠠ ᠪᠠᠢᠯᠳᠤᠭᠴᠢᠳ ᠢ ᠳᠠᠢᠴᠢᠯᠠᠨ ᠪᠡᠶ᠎ᠡ ᠲᠠᠮᠢᠷ ᠬᠢᠬᠦ ᠬᠠᠷᠠᠭᠤᠯ ᠮᠠᠨᠠᠭ᠎ᠠ ᠶᠢᠨ ᠠᠵᠢᠯ ᠢ ᠨᠢ ᠬᠠᠶᠠᠭᠤᠯᠵᠤ᠂ ᠠᠵᠢᠯᠴᠢᠨ ᠲᠠᠷᠢᠶᠠᠴᠢᠨ ᠰᠤᠷᠤᠭᠴᠢ ᠶᠢ ᠳᠠᠷᠤᠩᠭᠤᠢᠯᠠᠬᠤ ᠶᠢ ᠡᠰᠡᠷᠭᠦᠴᠡᠨ᠂ 1929 ᠣᠨ ᠤ ᠲᠠᠩ ᠱᠠᠨ ᠤ ᠴᠡᠷᠢᠭ ᠦᠨ ᠬᠤᠪᠢᠰᠤᠯ ᠢ ᠵᠣᠬᠢᠶᠠᠨ ᠪᠠᠢᠭᠤᠯᠤᠨ ᠣᠷᠤᠯᠴᠠᠵᠠᠢ᠃ ᠬᠣᠵᠢᠮ ᠨᠢ ᠴᠡᠷᠢᠭ ᠠᠩᠭᠢ ᠠᠴᠠ ᠰᠠᠯᠵᠤ ᠲᠢᠶᠠᠨᠵᠢᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠠᠵᠢᠯ ᠤᠨ ᠬᠠᠮᠠᠭᠠᠯᠠᠭᠴᠢ ᠶᠢᠨ ᠠᠵᠢᠯ ᠢ ᠬᠢᠵᠦ᠂ ᠳᠠᠢᠰᠤᠨ ᠤ ᠴᠠᠭᠠᠨ ᠤ ᠰᠦᠷᠳᠡᠭᠦᠯᠦᠯ ᠦᠨ ᠳᠣᠣᠷ᠎ᠠ ᠦᠬᠦᠵᠦ ᠰᠡᠬᠡᠬᠦ ᠪᠡᠨ ᠪᠣᠳᠤᠯ ᠦᠭᠡᠢ ᠪᠠᠭᠠᠲᠤᠷ ᠪᠣᠳᠤᠯᠭ᠎ᠠ ᠶ᠋ᠢ ᠬᠣᠣᠰᠯᠠᠭᠤᠯᠤᠨ ᠳᠠᠢᠰᠤᠨ ᠤ ᠲᠠᠩᠨᠠᠭᠤᠯ ᠪᠣᠯᠤᠨ ᠤᠷᠪᠠᠭᠴᠢᠳ ᠯᠤᠭ᠎ᠠ ᠲᠡᠮᠡᠴᠡᠯ ᠬᠢᠯ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠬᠤᠷᠠᠯ ᠤᠨ ᠰᠡᠷᠭᠡᠢᠯᠡᠨ ᠬᠠᠮᠠᠭᠠᠯᠠᠬᠤ ᠠᠵᠢᠯ ᠢ ᠲᠡᠷᠡ ᠣᠯᠠᠨ ᠤᠳᠠᠭ᠎ᠠ ᠡᠭᠦᠷᠭᠡᠯᠡᠵᠦ ᠠᠯᠢ ᠣᠯᠠᠨ ᠴᠢᠬᠤᠯᠠ ᠬᠤᠷᠠᠯᠳᠤᠭᠠᠨ ᠪᠠ ᠤᠳᠤᠷᠢᠳᠬᠤ ᠬᠥᠮᠦᠰ ᠦ᠋ᠨ ᠠᠮᠤᠷ ᠠᠮᠤᠭᠤᠯᠠᠩ ᠢ ᠪᠠᠲᠤᠯᠠᠭᠰᠠᠨ ᠪᠠᠢᠵᠠᠢ᠃ ᠰᠦᠸᠧ ᠯᠢ ᠪᠦᠸᠧ ᠠᠵᠢᠯᠴᠢᠨ ᠤ ᠴᠠᠭᠳᠠᠨ ᠪᠠᠢᠴᠠᠭᠠᠬᠤ ᠠᠩᠭᠢ ᠶᠢ ᠵᠣᠬᠢᠶᠠᠨ ᠪᠠᠢᠭᠤᠯᠵᠤ ᠨᠠᠷᠢᠨ ᠰᠢᠷᠬᠡᠭ ᠦᠨ ᠦᠢᠯᠡᠳᠪᠦᠷᠢ ᠶᠢᠨ ᠠᠵᠢᠯᠴᠢᠨ ᠤ ᠠᠵᠢᠯ ᠬᠠᠶᠠᠯᠲᠠ ᠶᠢᠨ ᠲᠡᠮᠡᠴᠡᠯ ᠢ ᠬᠠᠮᠠᠭᠠᠯᠠᠭᠰᠠᠨ ᠶᠤᠮ᠃ 1930 ᠣᠨ ᠤ 5 ᠰᠠᠷ᠎ᠠ ᠶᠢᠨ l ᠤ ᠡᠳᠦᠷ ᠲᠡᠷᠡ 《ᠳ᠋ᠡ ᠭᠦᠩ ᠪᠦᠦ》 ᠰᠣᠨᠢᠨ ᠤ ᠬᠣᠷᠢᠶ᠎ᠠ ᠶᠢ ᠡᠪᠳᠡᠨ ᠨᠤᠷᠠᠭᠠᠬᠤ ᠲᠡᠮᠡᠴᠡᠯ ᠢ ᠵᠣᠬᠢᠶᠠᠨ ᠪᠠᠢᠭᠤᠯᠤᠨ ᠤᠳᠤᠷᠢᠳᠴᠠᠢ᠃ ᠤᠷᠪᠠᠭᠴᠢ ᠲᠡᠭᠦᠨ ᠢ ᠬᠤᠳᠠᠯᠳᠤᠭᠰᠠᠨ ᠢᠶᠠᠷ ᠲᠡᠷᠡ ᠬᠣᠶᠠᠷ ᠤᠳᠠᠭ᠎ᠠ ᠪᠠᠷᠢᠪᠴᠢᠯᠠᠭᠳᠠᠨ ᠭᠢᠨᠳᠠᠨ ᠳᠤ ᠬᠣᠷᠢᠭᠳᠠᠪᠠ᠃ 1931 ᠣᠨ ᠠᠴᠠ 1937 ᠣᠨ ᠪᠣᠯᠲᠠᠯ᠎ᠠ 6 ᠵᠢᠯ ᠬᠣᠷᠢᠭᠳᠠᠬᠤ ᠳᠠᠭᠠᠨ ᠲᠡᠷᠡ ᠨᠤᠭᠤᠷᠠᠰᠢ ᠦᠭᠡᠢ ᠲᠡᠮᠡᠴᠡᠯ ᠬᠢᠵᠦ᠂ ᠥᠯᠪᠡᠷᠦᠯ ᠵᠠᠷᠯᠠᠬᠤ ᠲᠡᠮᠡᠴᠡᠯ ᠳᠦ ᠲᠣᠯᠤᠭᠠᠢᠯᠠᠨ ᠣᠷᠤᠯᠴᠠᠵᠤ ᠬᠦᠨᠳᠦ ᠬᠡᠴᠡᠭᠦᠦ ᠰᠢᠯᠭᠠᠯᠲᠠ ᠶᠢ ᠬᠦᠯᠢᠶᠡᠵᠦ ᠬᠣᠵᠢᠮ ᠨᠢ ᠠᠪᠤᠷᠠᠭᠳᠠᠵᠤ ᠭᠢᠨᠳᠠᠨ ᠠᠴᠠ ᠭᠠᠷᠴᠠᠢ᠃ ᠶᠠᠫᠣᠨ ᠢ ᠡᠰᠡᠷᠭᠦᠴᠡᠬᠦ ᠲᠡᠢᠨ ᠦ ᠬᠤᠭᠤᠴᠠᠭᠠᠨ ᠳᠤ ᠰᠦᠸᠧ ᠯᠢ ᠪᠦᠸᠧ ᠨᠠᠢ᠍ᠮᠠᠳᠤᠭᠠᠷ ᠵᠠᠮ ᠤᠨ ᠴᠡᠷᠢᠭ ᠲᠦ ᠣᠷᠤᠵᠤ᠂ ᠱᠠᠨ ᠰᠢ ᠶᠢᠨ ᠪᠠᠷᠠᠭᠤᠨ ᠬᠣᠢᠲᠤᠬᠢ ᠠᠵᠢᠯᠴᠢᠨ ᠤ ᠵᠡᠪᠰᠡᠭᠲᠦ ᠬᠦᠴᠦᠨ ᠦ ᠥᠪᠡᠷ ᠢ᠋ ᠪᠡᠨ ᠬᠠᠮᠠᠭᠠᠯᠠᠬᠤ ᠠᠩᠭᠢ ᠶᠢᠨ ᠠᠩᠭᠢ ᠶᠢᠨ ᠳᠠᠷᠤᠭ᠎ᠠ᠂ ᠱᠠᠨ ᠱᠢ ᠴᠠᠬᠠᠷ᠂ ᠾᠧᠪᠧᠢ ᠶᠢᠨ ᠬᠢᠯᠢ ᠣᠷᠤᠨ ᠤ᠋ ᠳᠣᠲᠤᠭᠠᠳᠤ ᠶ᠋ᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠰᠦᠢᠶᠤᠸᠠᠨ ᠮᠣᠩᠭᠤᠯ ᠤ᠋ᠨ ᠤᠷᠤᠭᠰᠢᠯᠠᠯᠲᠠ ᠶᠢᠨ ᠰᠠᠯᠪᠤᠷᠢ ᠠᠩᠭᠢ ᠶᠢᠨ ᠰᠧᠯᠢᠩᠶᠤᠸᠠᠨ ᠪᠣᠯᠵᠤ ᠥᠩᠭᠡᠷᠡᠪᠡ᠃ ᠴᠢᠯᠥᠭᠡᠯᠡᠬᠦ ᠲᠡᠢᠨ ᠦ ᠦᠶ᠎ᠡ ᠳᠦ᠂ 1946 ᠣᠨ ᠤ ᠡᠬᠢ ᠪᠡᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠮᠢᠯᠠᠯᠲᠠ ᠪᠠᠷ 《ᠬᠣᠣᠰ ᠠᠷᠪᠠᠨ ᠤ ᠬᠡᠯᠡᠯᠴᠡᠭᠡᠷ》 ᠢ ᠬᠡᠷᠡᠭᠵᠢᠭᠦᠯᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠡᠷᠢᠭ ᠦᠨ ᠲᠥᠯᠦᠭᠡᠯᠡᠭᠴᠢ ᠪᠡᠷ ᠲᠣᠮᠢᠯᠠᠭᠳᠠᠨ ᠳ᠋ᠠᠲ᠋ᠦ᠋ᠩ ᠳ᠋ᠦ᠍ ᠣᠷᠤᠵᠤ ᠰᠠᠭᠤᠭᠠᠳ ᠭᠣᠮᠢᠨᠳᠠᠩ ᠯᠤᠭ᠎ᠠ ᠬᠡᠯᠡᠯᠴᠡᠭᠡᠷ ᠬᠢᠵᠦ᠂ ᠬᠣᠵᠢᠮ ᠨᠢ ᠵᠢᠢ ᠵᠦᠩ ᠴᠡᠷᠢᠭ ᠦᠨ ᠲᠣᠭᠤᠷᠢᠭ ᠤᠨ ᠱᠲ᠋ᠠᠪ ᠤᠨ ᠳᠠᠷᠤᠭ᠎ᠠ᠂ ᠾᠧᠪᠧᠢ ᠮᠤᠵᠢ ᠶᠢᠨ ᠴᠡᠷᠢᠭ ᠦᠨ ᠲᠣᠭᠤᠷᠢᠭ ᠤᠨ ᠱᠲ᠋ᠠᠪ ᠤᠨ ᠳᠠᠷᠤᠭ᠎ᠠ ᠪᠣᠯᠪᠠ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ ᠤ ᠳᠠᠷᠠᠭ᠎ᠠ ᠲᠡᠷᠡ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ 20 ᠳ᠋ᠤᠭᠠᠷ ᠴᠡᠷᠢᠭ ᠦᠨ ᠪᠦᠯᠦᠭᠯᠡᠯ ᠦᠨ ᠱᠲ᠋ᠠᠪ ᠤᠨ ᠳᠠᠷᠤᠭ᠎ᠠ᠂ 69  ᠳᠦᠭᠡᠷ ᠠᠷᠮᠢ ᠶᠢᠨ 1  ᠳᠦᠭᠡᠷ ᠳᠡᠳ᠋ ᠠᠷᠮᠢ ᠶᠢᠨ ᠳᠠᠷᠤᠭ᠎ᠠ᠂ ᠪᠡᠭᠡᠵᠢᠩ ᠦᠨ ᠴᠡᠷᠢᠭ ᠦᠨ ᠲᠣᠭᠤᠷᠢᠭ ᠤᠨ ᠳᠡᠳ᠋ ᠱᠲ᠋ᠠᠪ ᠤᠨ ᠳᠠᠷᠤᠭ᠎ᠠ ᠪᠣᠯᠪᠠ᠃ 1952 ᠣᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠨᠠᠨᠵᠢᠩ ᠤᠨ ᠴᠡᠷᠢᠭ ᠲᠡᠢᠨ ᠦ ᠳᠡᠭᠡᠳᠦ ᠰᠤᠷᠭᠠᠭᠤᠯᠢ ᠳᠤ ᠰᠤᠷᠤᠯᠴᠠᠵᠤ᠂ 1955 ᠣᠨ ᠳᠤ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠬᠣᠰᠢᠭᠤᠴᠢ ᠭᠧᠨᠧᠷᠡᠯ ᠦ᠋ᠨ ᠴᠣᠯᠠ ᠣᠯᠵᠤ ᠬᠣᠶᠠᠳᠤᠭᠠᠷ ᠲᠠᠰ ᠤᠨ ᠲᠤᠰᠠᠭᠠᠷ ᠲᠣᠭᠲᠠᠨᠢᠯ ᠡᠷᠬᠡ ᠴᠢᠯᠥᠭᠡᠨ ᠦ ᠣᠳᠤᠨ ᠮᠧᠳᠠᠯ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ 1  ᠳᠦᠭᠡᠷ ᠲᠠᠰ ᠤᠨ ᠴᠢᠯᠦᠭᠡᠯᠡᠯᠲᠡ ᠣᠳᠤᠨ ᠮᠧᠳᠠᠯ ᠠᠴᠠ ᠭᠠᠷᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ 7 ᠳ᠋ᠤᠭᠠᠷ ᠤᠳᠠᠭᠠᠨ ᠤ ᠪᠥᠬᠦ ᠤᠯᠤᠰ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠲᠥᠯᠦᠭᠡᠯᠡᠭᠴᠢ ᠪᠡᠷ ᠰᠣᠩᠭᠤᠭᠳᠠᠵᠠᠢ᠃ 《ᠰᠣᠶᠤᠯ ᠤᠨ ᠶᠡᠬᠡ ᠬᠤᠪᠢᠰᠭᠠᠯ》 ᠳᠤᠮᠳᠠ ᠰᠦᠷᠡᠬᠡᠢ ᠬᠣᠣᠷ ᠠᠮᠰᠠᠵᠤ 1972 ᠣᠨ ᠳᠤ ᠪᠡᠭᠡᠵᠢᠩ ᠳᠦ ᠬᠢᠯᠢᠰ ᠢᠶᠡᠷ ᠨᠠᠰᠤ ᠨᠥᠭᠴᠢᠪᠡ᠂ ᠲᠤᠬᠠᠶ ᠤ᠋ᠨ ᠵᠢᠯ ᠳᠦ ᠰᠠᠶᠢ 66 ᠨᠠᠰᠤᠲᠠᠢ ᠶᠤᠮ᠃