ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠡᠷᠵᠢᠮ᠎ᠠ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠡᠷᠵᠢᠮ᠎ᠠ᠂ ᠮᠣᠩᠭᠤᠯ ᠦᠨᠳᠦᠰᠦᠲᠡᠨ᠂ ᠠᠵᠢᠯ ᠠ᠋ᠴᠠ ᠪᠠᠨ ᠠᠮᠠᠷᠠᠭᠰᠠᠨ ᠺᠠᠳ᠋ᠷ᠂ ᠲᠦᠩᠯᠢᠶᠣᠤ ᠬᠣᠲᠠ ᠶ᠋ᠢᠨ ᠵᠠᠷᠤᠳ ᠬᠣᠰᠢᠭᠤ ᠨᠤᠲᠤᠭᠲᠠᠢ᠃1944 ᠣᠨ ᠤ᠋10 ᠰᠠᠷ᠎ᠠ ᠶ᠋ᠢᠨ15 ᠳ᠋ᠤ᠌ ᠲᠥᠷᠦᠵᠡᠢ᠃ ᠬᠠᠷᠠᠬᠠᠨ ᠪᠠᠭ᠎ᠠ ᠠ᠋ᠴᠠ ᠪᠠᠨ ᠪᠢᠴᠢᠭ ᠰᠣᠶᠤᠯ ᠳ᠋ᠤ᠌ ᠰᠢᠮᠡᠳᠴᠦ ᠶᠠᠪᠤᠭᠰᠠᠨ ᠪᠣᠯᠪᠠᠴᠤ ᠡᠪᠡᠳᠴᠢᠨ ᠦ᠌ ᠬᠠᠷᠠᠭ᠎ᠠ ᠪᠠᠷ ᠥᠨᠳᠦᠷ ᠳᠤᠮᠳᠠᠳᠤ ᠠ᠋ᠴᠠ ᠰᠤᠷᠤᠯᠭ᠎ᠠ ᠪᠠᠨ ᠳᠤᠲᠠᠭᠤ ᠵᠣᠭᠰᠤᠵᠠᠢ᠃ ᠨᠣᠮ ᠵᠣᠬᠢᠶᠠᠯ ᠲᠠᠢ ᠨᠠᠢᠵᠠᠯᠠᠬᠤ ᠳᠤᠷ᠎ᠠ ᠪᠠᠬ᠎ᠠ ᠲᠠᠢ ᠪᠣᠯᠬᠣᠷ ᠳᠡᠭᠡᠷ᠎ᠡ ᠵᠠᠭᠤᠨ ᠤ᠋ ᠨᠠᠶᠠᠭᠠᠳ ᠣᠨ ᠠ᠋ᠴᠠ ᠤᠷᠠᠨ ᠵᠣᠬᠢᠶᠠᠯ ᠤᠷᠤᠯᠳᠤᠵᠤ ᠰᠣᠨᠢᠨ ᠰᠡᠳᠭᠦᠯ ᠳ᠋ᠦ᠍ ᠡᠬᠡ ᠪᠢᠴᠢᠭ ᠢ᠋ᠶ᠋ᠡᠨ ᠨᠡᠢᠲᠡᠯᠡᠭᠦᠯᠵᠦ ᠶᠠᠪᠤᠵᠠᠢ᠃1988 ᠣᠨ ᠳ᠋ᠤ᠌︽ ᠥᠬᠢᠳ ᠨᠣᠭᠤᠭᠠᠨ ᠳᠤᠷᠠᠳᠭᠠᠯ︾ ᠭᠡᠳᠡᠭ ᠨᠠᠢᠷᠠᠭᠤᠯᠤᠯ ᠨᠢ︽ ᠥᠪᠦᠷ ᠮᠣᠩᠭᠤᠯ ᠤ᠋ᠨ ᠡᠳᠦᠷ ᠦ᠋ᠨ ᠰᠣᠨᠢᠨ︾ ᠤ᠋︽ ᠲᠠᠯ᠎ᠠ ᠶ᠋ᠢᠨ ᠬᠥᠬᠦᠭᠡ︾ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ ᠲᠠᠪᠢᠨ ᠵᠢᠯ ᠦ᠋ᠨ ᠣᠢ ᠳ᠋ᠤ᠌ ᠡᠯᠰᠡᠭᠰᠡᠨ ᠵᠣᠬᠢᠶᠠᠯ ᠪᠦᠲᠦᠭᠡᠯ ᠳ᠋ᠦ᠍ ᠰᠢᠯᠢᠳᠡᠭ ᠱᠠᠩᠨᠠᠯ ᠣᠯᠵᠤ᠂1999 ᠣᠨ ᠳ᠋ᠤ᠌︽ ᠦᠨᠳᠦᠰᠦ︾ ᠭᠡᠳᠡᠭ ᠨᠠᠢᠷᠠᠭᠤᠯᠤᠯ ᠨᠢ ᠶᠡᠷᠡᠭᠡᠳ ᠣᠨ ᠤ᠋ ᠪᠦᠬᠦ ᠣᠷᠤᠨ ᠤ᠋ ᠰᠢᠨᠵᠢᠯᠡᠬᠦ ᠤᠬᠠᠭᠠᠨ ᠳᠡᠯᠭᠡᠷᠡᠭᠦᠯᠬᠦ ᠵᠣᠬᠢᠶᠠᠯ ᠪᠦᠲᠦᠭᠡᠯ ᠦ᠋ᠨ ᠬᠣᠶᠠᠳᠤᠭᠠᠷ ᠳᠡᠰ ᠦ᠋ᠨ ᠱᠠᠩᠨᠠᠯ ᠬᠦᠷᠲᠡᠵᠡᠢ᠃ ᠠᠵᠢᠯ ᠤ᠋ᠨ ᠠᠮᠠᠷᠠᠯᠲᠠ ᠪᠠᠨ ᠠᠪᠤᠭᠰᠠᠨ ᠤ᠋ ᠳᠠᠷᠠᠭ᠎ᠠ ᠦᠨᠳᠦᠰᠦᠲᠡᠨ ᠦ᠌ ᠪᠡᠨ ᠥᠪ ᠰᠣᠶᠤᠯ ᠢ᠋ ᠡᠮᠬᠢᠳᠭᠡᠨ ᠴᠤᠭᠯᠠᠬᠤ ᠠᠵᠢᠯ ᠳ᠋ᠤ᠌ ᠰᠢᠮᠡᠲᠦᠵᠦ᠂ ᠮᠣᠩᠭᠤᠯ ᠣᠶᠤᠳᠠᠯ ᠤᠷᠠᠯᠠᠯ ᠢ᠋ᠶ᠋ᠠᠨ ᠰᠡᠷᠭᠦᠭᠡᠨ ᠠᠪᠬᠤ ᠶᠢ ᠵᠣᠷᠢᠵᠤ᠂ ᠣᠶᠤᠵᠤ᠂ ᠵᠢᠷᠤᠬᠤ᠂ ᠪᠢᠴᠢᠬᠦ ᠶᠢ ᠤᠶᠠᠯᠳᠤᠭᠤᠯᠵᠤ ᠥᠪᠡᠷ ᠦ᠋ᠨ ᠬᠠᠳᠭᠤᠮᠠᠯ ᠤᠷᠠᠯᠠᠯ ᠤ᠋ᠨ ᠪᠦᠲᠦᠭᠡᠯ ᠢ᠋ᠶ᠋ᠡᠨ ᠬᠣᠰᠢᠭᠤ ᠨᠤᠲᠤᠭ ᠲᠠᠭᠠᠨ ᠣᠯᠠᠨᠲᠠ ᠳᠡᠯᠭᠡᠨ ᠦᠵᠡᠭᠦᠯᠦᠭᠰᠡᠨ ᠢ᠋ᠶ᠋ᠡᠷ ᠦᠯᠦ ᠪᠠᠷᠠᠨ᠂ ᠬᠥᠬᠡᠬᠣᠲᠠ᠂ ᠲᠦᠩᠯᠢᠶᠣᠤ᠂ ᠮᠦᠭᠳᠡᠨ᠂ ᠱᠠᠩᠬᠠᠢ ᠵᠡᠷᠭᠡ ᠭᠠᠵᠠᠷ ᠢ᠋ᠶ᠋ᠠᠷ ᠳᠡᠯᠭᠡᠨ ᠦᠵᠡᠭᠦᠯᠵᠦ᠂ ᠵᠠᠷᠤᠳ ᠮᠣᠩᠭᠤᠯ ᠬᠤᠪᠴᠠᠰᠤ ᠵᠠᠰᠠᠯ ᠬᠢᠭᠡᠳ ᠣᠶᠤᠳᠠᠯ ᠤᠷᠠᠯᠠᠯ ᠢ᠋ᠶ᠋ᠠᠨ ᠳᠠᠶᠠᠭᠠᠷ ᠲᠤ᠌ ᠲᠠᠨᠢᠭᠤᠯᠵᠤ ᠶᠠᠪᠤᠵᠠᠢ᠃2006 ᠣᠨ ᠳ᠋ᠤ᠌ ᠣᠷᠤᠨ ᠤ᠋ ᠳᠡᠰ ᠦ᠋ᠨ︽ ᠮᠣᠩᠭᠤᠯ ᠦᠨᠳᠦᠰᠦᠲᠡᠨ ᠦ᠌ ᠬᠤᠪᠴᠠᠰᠤ ᠵᠠᠰᠠᠯ ᠤ᠋ᠨ ᠤᠷᠠᠯᠢᠭ︾ ᠤ᠋ᠨ ᠤᠯᠠᠮᠵᠢᠯᠠᠭᠴᠢ ᠪᠠᠷ ᠰᠣᠩᠭᠤᠭᠳᠠᠵᠤ᠂2008 ᠣᠨ ᠳ᠋ᠤ᠌ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠢᠭᠡᠳᠦᠭᠡᠷ ᠬᠤᠭᠤᠴᠠᠭᠠᠨ ᠤ᠋ ᠪᠣᠳᠠᠰ ᠤ᠋ᠨ ᠪᠤᠰᠤ ᠰᠣᠶᠤᠯ ᠤ᠋ᠨ ᠥᠪ ᠦ᠋ᠨ ᠠᠯᠳᠠᠷᠲᠠᠨ ᠤ᠋ ᠴᠠᠳᠢᠭ︽ ᠮᠣᠩᠭᠤᠯ ᠦᠨᠳᠦᠰᠦᠲᠡᠨ ᠦ᠌ ᠬᠤᠪᠴᠠᠰᠤ ᠵᠠᠰᠠᠯ︾ ᠤ᠋ᠨ ᠲᠥᠯᠦᠭᠡᠯᠡᠬᠦ ᠴᠢᠨᠠᠷ ᠪᠦᠬᠦᠢ ᠤᠯᠠᠮᠵᠢᠯᠠᠭᠴᠢ ᠪᠠᠷ ᠦᠨᠡᠯᠡᠭᠳᠡᠪᠡ᠃2009ᠣᠨ ᠳ᠋ᠤ᠌ ᠲᠦᠩᠯᠢᠶᠣᠤ ᠬᠣᠲᠠ ᠶ᠋ᠢᠨ ᠠᠩᠬᠠᠳᠤᠭᠠᠷ ᠬᠤᠭᠤᠴᠠᠭᠠᠨ ᠤ᠋ ᠪᠣᠳᠠᠰ ᠤ᠋ᠨ ᠪᠤᠰᠤ ᠰᠣᠶᠤᠯ ᠤ᠋ᠨ ᠥᠪ ᠦ᠋ᠨ ᠠᠯᠳᠠᠷᠲᠠᠨ ᠤ᠋ ᠴᠠᠳᠢᠭ︽ ᠮᠣᠩᠭᠤᠯ ᠦᠨᠳᠦᠰᠦᠲᠡᠨ ᠦ᠌ ᠬᠤᠪᠴᠠᠰᠤ ᠵᠠᠰᠠᠯ︾ ᠤ᠋ᠨ ᠲᠥᠯᠦᠭᠡᠯᠡᠬᠦ ᠴᠢᠨᠠᠷ ᠪᠦᠬᠦᠢ ᠤᠯᠠᠮᠵᠢᠯᠠᠭᠴᠢ ᠪᠠᠷ ᠦᠨᠡᠯᠡᠭᠳᠡᠵᠡᠢ᠃ ᠤᠯᠠᠭᠠᠨᠬᠠᠳᠠ ᠳᠡᠭᠡᠳᠦ ᠰᠤᠷᠭᠠᠭᠤᠯᠢ ᠶ᠋ᠢᠨ ᠡᠷᠬᠢᠯᠡᠨ ᠬᠢᠵᠦ ᠪᠠᠢᠭ᠎ᠠ᠂ ᠰᠢᠷ᠎ᠠ ᠮᠥᠷᠡᠨ ᠦ᠌ ᠰᠠᠪᠠ ᠭᠠᠵᠠᠷ ᠤ᠋ᠨ ᠣᠷᠤᠨ ᠤ᠋ ᠦᠨᠳᠦᠰᠦᠲᠡᠨ ᠦ᠌ ᠬᠤᠪᠴᠠᠰᠤ ᠵᠠᠰᠠᠯ ᠪᠠ ᠬᠠᠳᠭᠤᠮᠠᠯ ᠤᠷᠠᠯᠠᠯ ᠤ᠋ᠨ ᠲᠤᠬᠠᠢ ᠰᠤᠳᠤᠯᠭᠠᠨ ᠳ᠋ᠤ᠌ ᠶᠡᠬᠡᠬᠡᠨ ᠳᠡᠮᠵᠢᠯᠭᠡ ᠦᠵᠡᠭᠦᠯᠦᠭᠰᠡᠨ ᠡᠴᠡ2017 ᠣᠨ ᠤ᠋9 ᠰᠠᠷ᠎ᠠ ᠳ᠋ᠤ᠌᠂︽ ᠰᠢᠷ᠎ᠠ ᠮᠥᠷᠡᠨ ᠦ᠌ ᠰᠠᠪᠠ ᠭᠠᠵᠠᠷ ᠣᠷᠤᠨ ᠤ᠋ ᠮᠣᠩᠭᠤᠯ ᠭᠠᠷ ᠤᠷᠠᠯᠠᠯ ᠤ᠋ᠨ ᠦᠢᠯᠡᠳᠦᠯᠭᠡ ᠪᠠ ᠪᠣᠯᠪᠠᠰᠤᠷᠠᠯ ᠤ᠋ᠨ ᠰᠠᠭᠤᠷᠢᠨ ᠭᠠᠵᠠᠷ︾ ᠤ᠋ᠨ ᠣᠨᠴᠠ ᠤᠷᠢᠭᠰᠠᠨ ᠫᠷᠣᠹᠧᠰᠰᠣᠷ ᠤ᠋ᠨ ᠢᠷᠠᠭᠤ ᠠᠯᠳᠠᠷ ᠤ᠋ᠨ ᠦᠨᠡᠮᠯᠡᠯ ᠢ᠋ ᠭᠠᠷᠳᠠᠭᠰᠠᠨ ᠶᠤᠮ᠃ ᠬᠡᠪᠯᠡᠭᠦᠯᠦᠭᠰᠡᠨ ᠨᠣᠮ ᠲᠡᠭᠦᠪᠦᠷᠢ᠄ ︽ᠵᠠᠷᠤᠳ ᠮᠣᠩᠭᠤᠯᠴᠤᠳ ᠤ᠋ᠨ ᠣᠶᠤᠳᠠᠯ ᠤᠷᠠᠯᠠᠯ︾ ᠦᠨᠳᠦᠰᠦᠲᠡᠨ ᠦ᠌ ᠬᠡᠪᠯᠡᠯ ᠦ᠋ᠨ ᠬᠣᠷᠢᠶ᠎ᠠ᠂2005 ᠣᠨ ᠤ᠋10 ᠰᠠᠷ᠎ᠠ᠃130 ᠮᠢᠩᠭᠠᠨ ᠦᠰᠦᠭ ︽ᠵᠠᠷᠤᠳ ᠮᠣᠩᠭᠤᠯᠴᠤᠳ ᠤ᠋ᠨ ᠬᠤᠪᠴᠠᠰᠤ ᠵᠠᠰᠠᠯ ᠤ᠋ᠨ ᠬᠠᠳᠭᠤᠮᠠᠯ ᠤᠷᠠᠯᠠᠯ︾ ᠥᠪᠦᠷ ᠮᠣᠩᠭᠤᠯ ᠤ᠋ᠨ ᠪᠠᠭᠠᠴᠤᠳ ᠬᠡᠦᠬᠡᠳ ᠦ᠋ᠨ ᠬᠡᠪᠯᠡᠯ ᠦ᠋ᠨ ᠬᠣᠷᠢᠶ᠎ᠠ᠂2010 ᠣᠨ ᠤ᠋11 ᠰᠠᠷ᠎ᠠ᠂20 ᠮᠢᠩᠭᠠᠨ ᠦᠰᠦᠭ᠂ ᠪᠤᠳᠤᠭᠲᠤ ᠵᠢᠷᠤᠭ ᠤ᠋ᠳ ︽ᠵᠠᠷᠤᠳ ᠮᠣᠩᠭᠤᠯᠴᠤᠳ ᠤ᠋ᠨ ᠵᠠᠩ ᠦᠢᠯᠡ︾ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠥᠪᠦᠷ ᠮᠣᠩᠭᠤᠯ ᠤ᠋ᠨ ᠪᠠᠭᠠᠴᠤᠳ ᠬᠡᠦᠬᠡᠳ ᠦ᠋ᠨ ᠬᠡᠪᠯᠡᠯ ᠦ᠋ᠨ ᠬᠣᠷᠢᠶ᠎ᠠ᠃2010 ᠣᠨ ᠤ᠋11 ᠰᠠᠷ᠎ᠠ᠃150 ᠮᠢᠩᠭᠠᠨ ᠦᠰᠦᠭ ︽ᠵᠠᠷᠤᠳ ᠮᠣᠩᠭᠤᠯᠴᠤᠳ ᠤ᠋ᠨ ᠬᠠᠳᠭᠤᠮᠠᠯ ᠤᠷᠠᠯᠠᠯ ᠤ᠋ᠨ ᠦᠯᠢᠭᠡᠷ ᠵᠢᠷᠤᠭ︾ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠥᠪᠦᠷ ᠮᠣᠩᠭᠤᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠬᠡᠪᠯᠡᠯ ᠦ᠋ᠨ ᠬᠣᠷᠢᠶ᠎ᠠ᠂2015 ᠣᠨ ᠤ᠋5 ᠰᠠᠷ᠎ᠠ᠃388 ᠲᠦᠮᠡᠨ ᠦᠰᠦᠭ᠂ ᠬᠡ ᠤᠭᠠᠯᠵᠠ ᠨᠤᠭᠤᠳ ︽ᠡᠪᠡᠰᠦᠨ ᠦ᠌ ᠴᠢᠨᠠᠷ︾ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠥᠪᠦᠷ ᠮᠣᠩᠭᠤᠯ ᠤ᠋ᠨ ᠪᠠᠭᠠᠴᠤᠳ ᠬᠡᠦᠬᠡᠳ ᠦ᠋ᠨ ᠬᠡᠪᠯᠡᠯ ᠦ᠋ᠨ ᠬᠣᠷᠢᠶ᠎ᠠ᠃2005 ᠣᠨ ᠤ᠋11 ᠰᠠᠷ᠎ᠠ᠂220 ᠮᠢᠩᠭᠠᠨ ᠦᠰᠦᠭ ︽ᠨᠠᠪᠴᠢᠨ ᠤ᠋ ᠰᠢᠪᠡᠨᠡᠭᠡ︾ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠥᠪᠦᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ᠃2013 ᠣᠨ ᠤ᠋12 ᠰᠠᠷ᠎ᠠ᠂186 ᠮᠢᠩᠭᠠᠨ ᠦᠰᠦᠭ ︽ᠠᠷᠠᠳ ᠤ᠋ᠨ ᠠᠮᠠᠨ ᠵᠣᠬᠢᠶᠠᠯ ᠤ᠋ᠨ ᠰᠢᠯᠢᠮᠡᠯ︾︵ ᠪᠤᠰᠤᠳ ᠲᠠᠢ ᠬᠠᠮᠲᠤᠷᠠᠭᠰᠠᠨ︶ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠥᠪᠦᠷ ᠮᠣᠩᠭᠤᠯ ᠤ᠋ᠨ ᠪᠠᠭᠠᠴᠤᠳ ᠬᠡᠦᠬᠡᠳ ᠦ᠋ᠨ ᠬᠡᠪᠯᠡᠯ ᠦ᠋ᠨ ᠬᠣᠷᠢᠶ᠎ᠠ᠃2017 ᠣᠨ ᠤ᠋8 ᠰᠠᠷ᠎ᠠ᠂230 ᠮᠢᠩᠭᠠᠨ ᠦᠰᠦᠭ ᠬᠡᠪᠯᠡᠯ ᠳ᠋ᠦ᠍ ᠲᠤᠰᠢᠶᠠᠬᠤ ᠪᠠᠷ ᠪᠡᠯᠡᠨ ᠪᠣᠯᠤᠭᠰᠠᠨ ᠨᠣᠮ ᠤ᠋ᠨ ᠡᠬᠡ ᠪᠢᠴᠢᠭ ︽ᠨᠣᠭᠤᠭᠠᠨ ᠤ᠋ ᠤᠨᠢᠶᠠᠷ︾︵ ᠨᠠᠢᠷᠠᠭᠤᠯᠤᠯ ᠤ᠋ᠨ ᠵᠣᠬᠢᠶᠠᠯ ᠤ᠋ᠳ︶ ︽ᠮᠣᠩᠭᠤᠯ ᠴᠡᠭᠡᠷ ᠶᠣᠰᠤᠨ︾ ︽ᠮᠣᠩᠭᠤᠯ ᠵᠦᠢᠷ ᠰᠡᠴᠡᠨ ᠦᠭᠡ ᠶ᠋ᠢᠨ ᠴᠢᠭᠤᠯᠭᠠᠨ︾