ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠴᠧᠨ ᠱᠢ ᠢᠦᠢ

ᠴᠢᠨᠠᠷ ᠤᠨ ᠢᠯᠭᠠᠯ:

ᠡᠷᠡᠭᠳᠡᠢ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠴᠧᠨ ᠱᠢ ᠢᠦᠢ ︵ 1917——1994︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦ᠋ᠨ ᠥᠪᠦᠷ ᠮᠣᠩᠭᠤᠯ ᠤ᠋ᠨ ᠴᠡᠷᠢᠭ ᠦ᠋ᠨ ᠲᠣᠭᠤᠷᠢᠭ ᠤᠨ ᠵᠢᠯᠤᠭᠤᠳᠤᠭᠴᠢ᠂ ᠤᠭ ᠤᠨ ᠨᠡᠷ᠎ᠡ ᠨᠢ ᠯᠣᠩᠧᠩᠵᠠᠪ ᠭᠡᠳᠡᠭ᠃ ᠥᠭᠡᠷ᠎ᠡ ᠨᠡᠷ᠎ᠡ ᠨᠢ ᠴᠧᠨ ᠶᠦᠨ᠂ ᠮᠣᠩᠭᠤᠯ ᠦᠨᠳᠦᠰᠦᠲᠡᠨ᠃ ᠥᠪᠦᠷ ᠮᠣᠩᠭᠤᠯ ᠤ᠋ᠨ ᠬᠣᠷᠴᠢᠨ ᠵᠡᠭᠦᠨ ᠭᠠᠷ ᠤᠨ ᠳᠤᠮᠳᠠᠳᠤ ᠬᠣᠰᠢᠭᠤᠨ ᠳᠤ ᠨᠤᠲᠤᠭ ᠲᠠᠢ᠃ ᠲᠡᠷᠡ ᠲᠤᠰ ᠬᠣᠰᠢᠭᠤᠨ ᠤ ᠪᠠᠶᠠᠨᠥ᠌ᠨᠳᠦᠷ ᠲᠣᠰᠭᠤᠨ ᠤ ᠨᠢᠭᠡᠨ ᠲᠠᠷᠢᠶᠠᠴᠢᠨ ᠤ ᠬᠡᠷ ᠲᠦ ᠲᠥᠷᠦᠵᠦ ᠥᠰᠴᠡᠢ᠃ 1929 ᠣᠨ ᠳᠤ ᠲᠦᠩᠯᠢᠶᠣᠣ ᠶ᠋ᠢᠨ ᠰᠢᠨᠮᠢᠨ ᠪᠠᠭ᠎ᠠ ᠰᠤᠷᠭᠠᠭᠤᠯᠢ ᠳᠤ ᠰᠢᠯᠭᠠᠨ ᠣᠷᠤᠵᠤ ᠪᠢᠴᠢᠭ ᠦᠵᠡᠭᠡᠳ 1933 ᠣᠨ ᠳᠤ ᠲᠦᠩᠯᠢᠶᠣᠣ ᠶ᠋ᠢᠨ ᠪᠠᠭᠰᠢ ᠶᠢᠨ ᠰᠤᠷᠭᠠᠭᠤᠯᠢ ᠳᠤ ᠰᠢᠯᠭᠠᠨ ᠣᠷᠤᠵᠠᠢ᠃ 1936 ᠣᠨ ᠤ 10ᠰᠠᠷ᠎ᠠ ᠳᠤ ᠬᠠᠭᠤᠷᠮᠠᠭ ᠮᠠᠨᠵᠤ ᠤᠯᠤᠰ ᠤᠨ ᠬᠢᠩᠭᠠᠨ ᠤ ᠬᠠᠭᠤᠷᠠᠢ ᠵᠠᠮ ᠤᠨ ᠴᠡᠷᠢᠭ ᠦᠨ ᠨᠣᠶᠠᠨ ᠤ ᠰᠤᠷᠭᠠᠭᠤᠯᠢ ᠳᠤ ᠰᠢᠯᠭᠠᠨ ᠣᠷᠤᠭᠠᠳ ᠰᠤᠷᠤᠯᠭ᠎ᠠ ᠪᠠᠨ ᠲᠡᠭᠦᠰᠭᠡᠭᠰᠡᠨ ᠦ᠌ ᠳᠠᠷᠠᠭ᠎ᠠ ᠲᠤᠰ ᠰᠤᠷᠭᠠᠭᠤᠯᠢ ᠶᠢᠨ ᠲᠣᠭᠤᠷᠢᠭ ᠤᠨ ᠠᠩᠭᠢ ᠶᠢᠨ ᠳᠠᠷᠤᠭ᠎ᠠ ᠪᠠᠷ ᠦᠯᠡᠳᠡᠭᠰᠡᠨ ᠶᠤᠮ᠃ 1944 ᠣᠨ ᠳᠤ ᠬᠠᠭᠤᠷᠮᠠᠭ ᠮᠠᠨᠵᠤ ᠤᠯᠤᠰ ᠤᠨ 53 ᠳ᠋ᠤᠭᠠᠷ ᠴᠡᠷᠢᠭ ᠠᠩᠭᠢ ᠶᠢᠨ ᠳᠤᠮᠳᠠ ᠠᠩᠭᠢ ᠶᠢᠨ ᠳᠠᠷᠤᠭ᠎ᠠ ᠪᠠᠷ ᠠᠵᠢᠯ ᠰᠢᠯᠵᠢᠭᠦᠯᠵᠡᠢ᠃ 1946 ᠣᠨ ᠤ 3 ᠰᠠᠷ᠎ᠠ ᠳᠤ᠂ ᠲᠡᠷᠡ ᠵᠡᠭᠦᠨ ᠮᠣᠩᠭᠤᠯ ᠤ᠋ᠨ ᠠᠷᠠᠳ ᠤᠨ ᠥᠪᠡᠷᠲᠡᠭᠡᠨ ᠵᠠᠰᠠᠬᠤ ᠴᠡᠷᠢᠭ ᠦᠨ ᠮᠣᠷᠢᠲᠤ ᠴᠡᠷᠢᠭ ᠦᠨ 2 ᠳ᠋ᠤᠭᠠᠷ ᠳ᠋ᠢᠸᠢᠽᠢ ᠶᠢᠨ 5 ᠳ᠋ᠤᠭᠠᠷ ᠬᠣᠷᠢᠶᠠᠨ ᠤ᠋ ᠰᠤᠮᠤᠨ ᠠᠩᠭᠢ ᠶᠢᠨ ᠳᠠᠷᠤᠭ᠎ᠠ ᠪᠠᠷ ᠠᠵᠢᠯᠯᠠᠵᠤ 6 ᠰᠠᠷ᠎ᠠ ᠳᠤᠨᠢ ᠥᠪᠦᠷ ᠮᠣᠩᠭᠤᠯ ᠤ᠋ᠨ ᠥᠪᠡᠷ ᠢ᠋ ᠪᠡᠨ ᠬᠠᠮᠠᠭᠠᠯᠠᠬᠤ ᠮᠣᠷᠢᠲᠤ ᠴᠡᠷᠢᠭ ᠦ᠋ᠨ 2 ᠳ᠋ᠤᠭᠠᠷ ᠳ᠋ᠢᠸᠢᠽᠢ ᠶᠢᠨ 11  ᠳᠦᠭᠡᠷ ᠬᠣᠷᠢᠶᠠᠨ ᠤ᠋ ᠳᠡᠳ᠋ ᠬᠣᠷᠢᠶᠠᠨ ᠳᠠᠷᠤᠭ᠎ᠠ ᠪᠣᠯᠵᠤ᠂ 9 ᠰᠠᠷ᠎ᠠ ᠳᠤᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠦ᠂ 1 l ᠰᠠᠷ᠎ᠠ ᠳᠤᠨᠢ ᠲᠤᠰ ᠬᠣᠷᠢᠶᠠᠨ ᠤ ᠤᠯᠤᠰ ᠲᠥᠷᠦ ᠶᠢᠨ ᠭᠡᠰᠢᠭᠦᠨ ᠪᠣᠯᠪᠠ᠃ 1947 ᠣᠨ ᠤ 7 ᠰᠠᠷ᠎ᠠ ᠳᠤ ᠵᠢᠷᠢᠮ ᠦᠨ ᠴᠡᠷᠢᠭ ᠦᠨ ᠬᠤᠪᠢᠶᠠᠷᠢ ᠲᠣᠭᠤᠷᠢᠭ ᠤᠨ ᠮᠣᠷᠢᠲᠤ ᠴᠡᠷᠢᠭ ᠦᠨ 11  ᠳᠦᠭᠡᠷ ᠬᠣᠷᠢᠶᠠᠨ ᠤ᠋ ᠤᠯᠤᠰ ᠲᠥᠷᠦ ᠶᠢᠨ ᠭᠡᠰᠢᠭᠦᠨ ᠪᠣᠯᠵᠤ 1948 ᠣᠨ ᠤ 3 ᠰᠠᠷ᠎ᠠ ᠳᠤ ᠥᠪᠦᠷ ᠮᠣᠩᠭᠤᠯ ᠤ᠋ᠨ ᠠᠷᠠᠳ ᠤᠨ ᠴᠢᠯᠥᠭᠡᠯᠡᠬᠦ ᠴᠡᠷᠢᠭ ᠦᠨ ᠮᠣᠷᠢᠲᠤ ᠴᠡᠷᠢᠭ ᠦ᠋ᠨ 2 ᠳ᠋ᠤᠭᠠᠷ ᠳ᠋ᠢᠸᠢᠽᠢ ᠶᠢᠨ 21  ᠳᠦᠭᠡᠷ ᠬᠣᠷᠢᠶᠠᠨ ᠤ᠋ ᠤᠯᠤᠰ ᠲᠥᠷᠦ ᠶᠢᠨ ᠭᠡᠰᠢᠭᠦᠨ ᠦ ᠡᠭᠦᠷᠭᠡ ᠶᠢ ᠬᠠᠷᠢᠭᠤᠴᠠᠵᠠᠢ᠃ ᠴᠢᠯᠥᠭᠡᠯᠡᠬᠦ ᠲᠡᠢᠨ ᠦ ᠦᠶ᠎ᠡ ᠳᠦ ᠲᠡᠷᠡ ᠴᠡᠷᠢᠭ ᠠᠩᠭᠢ ᠪᠠᠨ ᠳᠠᠭᠠᠭᠤᠯᠤᠨ ᠣᠯᠠᠨ ᠤᠳᠠᠭ᠎ᠠ ᠶᠢᠨ ᠲᠤᠯᠤᠯᠳᠤᠭᠠᠨ ᠳᠤ ᠣᠷᠤᠯᠴᠠᠵᠤ ᠥᠩᠭᠡᠷᠡᠪᠡ᠃ 1947 ᠣᠨ ᠤ︽5•1︾ ᠤ ᠶᠡᠬᠡ ᠬᠤᠷᠠᠯ ᠳᠡᠭᠡᠷ᠎ᠡ ᠶᠡᠬᠡ ᠬᠤᠷᠠᠯ ᠤᠨ ᠲᠡᠷᠢᠭᠦᠯᠡᠭᠴᠢᠳ ᠦᠨ ᠪᠦᠯᠬᠦᠮ ᠦᠨ ᠭᠡᠰᠢᠭᠦᠨ ᠢᠶᠡᠷ ᠰᠣᠩᠭᠤᠭᠳᠠᠵᠤ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠣᠷᠳᠤᠨ ᠤ᠋ ᠵᠥᠪᠯᠡᠯ ᠦ᠋ᠨ ᠬᠤᠷᠠᠯ ᠤᠨ ᠭᠡᠰᠢᠭᠦᠨ ᠪᠣᠯᠵᠠᠢ᠃ 5 ᠰᠠᠷ᠎ᠠ ᠶᠢᠨ 22 ᠤᠨ ᠡᠳᠦᠷ ᠲᠡᠷᠡ ᠴᠡᠷᠢᠭ ᠠᠩᠭᠢ ᠪᠠᠨ ᠳᠠᠭᠠᠭᠤᠯᠤᠨ ᠲᠦᠩᠯᠢᠶᠣᠣ ᠬᠣᠲᠠ ᠶᠢ ᠪᠤᠴᠠᠭᠠᠨ ᠠᠪᠬᠤ ᠪᠠᠢᠯᠳᠤᠭᠠᠨ ᠳᠤ ᠣᠷᠤᠯᠴᠠᠵᠤ᠂ 27 ᠤ ᠡᠳᠦᠷ ᠬᠠᠷᠬᠤᠰᠤ ᠶᠢᠨ ᠰᠥᠨᠦᠭᠡᠯᠲᠡ ᠶ᠋ᠢᠨ ᠪᠠᠢᠯᠳᠤᠭᠠᠨ ᠳᠤ ᠣᠷᠤᠯᠴᠠᠵᠠᠢ᠃ 1948 ᠣᠨ ᠤ 3 ᠰᠠᠷ᠎ᠠ ᠳᠤ ᠲᠡᠷᠡ ᠴᠡᠷᠢᠭ ᠠᠩᠭᠢ ᠪᠠᠨ ᠳᠠᠭᠠᠭᠤᠯᠤᠨ ᠰᠢᠨᠮᠢᠨ ᠢ ᠪᠦᠰᠡᠯᠡᠬᠦ ᠪᠠᠢᠯᠳᠤᠭᠠᠨ ᠤ ᠡᠭᠦᠷᠭᠡ ᠶᠢ ᠭᠦᠢᠴᠡᠳᠬᠡᠬᠦ ᠶᠠᠪᠤᠴᠠ ᠳᠤ ᠵᠠᠩ ᠡᠦ ᠰᠢᠶᠠᠨ ᠤ ᠰᠢᠨᠲ᠋ᠦ᠋ᠨ ᠠᠢᠯ ᠤᠨ ᠪᠠᠢᠯᠳᠤᠭᠠᠨ ᠳᠤᠮᠳᠠ ᠨᠢᠭᠡᠨ ᠮᠣᠷᠢᠲᠤ ᠴᠡᠷᠢᠭ ᠦᠨ ᠰᠤᠮᠤᠨ ᠠᠩᠭᠢ ᠶᠢ ᠵᠢᠯᠤᠭᠤᠳᠤᠨ ᠭᠣᠮᠢᠨᠳᠠᠩ ᠤᠨ ᠴᠡᠷᠢᠭ ᠦᠨ 71  ᠳᠦᠭᠡᠷ ᠠᠷᠮᠢ ᠶᠢᠨ ᠮᠣᠷᠢᠲᠤ ᠴᠡᠷᠢᠭ ᠦᠨ ᠨᠢᠭᠡᠨ ᠪᠠᠢᠴᠠᠭᠠᠨ ᠨᠡᠩᠵᠢᠬᠦ ᠪᠠᠲ᠋ᠯᠢᠶᠣᠨ ᠢ ᠪᠤᠯᠲᠤ ᠪᠠᠷ ᠨᠢ ᠰᠥᠨᠦᠭᠡᠪᠡ᠃ ᠳᠠᠷᠠᠭ᠎ᠠ ᠪᠠᠷ ᠨᠢ ᠲᠡᠷᠡ ᠴᠡᠷᠢᠭ ᠠᠩᠭᠢ ᠪᠠᠨ ᠳᠠᠭᠠᠭᠤᠯᠤᠨ ᠯᠢᠶᠣᠣ ᠱᠧᠨ ᠦ ᠳᠠᠢᠯᠠᠯᠳᠤᠭᠠᠨ ᠳᠠᠬᠢ ᠴᠠᠩᠴᠦ᠋ᠨ ᠢ ᠪᠦᠰᠡᠯᠡᠬᠦ ᠴᠠᠩᠨᠦ᠋ᠩ ᠢ ᠴᠢᠯᠥᠭᠡᠯᠡᠬᠦ ᠴᠢᠰᠤᠨ ᠪᠠᠢᠯᠳᠤᠭᠠᠨ ᠳᠤ ᠣᠷᠤᠯᠴᠠᠭᠰᠠᠨ ᠶᠤᠮ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ ᠤ ᠳᠠᠷᠠᠭ᠎ᠠ᠂ 1950 ᠣᠨ ᠳᠤ ᠲᠡᠷᠡ ᠴᠡᠷᠢᠭ ᠠᠩᠭᠢ ᠪᠠᠨ ᠳᠠᠭᠠᠭᠤᠯᠤᠨ ᠤᠯᠤᠰ ᠤᠨ ᠪᠠᠶᠠᠷ ᠤᠨ ᠶᠣᠰᠣᠯᠠᠯ ᠤᠨ ᠴᠡᠷᠢᠭ ᠦᠨ ᠵᠢᠭᠰᠠᠭᠠᠯ ᠳᠤ ᠣᠷᠤᠯᠴᠠᠪᠠ᠃ ᠳᠠᠷᠠᠭ᠎ᠠ ᠨᠢ ᠥᠪᠦᠷ ᠮᠣᠩᠭᠤᠯ ᠤ᠋ᠨ ᠴᠠᠬᠠᠷ ᠤᠨ ᠴᠡᠷᠢᠭ ᠦᠨ ᠬᠤᠪᠢᠶᠠᠷᠢ ᠲᠣᠭᠤᠷᠢᠭ ᠤᠨ ᠱᠲ᠋ᠠᠪ ᠤᠨ ᠳᠠᠷᠤᠭ᠎ᠠ ᠪᠣᠯᠵᠤ᠂ 1952 ᠣᠨ ᠳᠤ ᠬᠥᠯᠦᠨ ᠪᠤᠢᠷ ᠤᠨ ᠴᠡᠷᠢᠭ ᠦᠨ ᠬᠤᠪᠢᠶᠠᠷᠢ ᠲᠣᠭᠤᠷᠢᠭ ᠤᠨ ᠳᠡᠳ᠋ ᠤᠯᠤᠰ ᠲᠥᠷᠦ ᠶᠢᠨ ᠭᠡᠰᠢᠭᠦᠨ ᠪᠣᠯᠵᠤ᠂ 1953 ᠣᠨ ᠳᠤ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠣᠷᠤᠨ ᠲᠣᠭ᠎ᠠ ᠠᠴᠠ ᠭᠠᠳᠠᠨᠠᠬᠢ ᠠᠵᠢᠯᠲᠠᠨ ᠤ ᠭᠠᠵᠠᠷ ᠤᠨ ᠳᠠᠷᠤᠭ᠎ᠠ ᠪᠣᠯᠵᠤ᠂ 1954 ᠣᠨ ᠳᠤ ᠬᠥᠯᠦᠨ ᠪᠤᠢᠷ ᠤᠨ ᠴᠡᠷᠢᠭ ᠦᠨ ᠬᠤᠪᠢᠶᠠᠷᠢ ᠲᠣᠭᠤᠷᠢᠭ ᠤᠨ ᠰᠧᠯᠢᠩᠶᠤᠸᠠᠨ ᠪᠣᠯᠵᠤ᠂ 1955 ᠣᠨ ᠳᠤ ᠳᠡᠭᠡᠳᠦ ᠬᠤᠷᠠᠩᠳᠠ ᠶᠢᠨ ᠴᠡᠷᠢᠭ ᠦᠨ ᠴᠣᠯᠠ ᠣᠯᠵᠠᠢ᠃ 1957 ᠣᠨ ᠳᠤ ᠪᠠᠶᠠᠨᠨᠠᠭᠤᠷ ᠤᠨ ᠴᠡᠷᠢᠭ ᠦᠨ ᠬᠤᠪᠢᠶᠠᠷᠢ ᠲᠣᠭᠤᠷᠢᠭ ᠤᠨ ᠰᠧᠯᠢᠩᠶᠤᠸᠠᠨ ᠤ ᠲᠤᠰᠢᠶᠠᠯ ᠢ ᠬᠠᠷᠢᠭᠤᠴᠠᠭᠰᠠᠨ ᠶᠤᠮ᠃ 1960 ᠣᠨ ᠤ 5 ᠰᠠᠷ᠎ᠠ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠴᠡᠷᠢᠭ ᠲᠡᠢᠨ ᠦ ᠳᠡᠭᠡᠳᠦ ᠰᠤᠷᠭᠠᠭᠤᠯᠢ ᠳᠤ ᠰᠤᠷᠤᠯᠴᠠᠵᠤ 1964 ᠣᠨ ᠳᠤ ᠶᠡᠬᠡ ᠬᠤᠷᠠᠩᠳᠠ ᠶᠢᠨ ᠴᠡᠷᠢᠭ ᠦᠨ ᠴᠣᠯᠠ ᠳᠤ ᠳᠠᠪᠰᠢᠵᠠᠢ᠃ ᠴᠦᠨ ᠱᠢ ᠢᠦᠢ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠤᠷᠪᠠᠳᠤᠭᠠᠷ ᠲᠠᠰ᠂ ᠤᠨ ᠴᠢᠯᠦᠭᠡᠯᠡᠯᠲᠡ ᠶᠢᠨ ᠣᠳᠤᠨ ᠮᠢᠲᠠᠯ ᠪᠣᠯᠤᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦ᠋ᠨ ᠢᠯᠠᠯᠲᠠ ᠶᠢᠨ ᠭᠠᠪᠢᠶᠠᠨ ᠤ ᠢᠷᠠᠭᠤ ᠠᠯᠳᠠᠷᠲᠤ ᠮᠧᠳᠠᠯ ᠠᠴᠠ ᠭᠠᠷᠳᠠᠵᠠᠢ᠃᠂ 1980 ᠣᠨ ᠳᠤ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠰᠧᠯᠢᠩᠪᠦ᠋ ᠶᠢᠨ ᠵᠥᠪᠯᠡᠭᠴᠢ᠂ ᠬᠣᠵᠢᠮ ᠨᠢ ᠳᠡᠳ᠋ ᠠᠷᠮᠢ ᠶᠢᠨ ᠲᠠᠰ ᠤᠨ ᠬᠠᠷᠠᠮᠵᠢ ᠪᠠᠷ ᠠᠵᠢᠯ ᠤᠨ ᠠᠮᠠᠷᠠᠯᠲᠠ ᠪᠠᠨ ᠠᠪᠴᠤ᠂ 1994 ᠣᠨ ᠳᠤ 77 ᠨᠠᠰᠤᠨ ᠳ᠋ᠠᠭᠠᠨ ᠬᠥᠬᠡᠬᠣᠲᠠᠨ᠎ᠠ ᠨᠠᠰᠤᠨ ᠨᠥᠭᠴᠢᠵᠡᠢ᠃