ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠠᠩ ᠴᠧᠩ ᠭᠠᠩ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠠᠩ ᠴᠧᠩ ᠭᠠᠩ ︵ 1965—— ︶ ᠪᠥᠬᠦ ᠤᠯᠤᠰ ᠤᠨ ᠰᠢᠯᠢᠳᠡᠭ ᠠᠷᠠᠳ ᠤᠨ ᠴᠠᠭᠳᠠᠭ᠎ᠠ᠂ ᠪᠥᠬᠦ ᠣᠷᠤᠨ ᠤ᠋ ᠰᠢᠯᠢᠳᠡᠭ ᠵᠠᠯᠠᠭᠤᠴᠤᠳ ᠤᠨ ᠲᠤᠭᠴᠢ᠂ ᠥᠪᠦᠷ ᠮᠣᠩᠭᠤᠯ ᠤ᠋ᠨ ᠵᠠᠯᠠᠢᠳ ᠬᠣᠰᠢᠭᠤᠨ ᠳᠤ ᠨᠤᠲᠤᠭ ᠲᠠᠢ᠂ ᠮᠣᠩᠭᠤᠯ ᠦᠨᠳᠦᠰᠦᠲᠡᠨ᠃ 1983 ᠣᠨ ᠤ 10 ᠰᠠᠷ᠎ᠠ ᠳᠤ ᠴᠡᠷᠢᠭ ᠲᠦ ᠣᠷᠤᠵᠤ᠂ 1987 ᠣᠨ ᠤ 3 ᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ ᠵᠠᠯᠠᠢᠳ ᠬᠣᠰᠢᠭᠤᠨ ᠤ ᠳᠣᠲᠤᠭᠠᠳᠤ ᠶ᠋ᠢ ᠬᠠᠮᠠᠭᠠᠯᠠᠬᠤ ᠭᠠᠯ ᠤᠨᠲᠠᠷᠠᠭᠠᠬᠤ ᠰᠠᠯᠠᠭ᠎ᠠ ᠶᠢᠨ ᠱᠲ᠋ᠠᠪᠴᠢ᠂ ᠵᠠᠯᠠᠢᠳ ᠬᠣᠰᠢᠭᠤᠨ ᠤ ᠭᠠᠯ ᠤᠨᠲᠠᠷᠠᠭᠠᠬᠤ ᠳᠤᠮᠳᠠ ᠠᠩᠭᠢ ᠶᠢᠨ ᠳᠡᠳ᠋ ᠳᠠᠷᠤᠭ᠎ᠠ᠂ ᠳᠤᠮᠳᠠ ᠠᠩᠭᠢ ᠶᠢᠨ ᠳᠠᠷᠤᠭ᠎ᠠ᠂ ᠵᠠᠯᠠᠢᠳ ᠬᠣᠰᠢᠭᠤᠨ ᠤ ᠭᠠᠯ ᠤᠨᠲᠠᠷᠠᠭᠠᠬᠤ ᠶᠡᠬᠡ ᠠᠩᠭᠢ ᠶᠢᠨ ᠳᠡᠳ᠋ ᠳᠠᠷᠤᠭ᠎ᠠ᠂ ᠶᠡᠬᠡ ᠠᠩᠭᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠣᠳᠣ ᠳ᠋ᠠᠭᠠᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠭᠠᠯ ᠤᠨᠲᠠᠷᠠᠭᠠᠬᠤ ᠶᠡᠬᠡ ᠠᠩᠭᠢ ᠶᠢᠨ ᠳᠠᠷᠤᠭ᠎ᠠ ᠪᠠᠷ ᠠᠵᠢᠯᠯᠠᠵᠤ ᠪᠠᠢᠳᠠᠭ᠂ ᠲᠡᠷᠡ ᠭᠠᠯ ᠤᠨᠲᠠᠷᠠᠭᠠᠬᠤ ᠠᠵᠢᠯ ᠳᠤ ᠳᠤᠷ᠎ᠠ ᠪᠠᠬᠠᠲᠠᠢ᠃ ᠵᠠᠯᠠᠢᠳ ᠬᠣᠰᠢᠭᠤᠨ ᠤ ᠳᠣᠲᠤᠭᠠᠳᠤ ᠶ᠋ᠢ ᠬᠠᠮᠠᠭᠠᠯᠠᠬᠤ ᠲᠣᠪᠴᠢᠶᠠᠨ ᠤ ᠭᠠᠯ ᠤᠨᠲᠠᠷᠠᠭᠠᠬᠤ ᠰᠠᠯᠠᠭ᠎ᠠ ᠳᠤ ᠠᠵᠢᠯᠯᠠᠵᠤ ᠪᠠᠢᠭ᠎ᠠ ᠬᠤᠭᠤᠴᠠᠭᠠᠨ ᠳᠠᠭᠠᠨ ᠭᠠᠭᠴᠠ ᠪᠡᠶ᠎ᠡ ᠪᠡᠷ ᠳᠤᠭᠤᠶ ᠲᠡᠷᠭᠡ ᠪᠡᠷ ᠪᠥᠬᠦ ᠬᠣᠰᠢᠭᠤ ᠳᠠᠶᠠᠭᠠᠷ ᠶᠠᠪᠤᠵᠤ ᠭᠠᠯ ᠤᠨᠲᠠᠷᠠᠭᠠᠬᠤ ᠠᠶᠤᠯ ᠦᠭᠡᠢ ᠠᠵᠢᠯ ᠢ ᠨᠠᠢᠳᠠᠪᠤᠷᠢᠵᠢᠭᠤᠯᠤᠭᠰᠠᠨ ᠪᠠᠢᠳᠠᠯ ᠢ ᠪᠠᠢᠴᠠᠭᠠᠪᠠ᠃ ᠳᠤᠮᠳᠠ ᠠᠩᠭᠢ ᠶᠢᠨ ᠳᠡᠳ᠋ ᠳᠠᠷᠤᠭ᠎ᠠ ᠪᠠᠢᠬᠤ ᠳᠠᠭᠠᠨ ᠲᠡᠷᠡ ᠥᠪᠡᠷ ᠦ᠋ᠨ ᠪᠡᠶ᠎ᠡ ᠪᠡᠷ ᠲᠡᠷᠢᠭᠦᠯᠡᠨ ᠪᠠᠢᠯᠳᠤᠭᠴᠢᠳ ᠢᠶᠠᠨ ᠳᠠᠭᠠᠭᠤᠯᠵᠤ ᠬᠠᠲᠠᠭᠤᠵᠢᠯᠲᠠᠢ ᠪᠣᠯᠪᠠᠰᠤᠷᠠᠯ ᠬᠢᠵᠦ᠂ ᠪᠣᠯᠪᠠᠰᠤᠷᠠᠩᠭᠤᠢ ᠡᠷᠳᠡᠮ ᠴᠢᠳᠠᠪᠤᠷᠢ ᠶᠢ ᠡᠵᠡᠮᠰᠢᠨ ᠡᠯ᠎ᠡ ᠵᠦᠢᠯ ᠦᠨ ᠤᠷᠤᠯᠳᠤᠭᠠᠨ ᠳᠤ ᠣᠯᠠᠨ ᠤᠳᠠᠭ᠎ᠠ ᠣᠷᠤᠢᠯᠠᠵᠤ ᠶᠡᠬᠡ ᠠᠩᠭᠢ ᠶᠢᠨ ᠳᠠᠷᠤᠭ᠎ᠠ ᠪᠣᠯᠤᠨ ᠳᠠᠪᠰᠢᠭᠰᠠᠨ ᠶᠤᠮ᠃ ᠲᠡᠷᠡ ᠪᠥᠬᠦ ᠲᠠᠯ᠎ᠠ ᠶᠢᠨ ᠠᠵᠢᠯ ᠢ ᠡᠷᠬᠢᠯᠡᠭᠰᠡᠨ ᠬᠤᠭᠤᠴᠠᠭᠠᠨ ᠳᠠᠭᠠᠨ ᠡᠯ᠎ᠡ ᠵᠦᠢᠯ ᠦᠨ ᠠᠵᠢᠯ ᠢᠶᠠᠨ ᠴᠥᠮ ᠭᠢᠯᠠᠯᠵᠠᠲᠠᠯ᠎ᠠ ᠬᠢᠵᠦ ᠮᠠᠩᠯᠠᠢ ᠳᠤᠨᠢ ᠭᠠᠷᠤᠭᠰᠠᠨ ᠢᠶᠠᠷ ᠲᠡᠭᠦᠨ ᠦ ᠠᠩᠭᠢ ᠶᠢ ᠥᠪᠡᠷᠲᠡᠭᠡᠨ ᠵᠠᠰᠠᠬᠤ ᠣᠷᠤᠨ ᠤ᠋ ᠡᠪᠯᠡᠯ ᠦᠨ ᠬᠣᠷᠢᠶ᠎ᠠ᠂ ᠥᠪᠡᠷᠲᠡᠭᠡᠨ ᠵᠠᠰᠠᠬᠤ ᠣᠷᠤᠨ ᠤ᠋ ᠳᠣᠲᠤᠭᠠᠳᠤ ᠶ᠋ᠢ ᠬᠠᠮᠠᠭᠠᠯᠠᠬᠤ ᠲᠢᠩᠬᠢᠮ ᠡᠴᠡ 《ᠵᠠᠯᠠᠭᠤᠴᠤᠳ ᠤᠨ ᠪᠣᠯᠪᠠᠰᠤᠨ ᠨᠢᠭᠡᠴᠡ》 ᠪᠡᠷ ᠨᠡᠷᠡᠢᠳᠦᠭᠰᠡᠨ ᠶᠤᠮ᠃ 2000 ᠣᠨ ᠤ 4 ᠰᠠᠷ᠎ᠠ ᠳᠤ ᠲᠡᠷᠡ ᠠᠵᠢᠯ ᠰᠢᠯᠵᠢᠭᠡᠳ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠳᠣᠲᠤᠭᠠᠳᠤ ᠶ᠋ᠢ ᠬᠠᠮᠠᠭᠠᠯᠠᠬᠤ ᠲᠣᠪᠴᠢᠶᠠᠨ ᠤ ᠭᠠᠯ ᠤᠨᠲᠠᠷᠠᠭᠠᠬᠤ ᠶᠡᠬᠡ ᠠᠩᠭᠢ ᠶᠢᠨ ᠳᠠᠷᠤᠭ᠎ᠠ ᠪᠣᠯᠤᠭᠰᠠᠨ ᠤ᠋ ᠳᠠᠷᠠᠭ᠎ᠠ᠂ ᠠᠷᠠᠳ ᠲᠦᠮᠡᠨ ᠦ ᠠᠰᠢᠭ ᠲᠤᠰᠠ ᠠᠯᠢᠪᠠ ᠠᠴᠠ ᠡᠷᠬᠢᠮ᠂ ᠭᠠᠯ ᠤᠨᠲᠠᠷᠠᠭᠠᠬᠤ ᠠᠩᠭᠢ ᠶᠢᠨ ᠳᠦᠷᠢ ᠲᠥᠷᠬᠦ ᠠᠮᠢ ᠨᠠᠰᠤ ᠠᠴᠠ ᠬᠦᠨᠳᠦ ᠬᠡᠮᠡᠬᠦ ᠦᠵᠡᠯᠲᠡ ᠪᠡᠷ ᠦᠶᠡᠷ ᠤᠰᠤᠨ ᠠᠴᠠ ᠪᠣᠯᠤᠭᠰᠠᠨ ᠰᠢᠪᠠᠷ ᠱᠠᠯᠴᠢᠭ ᠤ᠋ᠨ ᠡᠮᠦᠨ᠎ᠡ ᠦᠨᠳᠦᠰᠦᠨ ᠪᠦᠲᠦᠭᠡᠨ ᠪᠠᠢᠭᠤᠯᠤᠯᠲᠠ ᠠᠴᠠ ᠭᠠᠷᠳᠠᠨ ᠬᠢᠵᠦ᠂ 2001 ᠣᠨ ᠤ 4 ᠰᠠᠷ᠎ᠠ ᠠᠴᠠ ᠡᠬᠢᠯᠡᠨ ᠶᠡᠬᠡ ᠠᠩᠭᠢ ᠶᠢᠨ ᠬᠤᠸᠠᠷᠠᠨ ᠢᠶᠠᠨ ᠴᠡᠴᠡᠷᠯᠢᠭ ᠱᠢ ᠪᠣᠯᠭᠠᠵᠤ᠂ ᠲᠤᠬᠠᠶ ᠤ᠋ᠨ ᠣᠷᠤᠨ ᠤ᠋ ᠨᠢᠭᠡᠨ ᠦᠵᠡᠮᠵᠢ ᠪᠣᠯᠭᠠᠵᠠᠢ᠃ ᠡᠭᠦᠨ ᠳᠦ ᠠᠢᠮᠠᠭ ᠤᠨ ᠳᠣᠲᠤᠭᠠᠳᠤ ᠶ᠋ᠢ ᠬᠠᠮᠠᠭᠠᠯᠠᠬᠤ ᠲᠣᠪᠴᠢᠶ᠎ᠠ ᠪᠣᠯᠤᠨ ᠰᠠᠯᠪᠤᠷᠢ ᠠᠩᠭᠢ ᠠᠴᠠ ᠲᠡᠭᠦᠨ ᠦ ᠶᠡᠬᠡ ᠠᠩᠭᠢ ᠳᠤ 《ᠴᠡᠷᠢᠭ ᠠᠩᠭᠢ ᠶᠢᠨ ᠦᠨᠳᠦᠰᠦᠨ ᠱᠠᠲᠤᠨ ᠤ ᠳᠦᠷᠢᠮᠵᠢᠯᠡᠭᠰᠡᠨ ᠪᠦᠲᠦᠭᠡᠨ ᠪᠠᠢᠭᠤᠯᠤᠯᠲᠠ ᠶᠢᠨ ᠠᠬᠤᠢ ᠬᠤᠷᠠᠯ》 ᠬᠤᠷᠠᠯᠳᠤᠭᠤᠯᠵᠤ ᠲᠠᠩ ᠴᠧᠩ ᠭᠠᠩ ᠠᠴᠠ ᠰᠤᠷᠤᠯᠴᠠᠬᠤ ᠮᠡᠳᠡᠭᠳᠡᠯ ᠭᠠᠷᠭᠠᠵᠠᠢ᠃ 1996 ᠣᠨ ᠤ 5 ᠰᠠᠷ᠎ᠠ ᠳᠤ ᠲᠡᠷᠡ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠡᠪᠯᠡᠯ ᠦᠨ ᠬᠣᠷᠢᠶ᠎ᠠ ᠠᠴᠠ ᠨᠡᠷᠡᠯᠡᠭᠰᠡᠨ 《ᠪᠥᠬᠦ ᠣᠷᠤᠨ ᠤ᠋ ᠰᠢᠯᠢᠳᠡᠭ ᠵᠠᠯᠠᠭᠤᠴᠤᠳ ᠤᠨ ᠲᠤᠭᠴᠢ》 ᠪᠣᠯᠵᠤ r5 . 4 ᠵᠠᠯᠠᠭᠤᠴᠤᠳ ᠤᠨ ᠱᠠᠩᠨᠠᠯ ᠤᠨ ᠣᠳᠤᠨ ᠮᠧᠳᠠᠯ》 ᠠᠴᠠ ᠭᠠᠷᠳᠠᠵᠠᠢ᠃ ᠲᠤᠰ ᠵᠢᠯ ᠦᠨ 8 ᠰᠠᠷ᠎ᠠ ᠳᠤ ᠲᠥᠷᠦ ᠶᠢᠨ ᠳᠣᠲᠤᠭᠠᠳᠤ ᠶ᠋ᠢ ᠬᠠᠮᠠᠭᠠᠯᠠᠬᠤ ᠶᠠᠮᠤᠨ ᠠᠴᠠ ᠲᠡᠭᠦᠨ ᠢ 《ᠪᠥᠬᠦ ᠤᠯᠤᠰ ᠤᠨ ᠰᠢᠯᠢᠳᠡᠭ ᠠᠷᠠᠳ ᠤᠨ ᠴᠠᠭᠳᠠᠭ᠎ᠠ》 ᠪᠠᠷ ᠴᠣᠯᠠᠯᠠᠭᠰᠠᠨ ᠶᠤᠮ᠃