ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠮᠡᠯᠲᠡᠬᠦᠳ ᠬᠠᠰ᠊ᠭᠤᠸ᠎ᠠ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠮᠡᠯᠲᠡᠬᠦᠳ ᠬᠠᠰ᠊ᠭᠤᠸ᠎ᠠ ᠪᠤᠭᠤᠲᠤ ᠬᠣᠲᠠ ᠶ᠋ᠢᠨ ᠮᠣᠩᠭᠤᠯ ᠦᠨᠳᠦᠰᠦᠲᠡᠨ ᠦ᠌ ᠳᠤᠮᠳᠠᠳᠤ ᠰᠤᠷᠭᠠᠭᠤᠯᠢ ᠶ᠋ᠢᠨ ᠳᠡᠭᠡᠳᠦ ᠳᠡᠰ ᠦ᠋ᠨ ᠪᠠᠭᠰᠢ᠂ ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠵᠣᠬᠢᠶᠠᠯᠴᠢᠳ ᠤ᠋ᠨ ᠨᠡᠢᠭᠡᠮᠯᠢᠭ ᠦ᠋ᠨ ᠭᠡᠰᠢᠭᠦᠨ᠃1966 ᠣᠨ ᠳ᠋ᠤ᠌ ᠵᠢᠷᠢᠮ ᠠᠢᠮᠠᠭ ᠤ᠋ᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ᠋ ᠪᠠᠭᠠᠳᠠᠯ᠎ᠠ ᠰᠤᠮᠤ ᠶ᠋ᠢᠨ ᠮᠠᠨᠢᠳᠠᠷᠢᠶ᠎ᠠ ᠠᠢᠯ ᠳ᠋ᠤ᠌ ᠡᠴᠢᠭᠡ ᠶᠣᠨᠳᠤᠨ᠂ ᠡᠬᠡ ᠵᠢᠨᠵᠢᠬᠤᠸᠠᠷ ᠤ᠋ᠨ ᠬᠣᠶᠠᠳᠤᠭᠠᠷ ᠦᠷ᠎ᠡ ᠤᠤᠭᠠᠨ ᠥᠬᠢᠨ ᠨᠢ ᠪᠣᠯᠵᠤ ᠵᠠᠶᠠᠭᠠᠵᠠᠢ᠃1988 ᠣᠨ ᠳ᠋ᠤ᠌ ᠥᠪᠦᠷ ᠮᠣᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠤᠯ ᠬᠡᠯᠡ ᠤᠳᠭ᠎ᠠ ᠵᠣᠬᠢᠶᠠᠯ ᠤ᠋ᠨ ᠰᠠᠯᠪᠤᠷᠢ ᠶ᠋ᠢᠨ ᠵᠢᠩᠬᠢᠨᠢ ᠠᠩᠭᠢ ᠳ᠋ᠤ᠌ ᠡᠯᠰᠡᠭᠳᠡᠨ ᠰᠤᠷᠤᠯᠴᠠᠵᠤ᠂1992 ᠣᠨ ᠳ᠋ᠤ᠌ ᠰᠤᠷᠤᠯᠭ᠎ᠠ ᠪᠠᠨ ᠲᠡᠭᠦᠰᠭᠡᠭᠡᠳ ᠪᠤᠭᠤᠲᠤ ᠶ᠋ᠢᠨ ᠮᠣᠩᠭᠤᠯ ᠳᠤᠮᠳᠠᠳᠤ ᠰᠤᠷᠭᠠᠭᠤᠯᠢ ᠳ᠋ᠤ᠌ ᠵᠢᠭᠠᠨ ᠰᠤᠷᠭᠠᠬᠤ ᠠᠵᠢᠯ ᠳ᠋ᠤ᠌ ᠭᠠᠷᠤᠭᠰᠠᠨ ᠠ᠋ᠴᠠ ᠨᠠᠭᠠᠰᠢ ᠬᠢᠴᠢᠶᠡᠯ ᠬᠥᠮᠦᠵᠢᠯ ᠦ᠋ᠨ ᠲᠠᠢᠰᠠᠨ ᠳᠡᠭᠡᠷ᠎ᠡ ᠬᠣᠷᠢᠭᠠᠳ ᠵᠢᠯ ᠭᠠᠪᠰᠢᠭᠠᠢᠯᠠᠵᠠᠢ᠃2010ᠣᠨ ᠠ᠋ᠴᠠ ᠠᠵᠢᠯ ᠤ᠋ᠨ ᠴᠢᠯᠦᠭᠡ ᠪᠡᠷ ᠢ᠋ᠶ᠋ᠡᠨ ᠤᠷᠠᠨ ᠵᠣᠬᠢᠶᠠᠯ ᠤᠷᠤᠯᠳᠤᠵᠤ ᠬᠣᠯᠪᠤᠭ᠎ᠠ ᠰᠦᠯᠵᠢᠶᠡᠨ ᠳᠡᠭᠡᠷ᠎ᠡ ᠵᠣᠬᠢᠶᠠᠯ ᠨᠡᠢᠲᠡᠯᠡᠨ ᠪᠠᠢᠭᠰᠠᠨ ᠢ᠋ᠶ᠋ᠠᠨ︽ ᠥᠨᠢᠷ ᠴᠡᠴᠡᠭ︾ ᠰᠡᠳᠭᠦᠯ ᠳᠡᠭᠡᠷ᠎ᠡ︽ ᠬᠠᠯᠠᠭᠤᠨ ᠡᠯᠢᠭᠡᠨ ᠨᠤᠲᠤᠭ︾᠂︽ ᠺᠢᠨᠣ᠋ ᠳᠠᠭᠠᠵᠤ ᠭᠦᠶᠦᠯᠴᠡᠭᠰᠡᠨ ᠪᠠᠭ᠎ᠠ ᠨᠠᠰᠤ︾ ᠵᠡᠷᠭᠡ ᠨᠠᠢᠷᠠᠭᠤᠯᠤᠯ ᠢ᠋ᠶ᠋ᠠᠨ ᠨᠡᠢᠲᠡᠯᠡᠭᠦᠯᠦᠨ ᠤᠷᠠᠨ ᠵᠣᠬᠢᠶᠠᠯ ᠤ᠋ᠨ ᠵᠠᠮ ᠳ᠋ᠤ᠌ ᠵᠢᠯᠤᠭᠤ ᠰᠤᠩᠭᠠᠵᠤ ᠡᠬᠢᠯᠡᠪᠡ᠃︽ ᠵᠢᠷᠢᠮ ᠦ᠋ᠨ ᠤᠷᠠᠨ ᠵᠣᠬᠢᠶᠠᠯ︾᠂︽ ᠥᠪᠦᠷ ᠮᠣᠩᠭᠤᠯ ᠤ᠋ᠨ ᠵᠠᠯᠠᠭᠤᠴᠤᠳ︾᠂︽ ᠥᠪᠦᠷ ᠮᠣᠩᠭᠤᠯ ᠤ᠋ᠨ ᠡᠮᠡᠭᠲᠡᠢᠴᠦᠳ︾᠂︽ ᠮᠥᠩᠬᠡ ᠲᠤᠯᠭ᠎ᠠ︾ ᠵᠡᠷᠭᠡ ᠰᠡᠳᠭᠦᠯ ᠳᠡᠭᠡᠷ᠎ᠡ ᠡᠳᠦᠢ ᠲᠡᠳᠦᠢ ᠨᠠᠢᠷᠠᠭᠤᠯᠤᠯ ᠨᠡᠢᠲᠡᠯᠡᠭᠦᠯᠵᠦ᠂2012 ᠣᠨ ᠳ᠋ᠤ᠌︽ ᠬᠠᠯᠠᠭᠤᠨ ᠡᠯᠢᠭᠡᠨ ᠨᠤᠲᠤᠭ︾ ᠭᠡᠬᠦ ᠨᠠᠢᠷᠠᠭᠤᠯᠤᠯ ᠤ᠋ᠨ ᠲᠡᠭᠦᠪᠦᠷᠢ ᠪᠡᠨ ᠬᠡᠪᠯᠡᠭᠦᠯᠵᠡᠢ᠃ ᠲᠡᠭᠦᠨ ᠦ᠌︽ ᠠᠰᠠᠨ ᠳᠦᠷᠡᠯᠵᠡᠬᠦ ᠠᠮᠢ ᠨᠠᠰᠤᠨ ᠤ᠋ ᠨᠣᠭᠤᠭᠠᠨ ᠳᠥᠯᠦ︾ ᠨᠠᠢᠷᠠᠭᠤᠯᠤᠯ ᠨᠢ ᠣᠷᠴᠢᠭᠤᠯᠤᠭᠳᠠᠨ ᠬᠢᠲᠠᠳ ᠬᠡᠪᠯᠡᠯ ᠦ᠋ᠨ ᠴᠥᠭᠡᠨ ᠲᠣᠭᠠᠲᠤ ᠦᠨᠳᠦᠰᠦᠲᠡᠨ ᠦ᠌ ᠤᠷᠠᠨ ᠵᠣᠬᠢᠶᠠᠯᠴᠢᠳ ᠤ᠋ᠨ ᠰᠣᠩᠭᠤᠮᠠᠯ ᠳ᠋ᠤ᠌ ᠣᠷᠤᠪᠠ᠃ ᠲᠡᠷᠡ ᠪᠡᠷ ᠪᠤᠭᠤᠲᠤ ᠬᠣᠲᠠ ᠭᠡᠬᠦ ᠡᠨᠡ ᠬᠦ ᠮᠣᠩᠭᠤᠯ ᠬᠡᠯᠡᠨ ᠦ᠌ ᠣᠷᠴᠢᠨ ᠬᠠᠷᠢᠴᠠᠩᠭᠤᠢ ᠲᠠᠴᠢᠷ ᠬᠥᠷᠦᠰᠦᠨ ᠳ᠋ᠦ᠍ ᠤᠳᠠᠭᠠᠨ ᠵᠢᠯ ᠦ᠋ᠨ ᠲᠤᠷᠰᠢ ᠠᠮᠢ ᠲᠡᠮᠡᠴᠡᠨ ᠠᠵᠢᠯᠯᠠᠬᠤ ᠳ᠋ᠤ᠌ ᠪᠠᠨ ᠣᠯᠳᠠᠭᠰᠠᠨ ᠬᠡᠳᠦᠨ ᠬᠡᠦᠬᠡᠳ ᠦ᠋ᠨ ᠢ᠋ᠶ᠋ᠡᠨ ᠬᠡᠯᠡ ᠶᠢ ᠨᠢ ᠪᠦᠲᠦᠨ ᠰᠠᠢᠬᠠᠨ ᠦᠯᠡᠳᠡᠭᠡᠬᠦ ᠬᠡᠮᠡᠭᠴᠢ ᠮᠡᠷᠡᠢᠨ ᠠᠵᠢᠯᠯᠠᠵᠤ ᠰᠤᠷᠤᠭᠴᠢᠳ ᠤ᠋ᠨ ᠵᠣᠬᠢᠶᠠᠯ ᠪᠢᠴᠢᠯᠭᠡ ᠶᠢ ᠳᠡᠭᠡᠭᠰᠢᠯᠡᠭᠦᠯᠬᠦ ᠶᠢ ᠮᠠᠰᠢ ᠠᠩᠬᠠᠷᠴᠠᠢ᠃ ᠡᠢᠨ ᠬᠦ ᠨᠠᠢ᠍ᠮᠠᠨ ᠮᠤᠵᠢ ᠣᠷᠤᠨ ᠤ᠋ ᠶᠡᠬᠡ᠂ ᠳᠡᠭᠡᠳᠦ᠂ ᠳᠤᠮᠳᠠᠳᠤ ᠰᠤᠷᠭᠠᠭᠤᠯᠢ ᠶ᠋ᠢᠨ ᠰᠤᠷᠤᠭᠴᠢᠳ ᠤ᠋ᠨ︽ ᠨᠠᠢ᠍ᠮᠠᠨ ᠰᠢᠷᠭ᠎ᠠ︾ ᠵᠣᠬᠢᠶᠠᠨ ᠪᠢᠴᠢᠯᠭᠡ ᠶ᠋ᠢᠨ ᠤᠷᠤᠯᠳᠤᠭᠠᠨ ᠳ᠋ᠤ᠌ ᠬᠡᠳᠦᠨᠲᠡ ᠰᠢᠯᠢᠳᠡᠭ ᠵᠢᠯᠤᠭᠤᠳᠤᠭᠴᠢ ᠪᠠᠭᠰᠢ ᠪᠠᠷ ᠦᠨᠡᠯᠡᠭᠳᠡᠪᠡ᠃ 2013ᠣᠨ ᠤ᠋6 ᠰᠠᠷ᠎ᠠ ᠳ᠋ᠤ᠌ ᠯᠣ᠋ ᠰᠢᠶᠦ᠋ᠨ ᠤᠳᠭ᠎ᠠ ᠵᠣᠬᠢᠶᠠᠯ ᠤ᠋ᠨ ᠬᠦᠷᠢᠶᠡᠯᠡᠩ ᠦ᠋ᠨ ᠳᠥᠷᠪᠡᠳᠦᠭᠡᠷ ᠬᠤᠭᠤᠴᠠᠭᠠᠨ ᠤ᠋ ᠴᠥᠭᠡᠨ ᠲᠣᠭᠠᠲᠤ ᠦᠨᠳᠦᠰᠦᠲᠡᠨ ᠦ᠌ ᠤᠳᠭ᠎ᠠ ᠵᠣᠬᠢᠶᠠᠯ ᠤ᠋ᠨ ᠪᠣᠯᠪᠠᠰᠤᠷᠠᠯ ᠤ᠋ᠨ ᠠᠩᠭᠢ ᠳ᠋ᠤ᠌ ᠰᠤᠷᠤᠯᠴᠠᠵᠤ᠂2016 ᠣᠨ ᠤ᠋5 ᠰᠠᠷ᠎ᠠ ᠳ᠋ᠤ᠌ ᠪᠦᠬᠦ ᠣᠷᠤᠨ ᠤ᠋ ᠭᠤᠷᠪᠠᠳᠤᠭᠠᠷ ᠬᠤᠭᠤᠴᠠᠭᠠᠨ ᠤ᠋ ᠮᠣᠩᠭᠤᠯ ᠬᠡᠦᠬᠡᠳ ᠦ᠋ᠨ ᠤᠷᠠᠨ ᠵᠣᠬᠢᠶᠠᠯ ᠤ᠋ᠨ ᠵᠠᠯᠠᠭᠤ ᠵᠣᠬᠢᠶᠠᠯᠴᠢᠳ ᠤ᠋ᠨ ᠪᠣᠯᠪᠠᠰᠤᠷᠠᠯ ᠤ᠋ᠨ ᠠᠩᠭᠢ ᠳ᠋ᠤ᠌ ᠰᠤᠷᠤᠯᠴᠠᠭᠰᠠᠨ ᠪᠠ2017 ᠣᠨ ᠤ᠋12 ᠰᠠᠷ᠎ᠠ ᠳ᠋ᠤ᠌ ᠪᠦᠬᠦ ᠣᠷᠤᠨ ᠤ᠋ ᠭᠤᠷᠪᠠᠳᠤᠭᠠᠷ ᠬᠤᠭᠤᠴᠠᠭᠠᠨ ᠤ᠋ ᠮᠡᠳᠡᠭᠡᠯᠡᠯ ᠦ᠋ᠨ ᠤᠷᠠᠨ ᠵᠣᠬᠢᠶᠠᠯ ᠤ᠋ᠨ ᠵᠠᠯᠠᠭᠤ ᠵᠣᠬᠢᠶᠠᠯᠴᠢᠳ ᠤ᠋ᠨ ᠪᠣᠯᠪᠠᠰᠤᠷᠠᠯ ᠤ᠋ᠨ ᠠᠩᠭᠢ ᠳ᠋ᠤ᠌ ᠰᠤᠷᠤᠯᠴᠠᠪᠠ᠃