ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠣᠪᠴᠢᠨᠪᠠᠯᠵᠤᠤᠷ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠣᠪᠴᠢᠨᠪᠠᠯᠵᠤᠤᠷ ︵ 1917 —— 1946 ︶ ᠴᠢᠯᠥᠭᠡᠯᠡᠬᠦ ᠲᠡᠢᠨ ᠦ ᠦᠶ᠎ᠡ ᠳᠦ ᠤᠷᠪᠠᠭᠰᠠᠨ ᠳᠡᠭᠡᠷᠡᠮ  ᠯᠦᠭᠡ ᠡᠷᠡᠰ ᠲᠡᠮᠡᠴᠡᠭᠰᠡᠨ ᠪᠠᠭᠠᠲᠤᠷ ᠮᠥᠨ᠃ ᠥᠪᠦᠷ ᠮᠣᠩᠭᠤᠯ ᠤ᠋ᠨ ᠬᠡᠰᠢᠭᠲᠡᠨ ᠬᠣᠰᠢᠭᠤᠨ ᠳᠤ ᠨᠤᠲᠤᠭ ᠲᠠᠢ ᠮᠣᠩᠭᠤᠯ ᠬᠥᠮᠦᠨ᠃ t946 ᠣᠨ ᠳᠤ ᠴᠡᠷᠢᠭ ᠲᠦ ᠣᠷᠤᠪᠠ᠂ ᠡᠪ ᠬᠠᠮᠲᠤ ᠨᠠᠮ ᠤᠨ ᠭᠡᠰᠢᠭᠦᠨ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠬᠥᠳᠡᠯᠭᠡᠭᠡᠨ ᠦ ᠬᠤᠷᠠᠯ ᠤᠨ ᠵᠤᠤ ᠤᠳᠠ ᠠᠢᠮᠠᠭ ᠤᠨ ᠠᠷᠤ ᠬᠣᠷᠴᠢᠨ ᠬᠣᠰᠢᠭᠤᠨ ᠤ ᠬᠤᠪᠢᠶᠠᠷᠢ ᠬᠤᠷᠠᠯ ᠤᠨ ᠡᠷᠬᠢᠯᠡᠭᠴᠢ ᠶᠢᠨ ᠲᠤᠰᠢᠶᠠᠯ ᠳᠤ ᠪᠠᠢᠵᠠᠢ᠃ 1946 ᠣᠨ ᠤ 5 ᠰᠠᠷ᠎ᠠ ᠳᠤ 《ᠵᠡᠭᠦᠨ ᠮᠣᠩᠭᠤᠯ ᠤ᠋ᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ᠋ ᠵᠤᠤ ᠤᠳᠠ ᠠᠢᠮᠠᠭ ᠤᠨ ᠥᠪᠡᠷ ᠢ᠋ ᠪᠡᠨ ᠬᠠᠮᠠᠭᠠᠯᠠᠬᠤ ᠴᠡᠷᠢᠭ ᠦᠨ 4  ᠳᠦᠭᠡᠷ ᠳ᠋ᠢᠸᠢᠽᠢ》 ᠶᠢ 《ᠾᠧᠪᠧᠢ᠂ ᠿᠧᠾᠧ᠂ ᠴᠠᠬᠠᠷ᠂ ᠯᠢᠶᠣᠣᠨᠢᠩ ᠤᠨ 20 ᠳ᠋ᠤᠭᠠᠷ ᠴᠡᠷᠢᠭ ᠦᠨ ᠴᠡᠷᠢᠭ ᠦᠨ ᠬᠤᠪᠢᠶᠠᠷᠢ ᠲᠣᠭᠤᠷᠢᠭ ᠤᠨ ᠮᠣᠩᠭᠤᠯ ᠬᠢᠲᠠᠳ ᠬᠣᠯᠪᠤᠭᠠᠲᠤ ᠴᠡᠷᠢᠭ ᠦᠨ ᠮᠣᠷᠢᠲᠤ ᠴᠡᠷᠢᠭ ᠦᠨ 4  ᠳᠦᠭᠡᠷ ᠳ᠋ᠢᠸᠢᠽᠢ》 ᠬᠡᠮᠡᠨ ᠨᠡᠷ᠎ᠡ ᠶᠢ ᠨᠢ ᠬᠠᠯᠠᠵᠠᠢ᠃ ᠤᠯᠤᠰ ᠲᠥᠷᠦ ᠶᠢᠨ ᠠᠵᠢᠯ ᠤᠨ ᠺᠠᠳ᠋ᠷ ᠢ ᠬᠥᠮᠦᠵᠢᠭᠦᠯᠬᠦ ᠪᠡᠷ ᠲᠤᠰ ᠳ᠋ᠢᠸᠢᠽᠢ ᠶᠢᠨ ᠬᠢᠨ ᠣᠬᠤᠷ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠲᠣᠪᠴᠢᠨᠪᠠᠯᠵᠤᠤᠷ ᠬᠠᠮᠤᠭ ᠠᠩᠬᠠᠨ ᠤ ᠪᠣᠯᠪᠠᠰᠤᠷᠠᠯ ᠤᠨ ᠠᠩᠭᠢ ᠳᠤ ᠣᠷᠤᠯᠴᠠᠵᠤ᠂ ᠡᠨᠡ ᠬᠦ ᠬᠤᠭᠤᠴᠠᠭᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ ᠰᠤᠷᠤᠯᠭ᠎ᠠ ᠪᠠᠨ ᠲᠡᠭᠦᠰᠦᠭᠰᠡᠨ ᠦ ᠳᠠᠷᠠᠭ᠎ᠠ ᠮᠣᠩᠭᠤᠯ ᠬᠢᠲᠠᠳ ᠤᠨ ᠬᠣᠯᠪᠤᠭᠠᠲᠤ ᠴᠡᠷᠢᠭ ᠦᠨ ᠮᠣᠷᠢᠲᠤ ᠴᠡᠷᠢᠭ ᠦᠨ 4  ᠳᠦᠭᠡᠷ ᠳ᠋ᠢᠸᠢᠽᠢ ᠶᠢᠨ 35 ᠳ᠋ᠤᠭᠠᠷ ᠬᠣᠷᠢᠶᠠᠨ ᠤ᠋ ᠤᠯᠤᠰ ᠲᠥᠷᠦ ᠶᠢᠨ ᠭᠡᠰᠢᠭᠦᠨ ᠢᠶᠡᠷ ᠠᠵᠢᠯᠯᠠᠵᠠᠢ᠃ 1946 ᠣᠨ ᠤ ᠳᠣᠣᠷ᠎ᠠ ᠬᠠᠭᠠᠰ ᠵᠢᠯ᠂ ᠭᠣᠮᠢᠨᠳᠠᠩ ᠤᠨ ᠴᠡᠷᠢᠭ ᠴᠢᠯᠦᠭᠡᠯᠡᠯᠲᠡ ᠶ᠋ᠢᠨ ᠣᠷᠤᠨ ᠵᠦᠭ ᠤᠯᠠᠢᠷᠠᠨ ᠳᠣᠪᠲᠤᠯᠤᠭᠠᠳ ᠴᠧᠩᠳᠧ᠂ ᠤᠯᠠᠭᠠᠨᠬᠠᠳᠠ᠂ ᠲᠦᠩᠯᠢᠶᠣᠣ᠂ ᠺᠠᠢᠯᠦ ᠵᠡᠷᠭᠡ ᠭᠠᠵᠠᠷ ᠤᠳ ᠢ ᠤᠷᠢᠳ ᠬᠣᠵᠢᠳ ᠡᠵᠡᠯᠡᠭᠡᠳ ᠠᠷᠤ ᠬᠣᠷᠴᠢᠨ ᠬᠣᠰᠢᠭᠤ ᠶᠢ ᠰᠢᠬᠠᠮᠳᠠᠭᠤᠯᠪᠠ᠃ 1946 ᠣᠨ ᠤ 12 ᠰᠠᠷ᠎ᠠ ᠶᠢᠨ ᠰᠢᠨᠡᠳ ᠢᠶᠡᠷ ᠤᠷᠪᠠᠭᠰᠠᠨ ᠳᠡᠭᠡᠷᠡᠮ ᠳᠦ ᠪᠠᠷᠢᠪᠴᠢᠯᠠᠭᠳᠠᠭᠰᠠᠨ ᠮᠣᠷᠢᠲᠤ ᠴᠡᠷᠢᠭ ᠦᠨ 4  ᠳᠦᠭᠡᠷ ᠳ᠋ᠢᠸᠢᠽᠢ ᠶᠢᠨ 2 ᠳ᠋ᠤᠭᠠᠷ ᠰᠠᠯᠪᠤᠷᠢ ᠠᠩᠭᠢ ᠶᠢᠨ ᠱᠲ᠋ᠠᠪ ᠤᠨ ᠳᠠᠷᠤᠭ᠎ᠠ ᠶᠧᠰᠢᠵᠠᠯᠰᠠᠨ ᠢ ᠠᠪᠤᠷᠠᠬᠤ ᠪᠠᠷ ᠲᠣᠪᠴᠢᠨᠪᠠᠯᠵᠤᠤᠷ ᠠᠷᠤ ᠬᠣᠷᠴᠢᠨ ᠬᠣᠰᠢᠭᠤᠨ ᠤ ᠴᠠᠭᠠᠨᠨᠠᠭᠤᠷ ᠤᠨ ᠲᠥᠭᠦᠷᠢᠭ ᠦ᠋ᠨ ᠮᠠᠩᠬ᠎ᠠ ᠪᠠᠷ ᠥᠩᠭᠡᠷᠡᠬᠦ ᠳ᠋ᠡᠭᠡᠨ ᠤᠷᠪᠠᠭᠰᠠᠨ ᠳᠡᠭᠡᠷᠡᠮ  ᠣᠷᠤᠨ ᠲᠠᠢ ᠬᠠᠷᠭᠤᠵᠤ ᠰᠢᠷᠦᠭᠦᠨ ᠲᠤᠯᠤᠯᠳᠤᠭᠠᠨ ᠪᠣᠯᠵᠤ᠂ ᠭᠤᠷᠪᠠ ᠳᠥᠷᠪᠡᠨ ᠴᠠᠭ ᠦᠷᠭᠦᠯᠵᠢᠯᠡᠪᠡ᠂ ᠬᠣᠷᠢᠶᠠᠨ ᠤ᠋ ᠤᠯᠤᠰ ᠲᠥᠷᠦ ᠶᠢᠨ ᠭᠠᠵᠠᠷ ᠤᠨ ᠡᠷᠬᠢᠯᠡᠭᠴᠢ ᠪᠤᠶᠠᠨᠥ᠌ᠯᠵᠡᠢ ᠰᠢᠷᠦᠭᠦᠨ ᠲᠤᠯᠤᠯᠳᠤᠭᠠᠨ ᠤ ᠳᠤᠮᠳᠠ ᠬᠦᠨᠳᠦ ᠰᠢᠷᠬᠠᠲᠤᠵᠠᠢ᠃ ᠳᠠᠢᠰᠤᠨ ᠣᠯᠠᠨ ᠮᠠᠨᠤᠰ ᠴᠥᠭᠡᠨ ᠳᠡᠭᠡᠷᠡᠮ ᠬᠤᠯᠠᠭᠠᠢ ᠳᠤ ᠪᠦᠰᠡᠯᠡᠭᠳᠡᠭᠰᠡᠨ ᠪᠠᠢᠳᠠᠯ ᠳᠣᠣᠷ᠎ᠠ ᠲᠤᠯᠤᠯᠳᠤᠭᠠᠨ ᠨᠢ ᠲᠤᠯᠤᠯᠳᠤᠬᠤ ᠲᠤᠲᠤᠮ ᠰᠢᠷᠦᠭᠦᠰᠴᠦ᠂ ᠪᠦᠰᠡᠯᠡᠯᠲᠡ ᠶᠢᠨ ᠬᠡᠪᠴᠢᠶ᠎ᠡ ᠤᠯᠠᠮ ᠢᠶᠠᠷ ᠪᠠᠭᠠᠰᠪᠠ᠃ ᠦᠷᠡᠭᠳᠡᠬᠦ ᠪᠠ ᠣᠯᠵᠠᠯᠠᠭᠳᠠᠬᠤ ᠠᠶᠤᠯ ᠪᠠᠷᠲᠠᠭ᠎ᠠ ᠶᠢᠨ ᠡᠮᠦᠨ᠎ᠡ ᠲᠡᠷᠡ ᠥᠴᠦᠬᠡᠨ ᠴᠦ ᠠᠶᠤᠵᠤ ᠡᠮᠢᠶᠡᠯ ᠦᠭᠡᠢ ᠦᠷᠭᠦᠯᠵᠢᠯᠡᠨ ᠪᠠᠢᠯᠳᠤᠵᠤ ᠡᠴᠦᠰ ᠲᠡᠭᠡᠨ ᠫᠤᠤ ᠶᠢᠨ ᠰᠤᠮᠤ ᠨᠢ ᠪᠠᠷᠠᠭᠳᠠᠵᠤ ᠵᠣᠯ ᠪᠤᠰᠤ ᠪᠠᠷ ᠳᠠᠢᠰᠤᠨ ᠳᠤ ᠪᠠᠷᠢᠪᠴᠢᠯᠠᠭᠳᠠᠵᠠᠢ᠃ ᠬᠠᠷᠭᠢᠰ ᠳᠠᠢᠰᠤᠨ ᠤ ᠬᠠᠷ᠎ᠠ ᠬᠣᠣᠷᠲᠠᠢ ᠡᠷᠡᠭᠦᠳᠡᠯ ᠦᠨ ᠡᠮᠦᠨ᠎ᠡ ᠲᠡᠷᠡ ᠦᠬᠦᠯ ᠰᠥᠨᠦᠯ ᠡᠴᠡ ᠡᠮᠢᠶᠡᠯ ᠦᠭᠡᠢ᠂ ᠨᠤᠭᠤᠷᠠᠰᠢ ᠦᠭᠡᠢ ᠲᠡᠮᠡᠴᠡᠵᠦ ᠪᠠᠢᠭᠠᠳ ᠡᠷᠡᠯᠬᠡᠭ ᠪᠠᠭᠠᠲᠤᠷᠯᠢᠭ ᠢᠶᠠᠷ ᠠᠮᠢ ᠦᠷᠡᠭᠳᠡᠵᠦ ᠡᠬᠡ ᠤᠯᠤᠰ ᠪᠠ ᠦᠨᠳᠦᠰᠦᠲᠡᠨ ᠦ ᠪᠡᠨ ᠴᠢᠯᠦᠭᠡᠯᠡᠯᠲᠡ ᠶ᠋ᠢᠨ ᠦᠢᠯᠡᠰ ᠲᠦ ᠭᠠᠯ ᠵᠠᠯᠠᠭᠤ ᠨᠠᠰᠤ ᠪᠠᠨ ᠵᠣᠷᠢᠭᠤᠯᠤᠭᠰᠠᠨ ᠶᠤᠮ᠃