ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠡᠮᠦᠷ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠡᠮᠦᠷ ︵ 1950—— ︶ ᠨᠢᠭᠡᠳᠦᠭᠡᠷ ᠲᠠᠰ ᠤᠨ ᠭᠠᠪᠢᠶᠠᠲᠠᠨ᠂ ᠥᠪᠡᠷ ᠲᠡᠭᠡᠨ ᠬᠦᠴᠦᠷᠬᠡᠭᠵᠢᠭᠰᠡᠨ ᠵᠢᠰᠢᠶᠠᠴᠢ᠃ ᠥᠪᠦᠷ ᠮᠣᠩᠭᠤᠯ ᠤ᠋ᠨ ᠲᠦᠩᠯᠢᠶᠣᠣ ᠬᠣᠲᠠ ᠶᠢᠨ ᠨᠠᠢ᠍ᠮᠠᠨ ᠬᠣᠰᠢᠭᠤᠨ ᠤ ᠪᠠᠶᠠᠨᠲᠠᠯ᠎ᠠ ᠰᠢᠶᠠᠩ ᠤᠨ ᠶᠠᠰᠤᠲᠤ ᠶᠢᠨ ᠠᠢᠯ ᠳᠤ ᠨᠤᠲᠤᠭ ᠲᠠᠢ᠃ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠬᠣᠰᠢᠭᠤᠴᠢ ᠬᠤᠷᠠᠩᠳᠠ ᠮᠥᠨ᠃ 1972 ᠣᠨ ᠤ 3 ᠰᠠᠷ᠎ᠠ ᠳᠤ ᠨᠠᠮ ᠳᠤ ᠣᠷᠤᠵᠤ᠂ ᠲᠤᠰ ᠵᠢᠯ ᠦᠨ 12 ᠰᠠᠷ᠎ᠠ ᠳᠤ ᠴᠡᠷᠢᠭ ᠲᠦ ᠣᠷᠤᠵᠠᠢ᠃ 1977 ᠣᠨ ᠤ 10 ᠰᠠᠷ᠎ᠠ ᠶᠢᠨ 27 ᠤ ᠡᠳᠦᠷ᠂ ᠨᠢᠭᠡᠨᠲᠡ ᠴᠡᠷᠢᠭ ᠦᠨ ᠠᠯᠪᠠ ᠬᠠᠭᠠᠭᠠᠳ ᠢᠯᠡᠭᠦᠦ ᠬᠣᠶᠠᠷ ᠵᠢᠯ ᠪᠣᠯᠤᠭᠰᠠᠨ ᠲᠡᠷᠡ ᠪᠠᠢᠯᠳᠤᠭᠴᠢᠳ ᠢ ᠳᠠᠭᠠᠭᠤᠯᠵᠤ ᠡᠪᠡᠰᠦ ᠬᠡᠷᠴᠢᠬᠦ ᠳᠡᠭᠡᠨ ᠬᠠᠮᠤᠭ ᠲᠦᠷᠦᠭᠦᠨ ᠳᠦ ᠡᠪᠡᠰᠦ ᠠᠳᠭᠤᠵᠤ ᠡᠪᠡᠰᠦ ᠬᠡᠷᠴᠢᠬᠦ ᠮᠠᠰᠢᠨ ᠳᠣᠲᠤᠷ᠎ᠠ ᠲᠦᠯᠬᠢᠨ ᠣᠷᠤᠭᠤᠯᠵᠤ ᠪᠠᠢᠭᠰᠠᠭᠠᠷ ᠠᠵᠠ ᠪᠤᠰᠤ ᠪᠠᠷ ᠵᠡᠭᠦᠨ ᠭᠠᠷ ᠢᠶᠠᠨ ᠠᠪᠲᠠᠵᠤ᠂ ᠮᠥᠴᠢ ᠣᠭᠲᠤᠯᠬᠤ ᠮᠡᠰᠡ ᠵᠠᠰᠠᠯ ᠬᠢᠭᠡᠳ ᠬᠣᠷᠢᠨ ᠳᠣᠯᠤᠭᠠᠬᠠᠨ ᠨᠠᠰᠤᠨ ᠳᠠᠭᠠᠨ ᠨᠠᠰᠤᠨ ᠤ ᠵᠡᠮᠳᠡᠭ ᠪᠣᠯᠵᠠᠢ᠃ ᠨᠢᠭᠡ ᠭᠠᠷ ᠢᠶᠠᠨ ᠠᠯᠳᠠᠭᠰᠠᠨ ᠪᠣᠯᠬᠣᠷ ᠠᠵᠢᠯ ᠠᠮᠢᠳᠤᠷᠠᠯ᠂ ᠰᠣᠶᠤᠯ ᠰᠤᠷᠤᠯᠭ᠎ᠠ ᠳᠤᠨᠢ ᠲᠣᠩ ᠶᠡᠬᠡ ᠬᠦᠴᠢᠷᠳᠡᠯ ᠤᠴᠠᠷᠠᠪᠠ᠃ ᠬᠠᠲᠠᠭᠤ ᠪᠡᠷᠬᠡ ᠪᠠᠢᠳᠠᠯ ᠤᠨ ᠡᠮᠦᠨ᠎ᠡ ᠲᠡᠷᠡ ᠠᠯᠢ ᠴᠢᠳᠠᠬᠤ ᠪᠠᠷ ᠴᠡᠷᠢᠭ ᠠᠩᠭᠢ ᠶᠢᠨ ᠠᠮᠢᠳᠤᠷᠠᠯ ᠳᠤ ᠪᠡᠶ᠎ᠡ ᠪᠡᠨ ᠵᠣᠬᠢᠴᠠᠭᠤᠯᠵᠤ ᠪᠡᠶ᠎ᠡ ᠨᠢ ᠵᠡᠮᠳᠡᠭ ᠴᠦ ᠵᠣᠷᠢᠭ ᠨᠢ ᠵᠡᠮᠳᠡᠭ ᠦᠭᠡᠢ ᠪᠡᠷ ᠬᠠᠲᠠᠭᠤᠵᠢᠯᠲᠠᠢ ᠴᠢᠷᠮᠠᠢᠵᠤ ᠥᠪᠡᠷ ᠦ᠋ᠨ ᠠᠮᠢᠳᠤᠷᠠᠯ ᠳᠠᠭᠠᠨ ᠵᠥᠪ ᠪᠣᠯᠵᠤ ᠢᠳᠡᠪᠬᠢᠲᠡᠢ ᠠᠵᠢᠯᠯᠠᠭᠠᠳ ᠣᠯᠠᠨ ᠤ ᠮᠠᠭᠲᠠᠭᠠᠯ ᠢ ᠣᠯᠵᠠᠢ᠃ 1983 ᠣᠨ ᠤ 7 ᠰᠠᠷ᠎ᠠ ᠳᠤ ᠵᠡᠪᠰᠡᠭᠲᠦ ᠴᠠᠭᠳᠠᠭ᠎ᠠ ᠶᠢᠨ ᠥᠪᠦᠷ ᠮᠣᠩᠭᠤᠯ ᠤ᠋ᠨ ᠶᠡᠷᠦᠩᠬᠡᠢ ᠠᠩᠭᠢ ᠶᠢᠨ ᠰᠢᠯᠢᠳᠡᠭ ᠨᠠᠮ ᠤᠨ ᠭᠡᠰᠢᠭᠦᠨ ᠢᠶᠡᠷ ᠰᠣᠩᠭᠤᠭᠳᠠᠵᠠᠢ᠃ 1984 ᠣᠨ ᠤ 5 ᠰᠠᠷ᠎ᠠ ᠳᠤ ᠳᠤᠮᠳᠠᠳᠤ ᠤᠯᠤᠰ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠠᠴᠠ ᠴᠣᠯᠠᠯᠠᠭᠰᠠᠨ ᠨᠢᠭᠡᠳᠦᠭᠡᠷ ᠲᠠᠰ ᠤᠨ ᠭᠠᠪᠢᠶᠠᠲᠠᠨ ᠪᠣᠯᠪᠠ᠃ 1997 ᠣᠨ ᠳᠤ ᠲᠥᠷᠦ ᠶᠢᠨ ᠠᠵᠢᠯᠲᠠᠨ ᠤ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠪᠥᠬᠦ ᠤᠯᠤᠰ ᠤᠨ ᠵᠡᠮᠳᠡᠭᠴᠦᠳ ᠦᠨ ᠬᠣᠯᠪᠤᠭᠠᠲᠤ ᠬᠤᠷᠠᠯ ᠠᠴᠠ ᠲᠡᠮᠦᠷ ᠲᠦ ᠪᠥᠬᠦ ᠤᠯᠤᠰ ᠤᠨ 《ᠥᠪᠡᠷ ᠲᠡᠭᠡᠨ ᠬᠦᠴᠦᠷᠬᠡᠭᠵᠢᠭᠰᠡᠨ ᠵᠢᠱᠢᠶᠡᠴᠢ》ᠬᠡᠮᠡᠬᠦ ᠢᠷᠠᠭᠤ ᠠᠯᠳᠠᠷᠲᠤ ᠴᠣᠯᠠ ᠣᠯᠭᠤᠵᠠᠢ᠃